ᠰᠤᠷᠪᠤᠯᠵᠢᠯᠠᠭᠴᠢ ᠶᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠣᠶᠣᠨ ᠮᠡᠳᠡᠷᠡᠯ ᠤᠨ ᠬᠦᠨᠳᠦ ᠡᠪᠡᠳᠴᠢᠨ ᠤ ᠳᠠᠭᠠᠳᠬᠠᠯ ᠳᠤ ᠣᠷᠣᠭᠰᠠᠳ ᠤᠨ ᠡᠪᠡᠳᠴᠢᠨ | ᠦᠵᠡᠭᠦᠯᠵᠦ ᠡᠮ ᠵᠠᠯᠠᠬᠤ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢᠨ ᠲᠥᠯᠥᠭᠡ᠂ 3 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ ᠮᠣᠩᠭᠤᠯ ᠣᠶᠣᠨ ᠮᠡᠳᠡᠷᠡᠯ ᠤᠨ ᠬᠦᠨᠳᠦ ᠡᠪᠡᠳᠴᠢᠨ ᠢ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠤ | ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠭᠰᠠᠳ ᠡᠭᠦᠳᠡᠨ ᠡᠮᠨᠡᠯᠭᠡ ᠶᠢᠨ ᠣᠨᠴᠠᠭᠠᠶ | ᠤᠵᠢᠭ ᠡᠪᠡᠳᠴᠢᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠭᠠᠷᠭᠠᠪᠠᠯ᠂ ᠨᠢᠭᠡ ᠵᠢᠯ ᠤᠨ ᠳᠣᠲᠣᠷ᠎ᠠ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠥᠯᠥᠬᠦ ᠪᠠᠷᠢᠮᠵᠢᠶ᠎ᠠ | ᠨᠢ 300 ᠲᠥᠭᠦᠷᠢᠭ ᠪᠣᠯᠣᠨ᠎ᠠ᠃ ᠣᠨ ᠤ ᠥᠭᠬᠦ ᠬᠢᠵᠠᠭᠠᠷ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠲᠥᠯᠥᠬᠦ ᠬᠡᠪᠴᠢᠶᠡᠨ ᠳᠤ ᠨᠡᠶᠢᠯᠡᠭᠦᠯᠦᠨ ᠪᠤᠳᠤᠵᠤ᠂ ᠨᠢᠭᠡ ᠵᠢᠯ ᠤᠨ ᠳᠣᠲᠣᠷᠠᠬᠢ ᠬᠠᠮᠤᠭ ᠥᠨᠳᠥᠷ | ᠲᠥᠯᠥᠬᠦ ᠬᠢᠵᠠᠭᠠᠷ ᠨᠢ 30.5 ᠲᠦᠮᠡᠨ ᠲᠥᠭᠦᠷᠢᠭ ᠪᠣᠯᠣᠨ᠎ᠠ᠃ ᠡᠬᠢᠯᠡᠵᠦ ᠲᠥᠯᠥᠬᠦ ᠪᠠᠷᠢᠮᠵᠢᠶ᠎ᠠ ᠠᠴᠠ ᠳᠡᠭᠡᠭᠰᠢ᠂ | ᠬᠠᠮᠤᠭ ᠥᠨᠳᠥᠷ ᠬᠢᠵᠠᠭᠠᠷ ᠠᠴᠠ ᠳᠣᠷᠣᠭᠰᠢ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠭᠦᠳᠡᠨ | ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠤᠨ ᠲᠥᠯᠥᠬᠦ ᠬᠠᠷᠢᠴᠠᠯ ᠨᠢ 90% ᠪᠣᠯᠣᠨ᠎ᠠ᠃ | ᠡᠭᠦᠨ ᠠᠴᠠ ᠭᠠᠳᠠᠨ᠎ᠠ᠂ ᠣᠶᠣᠨ ᠮᠡᠳᠡᠷᠡᠯ ᠤᠨ ᠬᠦᠨᠳᠦ ᠡᠪᠡᠳᠴᠢᠨ ︵M02100︶ ᠤ ᠣᠯᠭᠤᠮᠵᠢ ᠶᠢ | ᠭᠤᠶᠤᠴᠢᠯᠠᠨ ᠮᠡᠳᠡᠭᠦᠯᠵᠦ ᠦᠨᠡᠮᠰᠢᠭᠦᠯᠬᠦ ᠪᠠ ᠡᠮᠴᠢᠯᠡᠬᠦ ᠲᠥᠰᠥᠯ ᠢ ᠬᠤᠪᠢᠷᠠᠭᠤᠯᠬᠤ ᠠᠵᠢᠯ ᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠭᠦᠢᠴᠡᠳᠬᠡᠨ᠎ᠡ᠃ ᠣᠶᠣᠨ | ᠮᠡᠳᠡᠷᠡᠯ ᠤᠨ ᠬᠦᠨᠳᠦ ᠡᠪᠡᠳᠴᠢᠨ ᠲᠠᠢ ᠳᠠᠭᠠᠳᠬᠠᠯ ᠳᠤ ᠣᠷᠣᠭᠰᠠᠳ ᠪᠤᠶᠤ ᠲᠡᠭᠦᠨ ᠤ ᠣᠷᠣᠯᠠᠨ ᠭᠦᠢᠴᠡᠳᠭᠡᠭᠴᠢ | ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ | ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠣᠨ᠎ᠠ᠂ ᠮᠡᠳᠡᠭᠦᠯᠬᠦ ᠳᠤ ᠪᠠᠨ ᠣᠨᠣᠰᠢᠯᠠᠭᠰᠠᠨ ᠭᠡᠷᠡᠴᠢ ᠶᠢᠨ ᠡᠬᠡ | ᠪᠢᠴᠢᠭ᠂ ᠮᠡᠳᠡᠭᠦᠯᠦᠭᠰᠡᠨ ᠡᠪᠡᠳᠴᠢᠨ ᠤ ᠲᠥᠷᠥᠯ ᠲᠠᠢ ᠬᠤᠯᠪᠣᠭᠳᠠᠭᠰᠠᠨ ᠡᠮᠨᠡᠯᠭᠡ ᠳᠤ ᠰᠠᠭᠤᠭᠰᠠᠨ ᠡᠪᠡᠳᠴᠢᠨ ᠤ | ᠪᠦᠷᠢᠨ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ ᠬᠠᠩᠭᠠᠬᠤ ᠬᠡᠷᠡᠭᠲᠡᠢ᠃ | | |