ᠮᠠᠨ ᠤᠨ ᠣᠷᠣᠨ ᠤ ᠰᠤᠷᠭᠠᠨ ᠬᠥᠮᠦᠵᠢᠯ ᠤᠨ ᠦᠢᠯᠡᠰ ᠦᠷᠭᠦᠯᠵᠢᠯᠡᠨ ᠬᠥᠭᠵᠢᠪᠡ
ᠨᠡᠶᠢᠲᠡᠯᠡᠭᠰᠡᠨ ᠴᠠᠭ᠄
2024/3/13
      2023 ᠣᠨ ᠳᠤ ᠮᠠᠨ ᠤ ᠣᠷᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢ ᠨᠡᠶᠢᠲᠡ 12.81 ᠳ᠋ᠦᠩᠰᠢᠭᠤᠷ ᠲᠥᠭᠦᠷᠢᠭ ᠪᠠᠭᠤᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠭᠦ ᠲᠤᠰᠬᠠᠢ ᠪᠡᠯᠡ ᠮᠥᠩᠭᠦ ᠶᠢ 10.55 ᠳ᠋ᠦᠩᠰᠢᠭᠤᠷ ᠲᠥᠭᠦᠷᠢᠭ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠰᠬᠠᠢ ᠬᠥᠭᠵᠢᠯᠲᠡ ᠶᠢᠨ ᠪᠡᠯᠡ ᠮᠥᠩᠭᠦ ᠶᠢ 6.95 ᠳ᠋ᠦᠩᠰᠢᠭᠤᠷ ᠲᠥᠭᠦᠷᠢᠭ ᠪᠠᠭᠤᠯᠭᠠᠵᠤ᠂ 204 ᠬᠡᠦᠬᠡᠳ ᠤᠨ ᠴᠡᠴᠡᠷᠯᠢᠭ᠂ 676 ᠳᠤᠮᠳᠠᠳᠤ ᠪᠠᠭ᠎ᠠ ᠰᠤᠷᠭᠠᠭᠤᠯᠢ᠂ 13 ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠵᠤ᠂ 7.06 ᠲᠦᠮᠡᠨ ᠰᠤᠷᠤᠯᠭ᠎ᠠ ᠶᠢᠨ ᠣᠷᠣᠨ ᠲᠤᠭ᠎ᠠ ᠶᠢ ᠰᠢᠨ᠎ᠡ ᠪᠠᠷ ᠨᠡᠮᠡᠭᠳᠡᠭᠦᠯᠦᠭᠰᠡᠨ ᠢᠶᠠᠷ᠂ ︽ᠴᠡᠴᠡᠷᠯᠢᠭ ᠲᠤ ᠣᠷᠣᠬᠤ ᠳᠤ ᠬᠦᠴᠢᠷᠲᠡᠢ︾ ︽ᠴᠡᠴᠡᠷᠯᠢᠭ ᠤᠨ ᠵᠠᠷᠤᠳᠠᠯ ᠶᠡᠭᠡ︾ ︽ᠰᠤᠷᠭᠠᠭᠤᠯᠢ ᠳᠤ ᠣᠷᠣᠬᠤ ᠳᠤ ᠬᠦᠴᠢᠷᠲᠡᠢ︾ ᠪᠠᠶᠢᠭᠰᠠᠨ  ᠵᠥᠷᠢᠴᠡᠯ ᠢ ᠪᠦᠲᠦᠮᠵᠢᠲᠡᠶ ᠪᠠᠷ ᠨᠠᠮᠳᠠᠭᠤᠯᠪᠠ᠃      ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠳᠠᠬᠢ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠠᠢ ᠲᠤᠯᠭᠠᠮ᠎ᠠ ᠱᠠᠭᠠᠷᠳᠠᠯᠭ᠎ᠠ ᠶᠢ ᠢᠳᠡᠪᠬᠢᠲᠡᠢ ᠬᠠᠩᠭᠠᠪᠠ᠃      ᠪᠦᠭᠦ ᠣᠷᠣᠨ ᠤ 9 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠤᠯᠤᠰ ᠤᠨ ᠰᠤᠷᠭᠠᠭᠤᠯᠢ ᠶᠢᠨ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ ᠤ ᠰᠢᠯᠭᠠᠨ ᠠᠪᠤᠯᠲᠠ ᠳᠤ ᠬᠢᠷᠢ ᠲᠡᠩᠴᠡᠵᠦ᠂ 10 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠮᠤᠵᠢ ᠶᠢᠨ ᠱᠠᠲᠤᠨ ᠤ ᠬᠢᠨᠠᠨ ᠵᠢᠯᠣᠭᠤᠳᠤᠯᠭ᠎ᠠ ᠳᠣᠣᠷ᠎ᠠ ᠰᠢᠶᠠᠨ ᠤ ᠬᠡᠪᠴᠢᠶᠡᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠪᠡ᠃ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠬᠦ᠂ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠬᠤ᠂ ᠪᠠᠭᠰᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠭᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠪᠠᠷ ᠳᠠᠮᠵᠢᠭᠤᠯᠤᠨ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃      2026 ᠣᠨ ᠪᠤᠯᠬᠤ ᠳᠤ ᠪᠦᠭᠦ ᠣᠷᠣᠨ ᠤ ᠪᠦᠯᠦᠭᠯᠡᠯᠵᠢᠭᠰᠡᠨ ᠰᠤᠷᠭᠠᠭᠤᠯᠢ ᠡᠷᠭᠢᠯᠡᠭᠦ ᠰᠤᠷᠭᠠᠭᠤᠯᠢ ᠶᠢᠨ ᠪᠦᠷᠬᠦᠴᠡ ᠶᠢᠨ ᠨᠣᠷᠮ᠎ᠠ ᠶᠢ 50% ᠳᠤ ᠬᠦᠷᠭᠡᠵᠦ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠭᠡᠬᠦ ᠬᠠᠷᠠᠯᠲᠠ ᠶᠢᠨ ᠲᠥᠯᠥᠭᠡ᠂ ᠮᠠᠨ ᠤ ᠣᠷᠣᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠦᠯᠦᠭᠯᠡᠯᠵᠢᠭᠰᠡᠨ ᠰᠤᠷᠭᠠᠭᠤᠯᠢ ᠡᠷᠭᠢᠯᠡᠭᠦ ᠵᠢᠯᠤᠭᠤᠳᠬᠤ ᠰᠠᠨᠠᠯ︾ ᠢ ᠨᠡᠶᠢᠲᠡᠯᠡᠵᠦ᠂ ᠲᠣᠳᠣᠷᠬᠠᠢ ᠬᠠᠷᠠᠯᠲᠠ ᠶᠢ ᠲᠣᠭᠲᠠᠭᠠᠨ᠂ ᠡᠯ᠎ᠡ ᠭᠠᠵᠠᠷ ᠤᠨ ᠨᠠᠷᠠᠲᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠡᠷᠭᠢᠯᠡᠭᠦ᠂ ᠬᠦᠴᠦᠷᠬᠡᠭ ᠰᠤᠷᠭᠠᠭᠤᠯᠢ ᠪᠠᠷ ᠪᠠᠭᠤᠷᠠᠢ ᠰᠤᠷᠭᠠᠭᠤᠯᠢ ᠶᠢ ᠳᠠᠭᠠᠭᠤᠯᠬᠤ᠂ ᠰᠢᠶᠠᠨ ᠤ ᠬᠡᠪᠴᠢᠶᠡᠨ ᠤ ᠬᠤᠯᠪᠤᠭ᠎ᠠ ᠪᠠᠶᠢᠭᠤᠯᠬᠤ ᠵᠡᠷᠭᠡ ᠵᠠᠭᠪᠤᠷ ᠢᠶᠠᠷ ᠳᠠᠮᠵᠢᠭᠤᠯᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠵᠢᠭᠠᠨ ᠵᠢᠯᠣᠭᠤᠳᠪᠠ᠃      2023 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ 7 ᠰᠠᠯᠠᠭ᠎ᠠ ᠮᠥᠴᠢᠷ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠶᠢ ᠨᠢᠭᠡ ᠯᠠ ᠠᠯᠬᠤᠮ ᠢᠶᠠᠷ ᠭᠦᠢᠴᠡᠳᠬᠡᠬᠦ ᠶᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠶᠢ ᠰᠦᠯᠵᠢᠶᠡᠨ ᠳᠡᠭᠡᠷ᠎ᠡ ᠨᠢᠭᠡ ᠯᠡ ᠳᠠᠷᠤᠪᠴᠢ ᠪᠠᠷ ᠭᠦᠢᠴᠡᠳᠬᠡᠬᠦ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠡᠯ᠎ᠡ ᠠᠶᠢᠮᠠᠭ ᠬᠤᠲᠠ ᠴᠥᠮ ︽ᠨᠢᠭᠡ ᠳᠠᠷᠤᠪᠴᠢ ᠪᠠᠷ ᠴᠡᠴᠡᠷᠯᠢᠭ ᠲᠤ ᠣᠷᠣᠬᠤ︾ ᠪᠠ ︽ᠨᠢᠭᠡ ᠳᠠᠷᠤᠪᠴᠢ ᠪᠠᠷ ᠰᠤᠷᠭᠠᠭᠤᠯᠢ ᠳᠤ ᠣᠷᠣᠬᠤ︾ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠠᠷᠤᠭ 36.4 ᠲᠦᠮᠡᠨ ᠰᠢᠨ᠎ᠡ ᠰᠣᠷᠣᠬᠴᠢ ᠲᠣᠰ ᠰᠢᠰᠲ᠋ᠧᠮ ᠢ ᠬᠡᠷᠡᠭᠯᠡᠨ ᠨᠡᠷ᠎ᠡ ᠮᠡᠳᠡᠭᠦᠯᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号