ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠲᠣᠩ ᠠᠷᠠᠳ ᠤᠨ ᠲᠣᠭᠤᠷᠢᠭ ᠢ ᠲᠣᠭᠤᠷᠢᠨ ᠪᠠᠶᠢᠴᠠᠭᠠᠵᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/13
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 3 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠲᠣᠩ ᠠᠷᠠᠳ ᠤᠨ ᠲᠣᠭᠤᠷᠢᠭ ᠢ ᠲᠣᠭᠤᠷᠢᠨ ᠪᠠᠶᠢᠴᠠᠭᠠᠵᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠨ ᠵᠢᠶᠠᠨ ᠵᠢᠶᠦ᠋ᠨ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠢ ᠳ᠋ᠦᠩ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠣᠣ ᠶᠠᠨ ᠷᠦ᠋ ᠣᠪᠣᠷ ᠢᠶᠠᠨ ᠢᠯᠡᠳᠬᠡᠪᠡ᠃      ᠯᠢᠨ ᠵᠢᠶᠠᠨ ᠵᠢᠶᠦ᠋ᠨ ᠴᠢᠬᠤᠯᠠᠴᠢᠯᠠᠭᠰᠠᠨ ᠨᠢ᠂ ᠬᠤᠰᠢᠭᠤ ᠰᠢᠶᠠᠨ ︵ᠬᠤᠲᠠ᠂ ᠲᠣᠭᠤᠷᠢᠭ︶ ᠪᠣᠯ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠤᠣᠯ ᠵᠢᠭᠰᠠᠭᠠᠯ ᠤᠨ ᠭᠠᠵᠠᠷ᠂ ᠭᠤᠣᠯ ᠠᠵᠢᠯ ᠤᠨ ᠲᠠᠯᠠᠪᠤᠷ ᠮᠥᠨ᠃ ᠬᠤᠲᠣᠩ ᠠᠷᠠᠳ ᠤᠨ ᠲᠣᠭᠤᠷᠢᠭ ᠲᠤ ᠲᠣᠭᠤᠷᠢᠨ ᠪᠠᠶᠢᠴᠠᠭᠠᠯᠲᠠ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ ᠶᠢᠨ ᠪᠣᠳᠠᠲᠠᠢ ᠢᠯᠡᠷᠡᠯ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠴᠢᠩᠭ᠎ᠠ ᠪᠠᠶᠢᠬᠤ ᠦᠨᠳᠦᠰᠦᠨ ᠬᠦᠭ ᠠᠶᠠᠰ ᠢ ᠪᠠᠷᠢᠮᠲᠠᠯᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠨ ᠪᠠᠶᠢᠴᠠᠭᠠᠯᠲᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃      ᠯᠢᠨ ᠵᠢᠶᠠᠨ ᠵᠢᠶᠦ᠋ᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠬᠢᠨᠠᠯᠲᠠ ᠲᠠᠯᠪᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠢᠷᠮᠠᠶᠢᠨ ᠡᠷᠢᠵᠦ ᠰᠢᠢᠳᠪᠦᠷᠢᠯᠡᠨ᠎ᠡ ᠭᠡᠵᠦ ᠢᠯᠡᠳᠬᠡᠪᠡ᠃ ᠬᠤᠲᠣᠩ ᠠᠷᠠᠳ ᠤᠨ ᠲᠣᠭᠤᠷᠢᠭ ᠤᠨ ᠨᠠᠮ ‍ᠤᠨ‌ᠬᠤᠷᠢᠶ᠎ᠠ ᠶᠢᠨ ᠬᠢᠨ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤᠪᠠᠷ ᠬᠠᠷᠢᠭᠤᠯᠬᠤ ᠣᠶᠢᠯᠠᠭᠠᠭᠳᠠᠬᠤᠨ ᠢᠶᠠᠷ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠪᠠᠨ ᠬᠠᠮᠲᠤᠪᠠᠷ ᠰᠠᠶᠢᠲᠤᠷ ᠪᠡᠶᠡᠯᠡᠭᠦᠯᠬᠦ ᠬᠡᠷᠡᠭᠲᠡᠢ᠃      ᠹᠠᠩ ᠢᠦᠢ ᠳ᠋ᠦᠩ ᠶᠠᠷᠢᠶᠠᠨ ᠳᠠᠭᠠᠨ᠂ ᠬᠤᠲᠣᠩ ᠠᠷᠠᠳ ᠤᠨ ᠲᠣᠭᠤᠷᠢᠭ ᠤᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ᠱᠠᠯᠠᠪᠳᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠳᠡᠪᠬᠢᠲᠡᠢ ᠬᠠᠮᠵᠢᠯᠴᠠᠬᠤ᠂ ᠰᠠᠬᠢᠯᠭ᠎ᠠ ᠪᠠᠲᠤ ᠶᠢᠨ ᠲᠠᠯ᠎ᠠ ᠪᠠᠷ ᠴᠢᠩᠭ᠎ᠠ ᠴᠢᠩᠭ᠎ᠠ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠢᠯᠡᠳᠬᠡᠪᠡ᠃ ᠬᠥᠬᠡᠬᠤᠲᠠ ᠶᠢᠨ ᠨᠠᠮ ᠤᠨ ᠬᠤᠷᠢᠶ᠎ᠠ ᠪᠠᠰᠠ ᠲᠤᠰ ᠤᠳᠠᠭ᠎ᠠ ᠶᠢᠨ ᠲᠣᠭᠤᠷᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠲᠣᠭᠲᠠᠴᠠ ᠶᠢ ᠴᠢᠨᠠᠭᠰᠢᠳᠠ ᠰᠢᠯᠤᠭᠤᠳᠬᠠᠵᠤ᠂ ᠠᠵᠢᠯ ᠤᠨ ᠲᠦᠭᠵᠢᠷᠡᠯ ᠢ ᠰᠢᠯᠤᠭᠤᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠵᠢᠯ ᠤᠨ ᠲᠠᠰᠤᠷᠠᠯᠳᠡ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠣᠨ᠎ᠠ᠃      ᠵᠣᠣ ᠶᠠᠨ ᠷᠦ ᠢᠯᠡᠷᠬᠡᠶᠢᠯᠡᠬᠦ ᠳᠡᠭᠡᠨ᠂ ᠬᠤᠲᠣᠩ ᠠᠷᠠᠳ ᠤᠨ ᠲᠣᠭᠤᠷᠢᠭ ᠤᠨ ᠬᠢᠨ ᠲᠣᠭᠤᠷᠢᠨ ᠪᠠᠶᠢᠴᠠᠭᠠᠯᠲᠠ ᠶᠢ ᠬᠦᠯᠢᠶᠡᠬᠦ ᠶᠢ ᠨᠢᠭᠡ ᠤᠳᠠᠭᠠᠨ ᠤ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠪᠣᠯᠭᠠᠵᠤ᠂ ᠲᠣᠭᠤᠷᠢᠨ ᠪᠠᠶᠢᠴᠠᠭᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠦᠶᠯᠡ ᠠᠵᠢᠯᠯᠠᠭ᠎ᠠ ᠶᠢᠨ ᠲᠠᠯ᠎ᠠ ᠪᠠᠷ ᠲᠦᠷᠭᠡᠨ ᠨᠠᠶᠢᠳᠠᠪᠤᠷᠢᠵᠢᠭᠤᠯᠤᠨ᠂ ᠨᠥᠬᠦᠴᠡᠯ ᠢ ᠡᠷᠬᠢᠮᠯᠡᠬᠦ ᠦᠭᠡᠢ᠂ ᠳᠤᠲᠠᠭᠤ ᠲᠤᠷᠭᠤᠨ ᠬᠡᠷᠡᠭᠵᠢᠭᠦᠯᠬᠦ ᠦᠭᠡᠢ ᠪᠠᠶᠢᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠪᠠᠶᠢᠳᠠᠯ ᠢ ᠦᠨᠡᠨ ᠪᠣᠳᠠᠲᠠᠢ ᠪᠠᠷ ᠲᠤᠰᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠭᠦᠨ᠂ ᠬᠤᠲᠣᠩ ᠠᠷᠠᠳ ᠤᠨ ᠲᠣᠭᠤᠷᠢᠭ ᠤᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ︔ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠰᠠᠯᠠᠭ᠎ᠠ ᠶᠢᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ ᠣᠷᠣᠯᠴᠠᠨ᠎ᠠ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0471-6354314᠂ ᠡᠳᠦᠷ ᠪᠦᠷᠢ ᠶᠢᠨ ᠬᠦᠯᠢᠶᠡᠨ ᠠᠪᠴᠤ ᠰᠢᠢᠳᠪᠦᠷᠢᠯᠡᠬᠦ ᠤᠲᠠᠰᠤᠨ ᠤ ᠴᠠᠭ ᠨᠢ 8᠄ 00 ᠠᠴᠠ 18᠄ 00 ᠪᠣᠯᠣᠨ᠎ᠠ︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠶᠢᠨ A961 ᠳ᠋ᠦ᠋ᠭᠡᠷ ᠨᠣᠮᠧᠷ︔ ᠢᠮᠧᠯ ᠤᠨ ᠬᠠᠶᠢᠷᠴᠠᠭ nmxsyz02@com᠃ ᠡᠭᠦᠨ ᠤ ᠬᠠᠮᠲᠤ᠂ ᠬᠤᠲᠣᠩ ᠠᠷᠠᠳ ᠤᠨ ᠲᠣᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠠᠰᠠᠷ ᠤᠨ ᠡᠭᠦᠳᠡᠨ ᠤ ᠡᠮᠦᠨ᠎ᠡ ᠬᠡᠷᠡᠮ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠠᠷᠠᠭᠤᠨ ᠲᠠᠯ᠎ᠠ᠂ ᠷᠦᠩ ᠣᠪᠣᠭᠲᠤ ᠶᠢᠨ ᠣᠯᠠᠨ ᠤᠯᠤᠰ ᠤᠨ ᠵᠣᠴᠢᠳ ᠤᠨ ᠪᠠᠭᠤᠳᠠᠯ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ 5 ᠳ᠋ᠤᠭᠠᠷ ᠨᠣᠮᠧᠷ︶ ᠤᠨ ᠪᠠᠷᠠᠭᠤᠨ ᠡᠭᠦᠳᠡᠨ ᠤ ᠡᠮᠦᠨ᠎ᠡ ᠲᠠᠯ᠎ᠠ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠭᠤᠣᠯᠳᠠᠭᠤ ᠬᠤᠲᠣᠩ ᠠᠷᠠᠳ ᠤᠨ ᠲᠣᠭᠤᠷᠢᠭ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠴᠢᠮᠡᠭᠡ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠪᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠣᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠣᠯᠣᠨ ᠲᠤᠰᠬᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 4 ᠰᠠᠷ᠎ᠠ ᠶᠢᠨ 20 ᠤ ᠡᠳᠦᠷ ᠬᠦᠷᠦᠨ᠎ᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号