ᠥᠪᠥᠷ ᠮᠣᠩᠭᠤᠯ ᠤᠨ ᠴᠧᠨ ᠳ᠋ᠡ ᠺᠢᠨᠣ᠋ ᠲᠧᠯᠸᠢᠰ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠲᠠᠲᠠᠭᠰᠠᠨ ᠰᠡᠵᠢᠭᠯᠡᠯᠲᠡᠢ ᠬᠡᠷᠡᠭ ᠤᠨ ᠰᠦᠪᠡᠭᠴᠢ ᠴᠤᠭᠯᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/12
      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶ᠎ᠠ ᠶᠢᠨ ᠳᠡᠩᠨᠡᠨ ᠪᠠᠶᠢᠴᠠᠭᠠᠵᠤ ᠰᠢᠢᠳᠪᠦᠷᠢᠯᠡᠭᠰᠡᠨ ᠥᠪᠥᠷ ᠮᠣᠩᠭᠤᠯ ᠤᠨ ᠴᠧᠨ ᠳ᠋ᠡ ᠺᠢᠨᠣ᠋ ᠲᠧᠯᠸᠢᠰ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠲᠠᠲᠠᠭᠰᠠᠨ ᠰᠡᠵᠢᠭᠯᠡᠯᠲᠡᠢ ᠬᠡᠷᠡᠭ ᠢ ᠨᠢᠭᠡᠨᠲᠡ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠪᠠ᠂ ᠲᠣᠰ ᠬᠡᠷᠡᠭ ᠤᠨ ᠶᠠᠯ᠎ᠠ ᠬᠢᠭᠰᠡᠨ ᠪᠣᠳᠠᠲᠤ ᠶᠠᠪᠤᠳᠠᠯ ᠢ ᠤᠯᠠᠮ ᠨᠢᠭᠡ ᠠᠯᠬᠤᠮ ᠪᠠᠶᠢᠴᠠᠭᠠᠨ ᠲᠣᠳᠣᠯᠠᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠬᠦ ᠶᠢᠨ ᠲᠥᠯᠥᠭᠡ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠲᠣᠰ ᠬᠡᠷᠡᠭ ᠤᠨ ᠬᠤᠯᠪᠣᠭᠳᠠᠯ ᠪᠦᠬᠦᠢ ᠵᠦᠢᠯᠡᠰ ᠢ ᠡᠳᠦᠭᠡ ᠳᠣᠣᠷᠠᠬᠢ ᠮᠡᠲᠦ ᠵᠠᠷᠯᠠᠶ᠎ᠠ᠄      ᠥᠪᠥᠷ ᠮᠣᠩᠭᠤᠯ ᠤᠨ ᠴᠧᠨ ᠳ᠋ᠡ ᠺᠢᠨᠣ᠋ ᠲᠧᠯᠸᠢᠰ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠳᠤ ᠺᠢᠨᠣ᠋ ᠶᠢᠨ ᠪᠡᠯᠡ ᠣᠷᠣᠭᠤᠯᠤᠯᠲᠠ ᠳᠤ ᠣᠷᠣᠯᠴᠠᠭᠰᠠᠨ ᠬᠥᠮᠥᠨ ᠪᠦᠬᠦᠨ᠂ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 3 ᠰᠠᠷ᠎ᠠ ᠶᠢᠨ 30 ᠤ ᠡᠳᠦᠷ ᠪᠣᠯᠲᠠᠯ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶ᠎ᠠ ᠶᠢᠨ ᠠᠵᠤ ᠠᠬᠤᠢ ᠶᠢᠨ ᠲᠤᠷᠰᠢᠨ ᠪᠠᠶᠢᠴᠠᠭᠠᠬᠤ ᠶᠡᠭᠡ ᠠᠩᠭᠢ ᠳᠤ ᠬᠦᠷᠴᠦ ᠬᠡᠷᠡᠭ ᠮᠡᠳᠡᠭᠦᠯᠬᠦ ᠶᠢᠨ ᠬᠠᠮᠲᠤ ᠪᠠᠶᠢᠴᠠᠭᠠᠯᠲᠠ ᠳᠤ ᠬᠠᠮᠵᠢᠯᠴᠠᠨ᠎ᠠ᠃ ᠥᠪᠥᠷ ᠮᠣᠩᠭᠤᠯ ᠤᠨ ᠴᠧᠨ ᠳ᠋ᠡ ᠺᠢᠨᠣ᠋ ᠲᠧᠯᠸᠢᠰ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠤᠤᠯ ᠤᠨ ᠬᠠᠮᠢᠶ᠎ᠠ ᠪᠦᠬᠦᠢ ᠠᠵᠢᠯᠲᠠᠨ ᠲᠡᠷᠡ ᠳᠠᠷᠤᠢ ᠳᠤᠨᠢ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶ᠎ᠠ ᠶᠢᠨ ᠠᠵᠤ ᠠᠬᠤᠢ ᠶᠢᠨ ᠲᠤᠷᠰᠢᠨ ᠪᠠᠶᠢᠴᠠᠭᠠᠬᠤ ᠶᠡᠭᠡ ᠠᠩᠭᠢ ᠳᠤ ᠬᠦᠷᠴᠦ ᠠᠰᠠᠭᠤᠳᠠᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠲᠣᠳᠣᠷᠬᠠᠶᠢᠯᠠᠨ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠢᠳᠡᠪᠬᠢᠲᠡᠢ ᠪᠠᠷ ᠪᠤᠴᠠᠭᠠᠨ ᠥᠭᠴᠦ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ  ᠨᠢ ᠪᠤᠴᠠᠭᠠᠨ ᠲᠤᠰᠢᠶᠠᠬᠤ ᠶᠢ ᠲᠡᠪᠴᠢᠭᠰᠡᠨ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠴᠠᠭᠠᠯᠲᠠ ᠳᠤ ᠬᠠᠮᠵᠢᠯᠴᠠᠬᠤ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠳᠬᠡᠨ᠎ᠡ᠃      ᠬᠡᠷᠡᠭ ᠰᠢᠳᠬᠡᠭᠰᠡᠨ ᠠᠷᠠᠳ ᠤᠨ ᠴᠠᠭᠳᠠᠭ᠎ᠠ᠄ ᠵᠠᠩ ᠴᠠᠭᠳᠠᠭ᠎ᠠ᠂ ᠶᠠᠩ ᠴᠠᠭᠳᠠᠭ᠎ᠠ      ᠬᠠᠷᠢᠯᠴᠠᠬᠤ ᠤᠲᠠᠰᠤ᠄ 0471-3489110᠂ 19997619285      ᠠᠵᠢᠯᠯᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠱᠢ ᠶᠠᠩ ᠴᠢᠶᠣᠤ ᠵᠠᠮ ᠤᠨ ᠵᠦᠩᠱᠠᠨ ᠪᠠᠷᠠᠭᠤᠨ ᠵᠠᠮ ᠤᠨ ᠲᠣᠮᠢᠯᠠᠭᠰᠠᠨ ᠰᠠᠯᠪᠤᠷᠢ ᠶᠢᠨ ᠲᠠᠪᠤᠳᠤᠭᠠᠷ ᠳᠠᠪᠬᠤᠷᠯᠢᠭ ᠤᠨ 506                              ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                              ᠬᠤᠲᠣᠩ ᠠᠷᠠᠳ ᠤᠨ ᠬᠤᠪᠢᠶᠠᠷᠢ ᠲᠣᠭᠤᠷᠢᠭ ᠤᠨ ᠲᠣᠪᠴᠢᠶ᠎ᠠ                                   2024 ᠣᠨ ᠤ 3 ᠰᠠᠷ᠎ᠠ ᠶᠢᠨ 11 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号