ᠤᠰᠤ ᠶᠢ ᠭᠡᠷ ᠲᠤᠨᠢ ᠬᠦᠷᠭᠡᠵᠦ ᠠᠷᠠᠳ ᠤᠨ ᠵᠣᠪᠠᠨᠢᠯ ᠢ ᠠᠷᠢᠯᠭᠠᠵᠤ᠂ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/3/13
      ᠣᠶᠢᠷ᠎ᠠ ᠳᠤ᠂ ᠤᠰᠤ ᠬᠠᠩᠭᠠᠬᠤ ᠬᠤᠭᠤᠯᠠᠢ ᠭᠡᠨᠡᠳᠲᠡ ᠬᠠᠭᠠᠷᠠᠭᠰᠠᠨ ᠠᠴᠠ ᠪᠣᠯᠵᠤ᠂ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠬᠡᠰᠡᠭ ᠭᠠᠵᠠᠷ ᠣᠷᠣᠨ ᠳᠤ ᠤᠰᠤᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠳᠠᠯ ᠭᠠᠷᠴᠤ᠂ ᠬᠤᠲᠣᠩ ᠠᠷᠠᠳ ᠤᠨ ᠲᠣᠭᠤᠷᠢᠭ ᠤᠨ ᠡᠯ᠎ᠡ ᠨᠡᠶᠢᠭᠡᠮ ᠲᠣᠭᠤᠷᠢᠭ ᠤᠨ ᠬᠢᠨ ᠢᠳᠡᠪᠬᠢᠲᠡᠢ ᠪᠠᠷ ᠵᠣᠯᠭᠠᠭᠤᠯᠵᠤ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠡᠢ᠃      ᠬᠤᠯᠪᠣᠭᠳᠠᠯ ᠪᠦᠬᠦᠢ ᠨᠡᠶᠢᠭᠡᠮ ᠲᠣᠭᠤᠷᠢᠭ ᠤᠨ ᠬᠢᠨ ᠲᠡᠷᠡ ᠳᠠᠷᠤᠢ ᠳᠤᠨᠢ ᠸᠢᠴᠠᠲ ᠤᠨ ᠪᠦᠯᠦᠭᠯᠡᠯ ᠳᠤ ᠤᠰᠤ ᠵᠣᠭᠰᠣᠬᠤ ᠮᠡᠳᠡᠭᠳᠡᠯ ᠨᠡᠶᠢᠲᠡᠯᠡᠵᠦ᠂ ᠤᠰᠤ ᠵᠣᠭᠰᠣᠭᠰᠠᠨ ᠰᠢᠯᠲᠠᠭᠠᠨ ᠢ ᠮᠡᠳᠡᠭᠳᠡᠵᠦ᠂ ᠰᠠᠭᠤᠭᠠᠯᠢ ᠠᠷᠠᠳ ᠤᠨ ᠲᠠᠶᠢᠯᠪᠤᠷᠢᠯᠠᠬᠤ ᠠᠵᠢᠯ ᠪᠣᠯᠣᠨ ᠤᠷᠮ᠎ᠠ ᠰᠡᠳᠬᠢᠯᠭᠡ ᠶᠢ ᠲᠠᠶᠢᠳᠬᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠡᠨᠡᠳᠲᠡ ᠡᠭᠦᠰᠦᠭᠰᠡᠨ ᠤᠰᠤ ᠵᠣᠭᠰᠣᠬᠤ ᠠᠰᠠᠭᠤᠳᠠᠯ ᠨᠢ ᠰᠠᠭᠤᠭᠠᠯᠢ ᠠᠷᠠᠳ ᠤᠨ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠵᠤ᠂ ᠨᠡᠶᠢᠭᠡᠮ ᠲᠣᠭᠤᠷᠢᠭ ᠤᠨ ᠠᠵᠢᠯᠲᠠᠨ᠂ ᠲᠣᠣᠷᠵᠢᠯ ᠤᠨ ᠠᠵᠢᠯᠳᠠᠨ ᠳᠠᠷᠤᠶᠢᠬᠠᠨ ᠬᠠᠷᠢᠶ᠎ᠠ ᠣᠷᠣᠨ ᠤ ᠳᠣᠲᠣᠷᠠᠬᠢ ᠤᠰᠤ ᠵᠣᠭᠰᠣᠬᠤ ᠬᠤᠷᠢᠶᠠᠯᠠᠯ ᠤᠨ ᠦᠨᠳᠦᠰᠦᠨ ᠪᠠᠶᠢᠳᠠᠯ ᠢ ᠪᠦᠷᠢᠳᠬᠡᠬᠦ ᠶᠢᠨ ᠬᠠᠮᠲᠤ᠂ ᠤᠰᠤ ᠬᠠᠩᠭᠠᠬᠤ ᠺᠣᠮᠫᠠᠨᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠬᠦᠷᠭᠡᠬᠦ ᠲᠡᠷᠭᠡ ᠬᠥᠰᠬᠡ ᠶᠢ ᠪᠡᠯᠡᠳᠬᠡᠬᠦ ᠲᠠᠢ ᠢᠳᠡᠪᠬᠢᠲᠡᠢ ᠪᠠᠷ ᠵᠣᠯᠭᠠᠭᠤᠯᠪᠠ᠃
     ︽ᠴᠠᠭ ᠤᠨ ᠪᠣᠷᠣᠭᠠᠨ︾ ᠢ ᠳᠦᠭᠦᠷᠲᠡᠯ᠎ᠡ ᠲᠡᠭᠡᠭᠡᠭᠰᠡᠨ ᠠᠩᠬᠠᠳᠠᠭᠴᠢ ᠪᠠᠴᠢᠮ ᠪᠠᠶᠢᠳᠠᠯ ᠢ ᠠᠷᠭᠠᠴᠠᠬᠤ ᠤᠰᠤ ᠬᠦᠷᠭᠡᠬᠦ ᠲᠡᠷᠭᠡ ᠶᠠᠨᠱᠠ ᠮᠧᠢ ᠭᠦᠢ ᠶᠤᠸᠠᠨ ᠬᠤᠷᠢᠶᠠᠯᠠᠯ ᠳᠤ ᠣᠷᠣᠬᠤ ᠳᠤ᠂ ᠤᠰᠤ ᠬᠡᠷᠡᠭᠯᠡᠬᠦ ᠪᠠᠷ ᠬᠦᠯᠢᠶᠡᠵᠦ ᠪᠠᠶᠢᠭᠰᠠᠨ ᠰᠠᠭᠤᠭᠠᠯᠢ ᠠᠷᠠᠳ ᠪᠡᠯᠡᠳᠬᠡᠭᠰᠡᠨ ᠰᠠᠭᠤᠯᠠᠭ᠎ᠠ ᠪᠠᠨ ᠠᠪᠴᠤ ᠡᠮᠬᠢ ᠵᠢᠷᠤᠮ ᠲᠠᠢ ᠪᠠᠷ ᠤᠷᠳᠤ ᠮᠥᠷᠯᠡᠨ ᠵᠢᠭᠰᠠᠪᠠ᠃ ᠨᠡᠶᠢᠭᠡᠮ ᠲᠣᠭᠤᠷᠢᠭ ᠤᠨ ᠠᠵᠢᠯᠲᠠᠨ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ᠂ ᠠᠰᠠᠷ ᠤᠨ ᠳᠠᠷᠤᠭ᠎ᠠ᠂ ᠲᠣᠣᠷᠵᠢᠯ ᠤᠨ ᠠᠵᠢᠯᠳᠠᠨ ᠨᠢᠭᠡ ᠲᠠᠯ᠎ᠠ ᠪᠠᠷ ᠡᠮᠬᠢ ᠳᠢᠭᠯᠢᠮ ᠢ ᠬᠠᠮᠠᠭᠠᠯᠠᠵᠤ᠂ ᠨᠥᠭᠦᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠰᠠᠭᠤᠭᠠᠯᠢ ᠠᠷᠠᠳ ᠲᠤ ᠤᠰᠤ ᠲᠤᠰᠴᠤ᠂ ᠤᠰᠤ ᠳᠡᠭᠦᠵᠢᠯᠡᠵᠦ ᠪᠠᠶᠢᠨ᠎ᠠ᠃ ︽ᠡᠨᠡ ᠤᠰᠤ ᠶᠢ ᠳᠠᠩᠴᠤ ᠴᠠᠭ ᠲᠠᠭᠠᠨ ᠬᠦᠷᠭᠡᠴᠢᠬᠡᠯ᠎ᠡ︕︾ ᠭᠡᠵᠦ ᠬᠥᠮᠥᠰ ᠤᠨ ᠳᠤᠮᠳᠠ ᠠᠴᠠ ᠡᠶᠢᠮᠦᠷᠬᠦᠦ ᠮᠠᠭᠲᠠᠭᠠᠯ ᠰᠠᠶᠢᠰᠢᠶᠠᠯ ᠢ ᠪᠠᠶᠢᠨ ᠪᠠᠶᠢᠨ ᠣᠯᠵᠤ ᠪᠠᠶᠢᠯ᠎ᠠ᠃       ᠬᠤᠷᠢᠶᠠᠯᠠᠯ ᠳᠤ ᠨᠠᠰᠤᠲᠠᠶᠢᠴᠤᠳ ᠤᠯᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭᠴᠦᠳ ᠤᠨ ᠭᠡᠷ ᠪᠦᠯᠢ ᠪᠠᠶᠢᠬᠤ ᠶᠢ ᠪᠣᠳᠣᠯᠬᠢᠯᠠ᠂ ᠬᠠᠶᠢᠰᠢ ᠵᠠᠮ ᠤᠨ ᠬᠡᠷᠡᠭ ᠡᠷᠬᠢᠯᠡᠬᠦ ᠭᠠᠵᠠᠷ ᠤᠨ ᠳᠠᠭᠠᠯᠳᠤᠭᠤᠯᠤᠯ ᠨᠡᠶᠢᠭᠡᠮ ᠲᠣᠭᠤᠷᠢᠭ ᠤᠨ ᠬᠢᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠵᠢᠴᠢ ᠲᠣᠣᠷᠵᠢᠯ ᠤᠨ ᠠᠵᠢᠯᠲᠠᠳ ᠲᠠᠢ ᠬᠠᠮᠲᠤᠷᠠᠵᠤ᠂ ᠬᠠᠷᠢᠶ᠎ᠠ ᠣᠷᠣᠨ ᠤ ᠬᠦᠴᠢᠷᠳᠡᠯᠲᠡᠢ ᠤᠯᠠᠨ ᠲᠦᠮᠡᠨ ᠳᠤ ᠤᠰᠤ ᠬᠦᠷᠭᠡᠵᠦ ᠥᠭᠬᠦ ᠶᠢ ᠪᠣᠳᠣᠯᠬᠢᠯᠠᠵᠠᠢ᠃ ︽ᠶᠡᠭᠡ ᠲᠠᠯᠠᠷᠬᠠᠵᠤ ᠪᠠᠶᠢᠨ᠎ᠠ᠂ ᠮᠢᠨᠤ ᠪᠡᠶ᠎ᠡ ᠮᠠᠭᠤ ᠪᠠᠶᠢᠨ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠳᠠ ᠶᠢ ᠬᠠᠪᠰᠤᠷᠴᠤ ᠤᠰᠤ ᠶᠢ ᠭᠡᠷ ᠲᠤ ᠬᠦᠷᠭᠡᠵᠦ ᠥᠭᠭᠦᠭᠰᠡᠨ ᠨᠢ ᠦᠨᠡᠬᠡᠷ ᠬᠠᠯᠠᠭᠤᠨ ᠳᠣᠲᠣᠨᠣ ᠶᠠᠪᠤᠳᠠᠯ ᠶᠤᠮ︾᠃ ᠨᠠᠰᠤᠲᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠭᠠᠷ ᠠᠴᠠ ᠠᠳᠬᠤᠨ ᠵᠠᠯᠭᠠᠭ᠎ᠠ ᠪᠠᠷ ᠲᠠᠯᠠᠷᠬᠠᠨ᠎ᠠ᠃
     3 ᠡᠳᠦᠷ ᠤᠨ ᠲᠤᠷᠰᠢ᠂ ᠨᠡᠶᠢᠭᠡᠮ ᠲᠣᠭᠤᠷᠢᠭ ᠤᠨ ᠠᠵᠢᠯᠲᠠᠳ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤᠰ ᠲᠤᠰ ᠤᠰᠤ ᠵᠣᠭᠰᠣᠭᠰᠠᠨ ᠣᠷᠣᠨ ᠳᠤ ᠶᠠᠪᠤᠵᠤ ᠰᠠᠭᠤᠬᠤ ᠳᠤ ᠳᠥᠭᠦᠮ ᠦᠭᠡᠢ ᠥᠨᠳᠥᠷ ᠨᠠᠰᠤᠲᠠᠨ ᠪᠣᠯᠣᠨ ᠵᠡᠮᠳᠡᠭᠴᠦᠳ ᠤᠨ ᠭᠡᠷ ᠲᠤ ᠬᠦᠷᠴᠦ᠂ ᠰᠠᠭᠤᠯᠠᠭ᠎ᠠ ᠤᠰᠤᠨ ᠤ ᠳᠡᠪᠦᠷ᠎ᠡ ᠪᠠᠨ ᠠᠪᠴᠤ ᠭᠡᠷ ᠠᠴᠠ ᠪᠠᠨ ᠭᠠᠷᠴᠤ᠂ ᠤᠰᠤ ᠶᠢ ᠨᠢ ᠲᠣᠰᠴᠤ ᠠᠪᠤᠭᠰᠠᠨ ᠤ ᠳᠠᠷᠠᠭ᠎ᠠ ᠭᠡᠷ ᠲᠤᠨᠢ ᠬᠦᠷᠭᠡᠵᠡᠢ᠃      3 ᠰᠠᠷ᠎ᠠ ᠶᠢᠨ 11 ᠤ ᠡᠳᠦᠷ ᠤᠨ ᠶᠢᠨ ᠾᠧ ᠤᠰᠤ ᠴᠡᠪᠡᠷᠰᠢᠭᠦᠯᠬᠦ ᠦᠢᠯᠡᠳᠪᠦᠷᠢ ᠶᠢᠨ ᠤᠰᠤ ᠣᠷᠣᠭᠤᠯᠬᠤ ᠬᠤᠭᠤᠯᠠᠢ ᠶᠢᠨ ᠳᠡᠯᠪᠡᠷᠡᠬᠦ ᠬᠤᠭᠤᠯᠠᠢ ᠶᠢ ᠵᠠᠪᠳᠤᠨ ᠵᠠᠰᠠᠬᠤ ᠠᠵᠢᠯ ᠳᠠᠭᠤᠰᠴᠤ᠂ ᠤᠰᠤᠨ ᠤ ᠬᠠᠭᠠᠯᠲᠠ ᠶᠢ ᠨᠡᠭᠡᠭᠡᠨ ᠤᠰᠤ ᠣᠷᠣᠭᠤᠯᠵᠤ ᠡᠬᠢᠯᠡᠪᠡ᠂ ᠵᠢᠱᠢᠯᠲᠡ ᠪᠠᠷ ᠨᠥᠯᠥᠭᠡᠯᠡᠭᠳᠡᠭᠰᠡᠨ ᠰᠠᠭᠤᠭᠠᠯᠢ ᠠᠷᠠᠳ ᠤᠨ ᠲᠣᠭᠤᠷᠢᠭ ᠤᠨ ᠬᠢᠨ 11 ᠤ ᠡᠳᠦᠷ ᠤᠨ ᠦᠳᠡ ᠶᠢᠨ ᠬᠤᠶᠢᠨ᠎ᠠ ᠵᠠᠯᠭᠠᠯᠳᠤᠭᠠᠪᠠᠷ ᠬᠡᠪ ᠤᠨ ᠤᠰᠤᠨ ᠤ ᠬᠠᠩᠭᠠᠯᠲᠠ ᠶᠢ ᠰᠡᠷᠭᠦᠭᠡᠵᠦ ᠪᠣᠯᠣᠨ᠎ᠠ᠃ ᠬᠤᠲᠣᠩ ᠠᠷᠠᠳ ᠤᠨ ᠲᠣᠭᠤᠷᠢᠭ ᠤᠨ ᠡᠯ᠎ᠡ ᠨᠡᠶᠢᠭᠡᠮ ᠲᠣᠭᠤᠷᠢᠭ ᠤᠨ ᠬᠢᠨ ᠲᠦᠭᠡᠭᠡᠯ ᠤᠰᠤ ᠶᠢ ᠬᠡᠪ ᠤᠨ ᠪᠠᠶᠢᠳᠠᠯ ᠳᠤᠨᠢ ᠣᠷᠣᠭᠤᠯᠬᠤ ᠬᠦᠷᠲᠡᠯ᠎ᠡ ᠤᠰᠤ ᠬᠦᠷᠭᠡᠬᠦ ᠠᠵᠢᠯ ᠢ ᠵᠣᠬᠢᠶᠠᠨ ᠪᠠᠶᠢᠭᠤᠯᠪᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号