ᠥᠨᠳᠥᠷ ᠳᠤᠮᠳᠠᠳᠤ ᠶᠢᠨ ᠰᠣᠷᠣᠬᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠥᠨᠥᠳᠥᠷ ᠠᠴᠠ ᠡᠬᠢᠯᠡᠪᠡ
ᠨᠡᠶᠢᠲᠡᠯᠡᠭᠰᠡᠨ ᠴᠠᠭ᠄
2024/3/13
      ᠲᠦᠷᠦᠭᠦᠬᠡᠨ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂2024 ᠣᠨ ᠤ ᠪᠦᠭᠦ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠣᠷᠣᠬᠴᠢ ᠡᠯᠰᠡᠬᠦ ᠰᠢᠯᠭᠠᠯᠲᠠ︶ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ ᠶᠢᠨ 12 ᠤᠨ ᠡᠳᠦᠷ ᠤᠨ 9᠄ 00 ᠴᠠᠭ ᠲᠤ ᠡᠬᠢᠯᠡᠵᠦ᠂ 3 ᠰᠠᠷ᠎ᠠ ᠶᠢᠨ 26 ᠤ ᠡᠳᠦᠷ ᠤᠨ 17᠄ 00 ᠴᠠᠭ ᠲᠤ ᠳᠠᠭᠤᠰᠤᠨ᠎ᠠ᠃ ᠨᠡᠷ᠎ᠡ ᠮᠡᠳᠡᠭᠦᠯᠬᠦ ᠬᠤᠭᠤᠴᠠᠭᠠᠨ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢ ᠡᠳᠦᠷ ᠪᠦᠷᠢ ᠶᠢᠨ 9:00 - 17:00 ᠲᠤ ᠨᠡᠭᠡᠭᠡᠨ᠎ᠡ᠃        ᠥᠪᠡᠷᠲᠡᠭᠡᠨ ᠵᠠᠰᠠᠬᠤ ᠣᠷᠣᠨ ᠤ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵3+2︶ ᠶᠢᠨ ᠰᠣᠷᠣᠬᠴᠢ ᠡᠯᠰᠡᠬᠦ ᠳᠤ ᠣᠷᠤᠯᠴᠠᠬᠤ ᠰᠢᠯᠭᠠᠭᠤᠯᠤᠭᠴᠢ ᠪᠠ 2022 ᠣᠨ ᠤ ᠨᠠᠮᠤᠷ ᠤᠨ ᠤᠯᠠᠷᠢᠯ ᠰᠤᠷᠭᠠᠭᠤᠯᠢ ᠳᠤ ᠣᠷᠣᠭᠰᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ︵ᠨᠠᠢᠮᠠᠳᠤᠭᠠᠷ︶ ᠣᠨ ᠤ ᠰᠢᠯᠭᠠᠭᠤᠯᠤᠭᠴᠢ ᠪᠦᠭᠦᠨ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ᠨᠡᠷ᠎ᠡ ᠮᠡᠳᠡᠭᠦᠯᠬᠦ ᠶᠠᠪᠤᠴᠠ ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠨᠤᠲᠠᠯᠠᠬᠤ ᠪᠠ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠪᠠᠶᠢᠴᠠᠭᠠᠬᠤ ᠵᠡᠷᠭᠡ ᠭᠤᠷᠪᠠᠨ ᠠᠯᠬᠤᠮ ᠢᠶᠠᠷ ᠶᠠᠪᠤᠭᠳᠠᠨ᠎ᠠ᠃ ᠬᠤᠯᠪᠣᠭᠳᠠᠯ ᠪᠦᠬᠦᠢ ᠨᠠᠷᠢᠨ ᠪᠠᠶᠢᠳᠠᠯ ᠢ ᠰᠢᠯᠭᠠᠭᠤᠯᠤᠭᠴᠢ ᠥᠪᠥᠷ ᠮᠣᠩᠭᠤᠯ ᠤᠨ ᠰᠣᠷᠣᠬᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠨ ᠦᠵᠡᠵᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠠᠴᠠ ᠱᠠᠭᠠᠷᠳᠠᠭᠰᠠᠨ ᠢᠶᠠᠷ᠂ ᠨᠡᠷ᠎ᠡ ᠮᠡᠳᠡᠭᠦᠯᠬᠦ ᠬᠤᠭᠤᠴᠠᠭᠠᠨ ᠳᠤ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠣᠷᠣᠬᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠤᠭᠤᠳ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠠᠰᠠᠭᠤᠨ ᠯᠠᠪᠯᠠᠬᠤ ᠤᠲᠠᠰᠤ ᠶᠢ ᠨᠡᠶᠢᠲᠡᠯᠡᠬᠦ ᠶᠢᠨ ᠬᠠᠮᠲᠤ ᠲᠤᠰᠬᠠᠢ ᠬᠥᠮᠥᠨ ᠲᠣᠬᠢᠷᠠᠭᠤᠯᠤᠨ ᠲᠤᠰᠴᠤ᠂ ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃      2024 ᠣᠨ ᠤ ᠡᠯ᠎ᠡ ᠠᠶᠢᠮᠠᠭ ᠬᠤᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠣᠷᠣᠬᠴᠢ ᠡᠯᠰᠡᠬᠦ ᠰᠢᠯᠭᠠᠯᠲᠠ︶ ᠶᠢᠨ ᠨᠡᠷ᠎ᠡ ᠮᠡᠳᠡᠭᠦᠯᠬᠦ ᠨᠥᠬᠦᠴᠡᠯ᠂ ᠬᠢᠷᠢ ᠭᠡᠮ ᠤᠨ ᠬᠢᠨᠠᠨ ᠬᠠᠷᠭᠤᠭᠤᠯᠤᠯᠲᠠ᠂ ᠨᠡᠷ᠎ᠡ ᠮᠡᠳᠡᠭᠦᠯᠬᠦ ᠱᠠᠭᠠᠷᠳᠠᠯᠭ᠎ᠠ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠡᠯ᠎ᠡ ᠠᠶᠢᠮᠠᠭ ᠬᠤᠲᠠ ᠠᠴᠠ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠰᠢᠯᠭᠠᠯᠲᠠ ᠶᠢᠨ ᠰᠡᠳᠦᠪ ᠲᠣᠭᠲᠠᠭᠠᠬᠤ᠂ ᠰᠢᠯᠭᠠᠯᠲᠠ ᠶᠢᠨ ᠲᠠᠯᠠᠪᠠᠶ ᠶᠢ ᠲᠣᠬᠢᠷᠠᠭᠤᠯᠤᠨ ᠵᠢᠭᠰᠠᠭᠠᠬᠤ᠂ ᠰᠢᠯᠭᠠᠬᠤ᠂ ᠰᠢᠯᠭᠠᠯᠲᠠ ᠶᠢᠨ ᠬᠠᠭᠤᠳᠠᠰᠤ ᠶᠢ ᠬᠢᠨᠠᠬᠤ᠂ ᠬᠢᠷᠢ ᠪᠦᠲᠦᠮᠵᠢ ᠶᠢ ᠨᠡᠶᠢᠲᠡᠯᠡᠬᠦ ᠵᠡᠷᠭᠡ ᠰᠢᠯᠭᠠᠯᠲᠠ ᠶᠢᠨ ᠶᠠᠪᠤᠳᠠᠯ ᠤᠨ ᠠᠵᠢᠯ ᠢ ᠡᠯ᠎ᠡ ᠠᠶᠢᠮᠠᠭ ᠬᠤᠲᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠭᠦ ᠣᠷᠣᠨ ᠤ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵3+2︶ ᠶᠢᠨ ᠰᠣᠷᠣᠬᠴᠢ ᠡᠯᠰᠡᠬᠦ ᠪᠠ ᠡᠯᠧᠺᠲᠷᠣᠨ ᠳᠠᠩᠰᠠᠯᠠᠯᠲᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ᠂ ᠪᠤᠰᠤᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠬᠴᠢ ᠡᠯᠰᠡᠬᠦ ᠠᠵᠢᠯ ᠢ ᠡᠯ᠎ᠡ ᠠᠶᠢᠮᠠᠭ ᠬᠤᠲᠠ ᠠᠴᠠ  ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠣᠷᠣᠬᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠬᠠᠷᠢᠶ᠎ᠠ ᠬᠤᠰᠢᠭᠤ ᠰᠢᠶᠠᠨ ᠤ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠪᠠᠭᠤᠯᠭᠠᠨ ᠠᠪᠴᠤ᠂ ᠰᠢᠯᠭᠠᠯᠲᠠ ᠪᠠᠷ ᠰᠣᠷᠣᠬᠴᠢ ᠡᠯᠰᠡᠬᠦ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ︽ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢᠨ ᠬᠥᠮᠥᠷᠭᠡ︾ ᠳᠠᠬᠢ ᠰᠢᠯᠭᠠᠭᠤᠯᠤᠭᠴᠢ ᠶᠢ ᠬᠢᠨᠠᠨ ᠬᠠᠷᠭᠤᠭᠤᠯᠵᠤ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠬᠠᠰᠤᠵᠤ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ ᠳᠤ ᠰᠢᠯᠭᠠᠯᠲᠠ ᠶᠢᠨ ᠲᠠᠯᠠᠪᠠᠶ ᠲᠣᠬᠢᠷᠠᠭᠤᠯᠵᠤ ᠥᠭᠭᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号