ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠤᠭᠤᠯᠠᠨ ᠭᠡᠷ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2024/3/12
      ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ ᠴᠢᠩᠭ᠎ᠠ ᠡᠵᠡᠮᠳᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠭᠤᠣᠯᠳᠠᠯᠭ᠎ᠠ ᠲᠠᠢ ᠴᠠᠭ ᠢ ᠴᠢᠩᠭ᠎ᠠ ᠠᠩᠬᠠᠷᠴᠤ᠂ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢᠨ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠵᠦᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃
     ᠲᠤᠰ ᠤᠳᠠᠭᠠᠨ ᠤ ᠲᠤᠰᠬᠠᠢ ᠪᠠᠶᠢᠴᠠᠭᠠᠯᠲᠠ ᠨᠢ ᠬᠠᠷᠢᠶ᠎ᠠ ᠣᠷᠣᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠵᠢᠴᠢ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠪᠠᠷ ᠭᠤᠣᠯᠳᠠᠯᠭ᠎ᠠ ᠪᠣᠯᠭᠠᠵᠤ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ︽ᠡᠳᠦᠷ ᠢᠶᠠᠷ ᠬᠠᠮᠢᠶᠠᠷᠤᠨ ᠡᠵᠡᠮᠳᠡᠵᠦ᠂ ᠭᠠᠷᠠᠭ ᠢᠶᠠᠷ ᠵᠢᠭᠰᠠᠭᠠᠨ ᠪᠠᠶᠢᠴᠠᠭᠠᠵᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠲᠥᠬᠦᠭᠡᠷᠦᠮᠵᠢ ᠪᠡᠯᠡᠳᠬᠡᠮᠵᠢ᠂ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ᠂ ᠢᠳᠡᠭᠡᠨ ᠤ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠬᠤᠳᠠᠯᠳᠤᠨ ᠠᠪᠬᠤ ᠵᠢᠴᠢ ᠬᠠᠳᠠᠭᠠᠯᠠᠵᠤ ᠬᠡᠷᠡᠭᠯᠡᠬᠦ᠂ ᠭᠡᠷᠡᠴᠢ ᠪᠠᠷᠢᠮᠲᠠ ᠠᠪᠬᠤ᠂ ᠡᠳ᠋ᠰᠢᠭᠦᠯᠦᠨ ᠪᠣᠯᠪᠠᠰᠤᠷᠠᠭᠤᠯᠬᠤ ᠶᠠᠪᠤᠴᠠ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠲᠠᠯ᠎ᠠ ᠪᠠᠷ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠨ᠎ᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠴᠤ᠂ ᠵᠠᠷᠯᠢᠭᠳᠠᠵᠤ ᠪᠠᠶᠢᠭᠠᠳ ᠲᠡᠷᠡ ᠳᠠᠷᠤᠢ  ᠳᠤᠨᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ︽ᠡᠷᠭᠢᠵᠦ ᠦᠵᠡᠬᠦ︾ ᠠᠵᠢᠯ ᠢ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠪᠠ᠃      ᠲᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠠᠵᠢᠯ ᠤᠨ ᠲᠥᠰᠥᠯ︾ ᠢ ᠦᠨᠳᠦᠰᠦᠯᠡᠨ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠣᠪᠣᠶᠢᠮ᠎ᠠ ᠠᠰᠠᠭᠤᠳᠠᠯ᠂ ᠪᠠᠭᠤᠷᠠᠢ ᠭᠤᠭᠴᠤᠭ᠎ᠠ ᠪᠠ ᠠᠶᠤᠯ ᠲᠦᠭᠰᠢᠭᠦᠷᠢ ᠶᠢᠨ ᠳᠠᠯᠳᠠ ᠬᠡᠮ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠡᠷᠡᠭ ᠡᠭᠦᠰᠬᠦ ᠶᠢ ᠬᠤᠷᠢᠭᠯᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号