︵ᠰᠤᠷᠪᠤᠯᠵᠢᠯᠠᠭᠴᠢ ᠴᠢ ᠰᠢᠶᠣᠣ ᠶᠠᠨ︶ ᠡᠨᠡ ᠵᠢᠯ ᠠᠴᠠ ᠨᠠᠭᠠᠰᠢ᠂ ᠮᠠᠨ ᠤ ᠬᠤᠲᠠ ᠶᠢᠨ ᠡᠵᠡᠩᠨᠡᠯᠲᠡ ᠶᠢᠨ | ᠭᠤᠣᠯ ᠴᠣᠭᠴᠠ ᠶᠢᠨ ᠪᠠᠶᠢᠭᠤᠯᠵᠤ ᠳᠠᠩᠰᠠᠯᠠᠬᠤ ᠲᠤᠬᠠᠶᠢᠯᠠᠭᠰᠠᠨ ᠠᠵᠢᠯ ᠴᠡᠴᠡᠭᠯᠡᠨ ᠬᠥᠭᠵᠢᠭᠰᠡᠨ ᠪᠠᠶᠢᠳᠠᠯ ᠲᠠᠢ | ᠪᠣᠯᠪᠠ᠃ 3 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ ᠮᠠᠨ ᠤ ᠬᠤᠲᠠ ᠶᠢᠨ ᠡᠵᠡᠩᠨᠡᠯᠲᠡ ᠶᠢᠨ ᠭᠤᠣᠯ ᠴᠣᠭᠴᠠ | 40 ᠲᠦᠮᠡ ᠶᠢ ᠳᠠᠪᠠᠵᠤ᠂ ᠡᠭᠦᠨ ᠳᠤ ᠠᠵᠤ ᠠᠬᠤᠶᠢᠯᠠᠯ 140762᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ 254536᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ 4735 ᠪᠠᠶᠢᠵᠤ᠂ ᠲᠣᠰ ᠲᠣᠰ | ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 35.19%᠂ 63.63%᠂ 1.18% ᠶᠢ | ᠡᠵᠡᠯᠡᠪᠡ᠃ | ᠠᠵᠤ ᠦᠢᠯᠡᠰ ᠤᠨ ᠪᠦᠲᠦᠴᠡ ᠠᠴᠠ ᠦᠵᠡᠪᠡᠯ᠂ ᠮᠠᠨ ᠤ ᠬᠤᠲᠠ ᠶᠢᠨ ᠪᠣᠳᠠᠲᠠᠢ ᠪᠠᠶᠢᠭ᠎ᠠ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠨᠢ ᠲᠣᠰ ᠲᠣᠰ 13488᠂ | 42643᠂ 343902 ᠪᠠᠶᠢᠵᠤ᠂ ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 3. | 37%᠂ 10.66%᠂ 85.97% ᠶᠢ ᠡᠵᠡᠯᠡᠵᠦ ᠪᠣᠶ᠃ 2019 ᠣᠨ ᠤ ᠡᠴᠦᠰ ᠤᠨ ᠬᠢ ᠲᠠᠢ ᠬᠠᠷᠢᠴᠠᠭᠤᠯᠪᠠᠯ᠂ | ᠨᠢᠭᠡᠳᠦᠭᠡᠷ᠂ ᠬᠤᠶᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠲᠣᠰ ᠲᠣᠰ 0.22᠂ 2.78 ᠵᠠᠭᠤᠨ ᠤ ᠨᠢᠭᠡᠴᠢ | ᠳᠡᠭᠡᠭᠰᠢᠯᠡᠵᠡᠢ᠃ ᠠᠵᠢᠯ ᠲᠥᠷᠥᠯ ᠤᠨ ᠲᠠᠷᠬᠠᠯᠲᠠ ᠠᠴᠠ ᠦᠵᠡᠪᠡᠯ᠂ ᠡᠵᠡᠩᠨᠡᠯᠲᠡ ᠶᠢᠨ ᠭᠤᠣᠯ ᠴᠣᠭᠴᠠ ᠶᠢᠨ ᠡᠮᠦᠨ᠎ᠡ | ᠲᠠᠪᠤ ᠳᠤ ᠵᠢᠭᠰᠠᠭᠠᠭᠳᠠᠭᠰᠠᠨ ᠠᠵᠢᠯ ᠲᠥᠷᠥᠯ ᠨᠢ ᠲᠣᠰ ᠲᠣᠰ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ︾ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾ ︽ᠰᠠᠭᠤᠭᠠᠯᠢ ᠠᠷᠠᠳ ᠤᠨ | ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾ ︽ᠲᠦᠷᠢᠶᠡᠰᠦᠯᠡᠯ ᠪᠠ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾ ︽ᠦᠢᠯᠡᠳᠬᠦ ᠦᠢᠯᠡᠰ︾ ᠪᠠᠶᠢᠵᠤ᠂ ᠡᠵᠡᠯᠡᠬᠦ ᠬᠠᠷᠢᠴᠠᠯ | ᠨᠢ ᠲᠣᠰ ᠲᠣᠰ 44.31%᠂ 10.74%᠂ 8.27%᠂ 6.84%᠂ 5.79% ᠪᠣᠯᠣᠨ᠎ᠠ᠃ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠤᠭ᠎ᠠ 40 ᠲᠦᠮᠡ ᠶᠢᠨ ᠰᠢᠨ᠎ᠡ ᠳᠡᠭᠲᠡᠷ ᠲᠤ | ᠭᠠᠷᠤᠭᠰᠠᠨ ᠨᠢ ᠮᠠᠨ ᠤ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ | ᠰᠢᠯᠢᠳᠡᠭᠵᠢᠭᠰᠡᠨ ᠤ ᠦᠨᠡᠨ ᠪᠣᠳᠠᠲᠠᠢ ᠵᠢᠷᠤᠭᠯᠠᠯ ᠪᠣᠯᠣᠨ᠎ᠠ᠂ ᠮᠥᠨᠴᠦ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠲᠠᠰᠤᠷᠠᠯᠳᠡ ᠦᠭᠡᠢ ᠳᠣᠲᠣᠭᠠᠳᠤ ᠬᠥᠳᠡᠯᠭᠡᠬᠦ ᠬᠦᠴᠦᠨ ᠬᠠᠩᠭᠠᠵᠠᠢ᠃ | ᠣᠳᠣᠬᠠᠨ ᠳᠤ᠂ ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠨᠢᠭᠡᠨᠲᠡ ᠮᠠᠨ ᠤ ᠬᠤᠲᠠ ᠶᠢᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠯᠡᠬᠦ ᠬᠠᠷᠢᠴᠠᠯ ᠢᠶᠠᠷ ᠬᠠᠮᠤᠭ ᠤᠨ ᠶᠡᠭᠡ ᠪᠦᠷᠢᠯᠳᠦᠭᠦᠨ | ᠬᠡᠰᠡᠭ ᠪᠣᠯᠵᠤ᠂ ᠣᠲᠣ ᠪᠣᠯᠲᠠᠯ᠎ᠠ᠂ ᠮᠠᠨ ᠤ ᠬᠤᠲᠠ ᠶᠢᠨ ᠪᠣᠳᠠᠲᠠᠢ ᠪᠠᠶᠢᠭ᠎ᠠ ᠠᠷᠠᠳ ᠤᠨ ᠡᠵᠡᠩᠨᠡᠯᠲᠡ ᠶᠢᠨ ᠭᠤᠣᠯ | ᠴᠣᠭᠴᠠ 386315 ᠪᠠᠶᠢᠵᠤ᠂ ᠳᠠᠩᠰᠠᠯᠠᠭᠤᠯᠤᠭᠰᠠᠨ ᠬᠥᠷᠥᠩᠭᠡ ︵ᠮᠥᠩᠭᠦ︶ 0.99 ᠲᠦᠮᠡᠨ ᠳ᠋ᠦᠩᠰᠢᠭᠤᠷ | ᠲᠥᠭᠦᠷᠢᠭ ᠬᠦᠷᠴᠦ᠂ ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 96.57%᠂ | 51.56% ᠶᠢ ᠡᠵᠡᠯᠡᠵᠦ᠂ ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠦᠬᠡ ᠶᠢᠨ ᠲᠤᠭ᠎ᠠ ᠶᠢᠨ ᠡᠵᠡᠯᠡᠬᠦ | ᠬᠠᠷᠢᠴᠠᠯ 2019 ᠣᠨ ᠤ ᠡᠴᠦᠰ ᠤᠨ ᠬᠢ ᠠᠴᠠ 0.13 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ᠂ | ᠪᠣᠳᠠᠲᠠᠢ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 127044 ᠪᠠᠶᠢᠵᠤ᠂ ᠳᠠᠩᠰᠠᠯᠠᠭᠤᠯᠤᠭᠰᠠᠨ | ᠬᠥᠷᠥᠩᠭᠡ ︵ᠮᠥᠩᠭᠦ︶ 0.89 ᠲᠦᠮᠡᠨ ᠳ᠋ᠦᠩᠰᠢᠭᠤᠷ ᠲᠥᠭᠦᠷᠢᠭ ᠬᠦᠷᠴᠦ᠂ ᠲᠣᠰ ᠲᠣᠰ ᠠᠵᠤ ᠠᠬᠤᠶᠢᠯᠠᠯ ᠤᠨ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 90.25%᠂ 47.40% ᠶᠢ | ᠡᠵᠡᠯᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠦᠬᠦ᠋ᠢᠯᠡ ᠠᠷᠠᠳ ᠤᠨ ᠡᠵᠡᠩᠨᠡᠯᠲᠡ ᠶᠢᠨ ᠭᠤᠣᠯ | ᠴᠣᠭᠴᠠ ᠳᠠᠬᠢ ᠬᠤᠪᠢ ᠶᠢᠨ ᠵᠢᠩ ᠵᠢᠯ ᠳᠠᠷᠠᠭᠠᠯᠠᠨ ᠳᠡᠭᠡᠭᠰᠢᠯᠡᠵᠦ᠂ 2019 ᠣᠨ ᠳᠤ 29.58% | ᠪᠠᠶᠢᠭᠰᠠᠨ ᠠᠴᠠ 32.89% ᠪᠣᠯᠣᠨ ᠨᠡᠮᠡᠭᠳᠡᠵᠦ᠂ 3.31 ᠵᠠᠭᠤᠨ ᠤ ᠨᠢᠭᠡᠴᠢ ᠳᠡᠭᠡᠭᠰᠢᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠡᠪᠴᠢᠶ᠎ᠡ ᠪᠣᠯᠣᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠡᠢ᠃ | | |