ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠰᠡᠳᠬᠢᠴᠡ ᠪᠠᠨ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠦᠢᠯᠡᠴᠢᠯᠡᠭᠡ ᠶᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/3/14
      ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ︽ᠵᠠᠷᠯᠠᠨ ᠨᠡᠶᠢᠲᠡᠯᠡᠪᠡᠯ ᠳᠠᠷᠤᠢ ᠬᠢᠨᠠᠨ ᠬᠠᠮᠢᠶᠠᠷᠬᠤ︾ ᠣᠶᠢᠯᠠᠭᠠᠭᠳᠠᠬᠤᠨ ᠢ ᠪᠠᠷᠢᠮᠲᠠᠯᠠᠨ᠂ ᠲᠠᠰᠤᠷᠠᠯᠲᠠ ᠦᠭᠡᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠤᠬᠠᠭᠤᠯᠤᠨ ᠵᠢᠯᠤᠭᠤᠳᠬᠤ᠂ ᠰᠠᠨᠠᠭᠠᠴᠢᠯᠠᠭ᠎ᠠ ᠠᠴᠠ ᠪᠠᠨ ᠪᠣᠯᠵᠣᠬᠤ᠂ ᠰᠢᠪᠠᠳᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ᠂ ᠣᠨ ᠤ ᠮᠡᠳᠡᠭᠦᠯᠦᠯᠲᠡ ᠶᠢᠨ ᠵᠠᠷᠯᠠᠨ ᠨᠡᠶᠢᠲᠡᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
     ᠲᠥᠷᠥᠯ ᠬᠡᠯᠪᠡᠷᠢ ᠬᠤᠪᠢᠶᠠᠨ ᠬᠠᠮᠢᠶᠠᠷᠴᠤ᠂ ᠵᠦᠷᠢᠶᠡᠴᠢᠯᠡᠭᠰᠡᠨ ᠬᠠᠪᠰᠤᠷᠤᠨ ᠲᠡᠳᠬᠦᠵᠦ ᠵᠢᠯᠤᠭᠤᠳᠬᠤ ᠶᠢ ᠬᠡᠷᠡᠭᠵᠢᠭᠦᠯᠦᠨ᠎ᠡ᠃ ᠪᠣᠯᠣᠳ ᠲᠡᠮᠦᠷ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳ᠋ᠠᠶᠢᠲ᠋ᠠ ᠶᠢᠨ ᠲᠥᠪ︾ ‍ᠦᠨ‌‍ᠲ᠋ᠠᠪᠴᠠᠩ ᠢ ᠲᠦᠰᠢᠵᠦ᠂ ᠲᠤᠭ᠎ᠠ ᠣᠨ ᠤ ᠮᠡᠳᠡᠭᠦᠯᠦᠯᠲᠡ ᠶᠢᠨ ᠠᠵᠢᠯ ᠤᠨ ᠳᠤᠮᠳᠠᠬᠢ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠥᠯᠥᠭᠡᠯᠡᠬᠦ ᠵᠠᠩᠭᠢᠯᠠᠭ᠎ᠠ ᠶᠢᠨ ᠬᠦᠴᠦᠨ ᠵᠦᠢᠯ ᠢ ᠡᠷᠢᠨ ᠭᠠᠷᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠤᠣᠯᠳᠠᠯᠭ᠎ᠠ ᠲᠠᠢ ᠰᠢᠪᠠᠳᠠᠬᠤ ᠪᠠ ᠭᠤᠣᠯᠳᠠᠯᠭ᠎ᠠ ᠲᠠᠢ ᠪᠤᠰᠤ ᠰᠢᠪᠠᠳᠠᠬᠤ ᠲᠥᠷᠥᠯ ᠬᠤᠪᠢᠶᠠᠨ ᠬᠠᠮᠢᠶᠠᠷᠴᠤ᠂ 2023 ᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠪᠠ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠠᠵᠤ ᠠᠬᠤᠶᠢᠯᠠᠯ ᠢᠶᠠᠷ ᠭᠤᠣᠯᠳᠠᠯᠭ᠎ᠠ ᠲᠠᠢ ᠡᠲᠡᠭᠡᠳ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠪᠠᠳᠠᠬᠤ ᠡᠬᠡ ᠲᠠᠩᠰᠠ ᠪᠠᠶᠢᠭᠤᠯᠤᠨ᠂ ᠰᠦᠯᠵᠢᠶᠡᠨ ᠳᠡᠭᠡᠷ᠎ᠡ ᠠᠰᠠᠭᠤᠨ ᠯᠠᠪᠯᠠᠵᠤ᠂ ᠣᠨ ᠤ ᠮᠡᠳᠡᠭᠦᠯᠦᠯᠲᠡ ᠶᠢ ᠮᠡᠳᠡᠭᠦᠯᠬᠦ ᠪᠠ ᠬᠦᠴᠦᠨ ᠦᠭᠡᠢ ᠪᠣᠯᠭᠠᠬᠤ ᠬᠦᠴᠢᠷ ᠲᠦᠪᠡᠭᠲᠡᠢ ᠠᠰᠠᠭᠤᠳᠠᠯ ᠳᠤ ᠬᠠᠷᠢᠭᠤᠯᠲᠠ ᠥᠭᠴᠦ᠂ ᠨᠢᠭᠡ ᠯᠡ ᠤᠳᠠᠭ᠎ᠠ ᠳᠤ ᠤᠲᠠᠰᠤ ᠪᠠᠷ ᠨᠢᠭᠡ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠨᠢᠭᠡ ᠬᠡᠰᠡᠭ ᠣᠨ ᠤ ᠮᠡᠳᠡᠭᠦᠯᠦᠯᠲᠡ ᠶᠢᠨ ᠰᠠᠶᠢᠨ ᠦᠷ᠎ᠡ ᠪᠦᠲᠦᠮᠵᠢ ᠶᠢ ᠳᠠᠶᠢᠴᠢᠯᠠᠨ᠎ᠠ︔ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠤᠣᠯᠳᠠᠯᠭ᠎ᠠ ᠲᠠᠢ ᠪᠤᠰᠤ ᠰᠢᠮᠳᠠᠭᠤᠯᠵᠤ ᠪᠠᠶᠢᠭᠠᠳ ᠤᠬᠠᠭᠤᠯᠭ᠎ᠠ ᠶᠢᠨ ᠵᠠᠷᠯᠠᠯ ᠨᠠᠭᠠᠬᠤ᠂ ᠣᠨ ᠤ ᠰᠣᠨᠢᠨ ᠤ ᠤᠬᠠᠭᠤᠯᠭ᠎ᠠ ᠶᠢᠨ ᠺᠠᠷᠲ᠋ᠣᠨ ᠵᠢᠷᠤᠭ ᠢ ᠳᠠᠮᠵᠢᠭᠤᠯᠤᠨ ᠲᠠᠷᠬᠠᠭᠠᠬᠤ᠂ ᠣᠨ ᠤ ᠰᠣᠨᠢᠨ ᠤ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠭᠡᠮ ᠤᠨ ᠣᠶᠢᠯᠠᠭᠠᠬᠤ ᠨᠣᠷᠮ᠎ᠠ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠎ᠡ︔ ᠰᠠᠨᠠᠭᠠᠴᠢᠯᠠᠭ᠎ᠠ ᠠᠴᠠ ᠪᠠᠨ ᠠᠯᠪᠠᠯᠠᠬᠤ ᠭᠠᠵᠠᠷ ᠲᠤ ᠬᠦᠷᠴᠦ ᠬᠠᠪᠰᠤᠷᠤᠯᠭ᠎ᠠ ᠡᠷᠢᠵᠦ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ᠂ ᠪᠢᠳᠡ ︽ᠪᠤᠰᠤᠳ ᠲᠤ ᠵᠢᠭᠠᠰᠤ ᠣᠯᠭᠤᠬᠤ ᠪᠠᠷ ᠵᠢᠭᠠᠰᠤ ᠠᠩᠨᠠᠬᠤ ᠮᠡᠷᠭᠡᠵᠢᠯ ᠢ ᠵᠢᠭᠠᠬᠤ︾ ᠵᠠᠷᠴᠢᠮ ᠢ ᠵᠢᠷᠤᠮᠯᠠᠵᠤ᠂ ᠠᠵᠢᠯᠲᠠᠳ ︽ᠨᠢᠭᠡ ᠳᠤ ᠨᠢᠭᠡ︾ ᠶᠢᠨ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡ ᠯᠡ ᠤᠳᠠᠭ᠎ᠠ ᠡᠭᠦᠳᠡᠨ ᠳᠤ ᠣᠷᠣᠪᠠᠯ ᠳᠠᠷᠤᠢ ᠵᠢᠯ ᠤᠨ ᠮᠡᠳᠡᠭᠦᠯᠦᠯᠲᠡ ᠶᠢᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠳ᠋ᠦᠩ ᠢ ᠣᠯᠣᠨ᠎ᠠ︔ ᠣᠨ ᠤ ᠮᠡᠳᠡᠭᠦᠯᠦᠯᠲᠡ ᠶᠢᠨ ᠳ᠋ᠢᠶᠠᠩᠬᠤᠸᠠ ᠪᠠᠷ ᠱᠠᠭᠠᠷᠳᠠᠨ ᠮᠡᠳᠡᠭᠦᠯᠬᠦ ᠬᠦᠨᠳᠦ ᠨᠦᠰᠡᠷ ᠳᠠᠷᠤᠯᠲᠠ ᠶᠢ ᠰᠢᠢᠳᠪᠦᠷᠢᠯᠡᠬᠦ ᠶᠢᠨ ᠲᠤᠰᠠᠳᠠ᠂ ᠴᠠᠬᠢᠯᠭᠠᠨ ᠬᠤᠯᠪᠣᠭᠠᠨ ᠤ ᠺᠣᠮᠫᠠᠨᠢ ᠲᠠᠢ ᠬᠠᠮᠲᠤᠷᠠᠨ᠂ ᠭᠤᠷᠪᠠᠳᠠᠭᠢ ᠡᠲᠡᠭᠡᠳ ᠤᠨ ᠣᠬᠤᠷ ᠮᠡᠳᠡᠭᠡ ᠪᠠᠷ ᠳᠠᠮᠵᠢᠭᠤᠯᠤᠨ ᠬᠦᠷᠭᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠡᠩᠰᠡᠯᠡᠨ ᠬᠠᠮᠢᠶᠠᠷᠬᠤ ᠳᠦᠷᠢᠮ︾ ᠢ ᠬᠡᠷᠡᠭᠵᠢᠭᠦᠯᠬᠦ ᠪᠠᠷ ᠲᠣᠬᠢᠶᠠᠯ ᠪᠣᠯᠭᠠᠨ᠂ ᠬᠤᠭᠤᠴᠠᠭ᠎ᠠ ᠬᠡᠲᠦᠷᠡᠲᠡᠯ᠎ᠡ ᠣᠨ ᠤ ᠮᠡᠳᠡᠭᠦᠯᠦᠯᠲᠡ ᠬᠢᠭᠡᠳᠦᠢ ᠪᠠᠶᠢᠲᠠᠯ᠎ᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠨᠢᠭᠡᠪᠦᠷᠢ ᠳᠤ ᠳᠠᠮᠵᠢᠭᠤᠯᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨᠬᠦ ᠪᠡᠶᠡᠯᠡᠭᠦᠯᠦᠨ᠎ᠡ᠃ ᠣᠲᠣ ᠪᠣᠯᠲᠠᠯ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠤᠣᠯᠳᠠᠯᠭ᠎ᠠ ᠲᠠᠢ ᠰᠢᠪᠠᠳᠠᠵᠤ 2023 ᠣᠨ ᠤ ᠠᠵᠤ ᠠᠬᠤᠶᠢᠯᠠᠯ ᠤᠨ ᠢᠯᠡ ᠨᠡᠶᠢᠲᠡᠯᠡᠬᠦ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠢ ᠨᠢᠭᠡᠨᠲᠡ 101 ᠡᠷᠦᠬᠡ ᠪᠡᠶᠡᠯᠡᠭᠦᠯᠵᠦ᠂ ᠭᠤᠣᠯᠳᠠᠯᠭ᠎ᠠ ᠲᠠᠢ ᠰᠢᠪᠠᠳᠠᠬᠤ ᠪᠥᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠬᠡᠮᠵᠢᠶᠡᠨ ᠤ 75% ᠶᠢ ᠡᠵᠡᠯᠡᠪᠡ︔ ᠭᠤᠣᠯᠳᠠᠯᠭ᠎ᠠ ᠲᠠᠢ ᠪᠤᠰᠤ 303 ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠪᠠᠳᠠᠨ ᠱᠠᠭᠠᠷᠳᠠᠵᠤ ᠪᠠᠶᠢᠭᠠᠳ 2023 ᠣᠨ ᠤ ᠠᠵᠤ ᠠᠬᠤᠶᠢᠯᠠᠯ ᠤᠨ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠢ ᠪᠡᠶᠡᠯᠡᠭᠦᠯᠵᠦ᠂ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠣᠨ ᠤ ᠮᠡᠳᠡᠭᠦᠯᠦᠯᠲᠡ ᠶᠢᠨ ᠨᠣᠷᠮ᠎ᠠ ᠶᠢᠨ 45% ᠶᠢ ᠪᠡᠶᠡᠯᠡᠭᠦᠯᠪᠡ᠃      ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠪᠢᠳᠡ ᠣᠨ ᠤ ᠮᠡᠳᠡᠭᠦᠯᠦᠯᠲᠡ ᠶᠢᠨ ᠦᠢᠯᠡᠴᠢᠯᠡᠭᠡᠨ ᠤ ᠰᠢᠨ᠎ᠡ ᠰᠢᠪᠲᠤᠯᠤᠯᠲᠠ ᠶᠢ ᠡᠷᠢᠯᠬᠢᠯᠡᠵᠦ ᠪᠣᠯᠣᠨ᠎ᠠ᠃ ᠥᠩᠭᠡᠷᠡᠭᠰᠡᠨ ᠤ ᠣᠨ ᠤ ᠮᠡᠳᠡᠭᠦᠯᠦᠯᠲᠡ ᠶᠢᠨ ᠠᠵᠢᠯ ᠤᠨ ᠳᠤᠮᠳᠠ᠂ ᠣᠯᠠᠩᠬᠢ ᠨᠢ ᠭᠠᠭᠴᠠ ᠲᠠᠯ᠎ᠠ ᠠᠴᠠ ᠪᠠᠨ ᠳᠠᠬᠢᠨ ᠳᠠᠪᠲᠠᠨ ᠰᠢᠪᠠᠳᠠᠨ ᠮᠡᠳᠡᠭᠦᠯᠵᠦ᠂ ᠬᠠᠷᠢᠯᠴᠠᠨ ᠦᠢᠯᠡᠳᠦᠯᠴᠡᠬᠦ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠷ ᠳᠤᠲᠠᠮᠠᠭ ᠪᠠᠶᠢᠪᠠ᠂ ᠡᠨᠡ ᠬᠦ ᠦᠵᠡᠭᠳᠡᠯ ᠳᠤ ᠴᠢᠭᠯᠡᠭᠦᠯᠦᠨ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠠᠨᠠᠭᠠᠴᠢᠯᠠᠭ᠎ᠠ ᠠᠴᠠ ᠪᠠᠨ ᠤᠷᠢᠬᠤ︾ ᠠᠷᠭ᠎ᠠ ᠮᠠᠶ᠋ᠢᠭ ᠢᠶᠠᠷ ᠣᠯᠠᠨ ᠰᠠᠯᠠᠭ᠎ᠠ ᠮᠥᠴᠢᠷ ᠲᠠᠢ ᠬᠤᠯᠪᠤᠭᠠᠯᠠᠨ ᠡᠵᠡᠩᠨᠡᠯᠲᠡ ᠶᠢᠨ ᠪᠡᠶᠡᠴᠢ ᠴᠣᠭᠴᠠ ᠶᠢ ᠰᠢᠪᠠᠳᠠᠵᠤ ᠪᠠᠶᠢᠭᠠᠳ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠠᠭ ᠲᠤᠬᠠᠢ  ᠳᠤᠨᠢ᠂ ᠣᠨᠣᠪᠴᠢᠲᠠᠶ ᠮᠡᠳᠡᠭᠦᠯᠦᠭᠦᠯᠦᠭᠰᠡᠨ ᠪᠠᠶᠢᠨ᠎ᠠ᠃ ᠨᠢᠭᠡ ᠳᠤ᠂ ᠲᠠᠩᠰᠠ ᠲᠡᠮᠳᠡᠭᠯᠡᠬᠦ ᠶᠢ ᠣᠷᠣᠯᠠᠨ ᠭᠦᠢᠴᠡᠳᠬᠡᠬᠦ ᠺᠣᠮᠫᠠᠨᠢ ᠳᠤ ᠲᠦᠰᠢᠭᠯᠡᠨ ᠣᠨ ᠤ ᠮᠡᠳᠡᠭᠦᠯᠦᠯᠲᠡ ᠪᠠᠨ ᠳᠡᠪᠰᠢᠭᠦᠯᠦᠨ᠎ᠡ᠃ ᠬᠠᠷᠢᠶᠠᠲᠤ ᠣᠷᠣᠨ ᠤ ᠲᠠᠩᠰᠠ ᠲᠡᠮᠳᠡᠭᠯᠡᠬᠦ ᠺᠣᠮᠫᠠᠨᠢ ᠪᠠ ᠣᠷᠣᠯᠠᠬᠤ ᠺᠣᠮᠫᠠᠨᠢ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢ ᠪᠡᠶᠡᠯᠡᠭᠦᠯᠬᠦ ᠶᠢ ᠨᠡᠪᠲᠡᠷᠡᠯᠴᠡᠨ ᠵᠣᠬᠢᠴᠠᠭᠤᠯᠵᠤ᠂ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠳᠡᠭᠡᠭᠰᠢᠯᠡᠭᠦᠯᠬᠦ ᠨᠣᠷᠮ᠎ᠠ ᠳᠤ ᠰᠠᠶᠢᠨ ᠰᠠᠭᠤᠷᠢ ᠲᠠᠯᠪᠢᠵᠤ ᠥᠭᠭᠦᠨ᠎ᠡ︔ ᠬᠤᠶᠠᠷ ᠲᠤ᠂ ᠡᠷᠭᠢᠯᠡᠨ ᠬᠠᠮᠢᠶᠠᠷᠬᠤ ᠨᠢᠭᠡᠴᠢ ᠳᠤ ᠲᠦᠰᠢᠭᠯᠡᠨ ᠣᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠭᠠᠳᠠᠭᠠᠳᠤ ᠬᠦᠴᠦᠨ ᠢ ᠰᠠᠨᠠᠭᠠᠴᠢᠯᠠᠭ᠎ᠠ ᠠᠴᠠ ᠪᠠᠨ ᠠᠰᠢᠭᠯᠠᠵᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠳᠠᠪᠠᠭᠤᠯᠢᠭ ᠢ ᠪᠠᠳᠠᠷᠠᠭᠤᠯᠤᠨ᠂ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠨᠣᠷᠮ᠎ᠠ ᠶᠢ ᠨᠠᠩ ᠥᠨᠳᠥᠷ ᠲᠠᠰ ᠳᠠᠪᠬᠤᠷᠭ᠎ᠠ ᠳᠤ ᠣᠷᠣᠭᠰᠢᠯᠠᠨ᠎ᠠ︔ ᠭᠤᠷᠪᠠ ᠳᠤ᠂ ᠨᠡᠶᠢᠲᠡ ᠶᠢᠨ ᠪᠤᠰᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠣᠨ ᠤ ᠮᠡᠳᠡᠭᠦᠯᠦᠯᠲᠡ ᠶᠢ ᠤᠬᠠᠭᠤᠯᠵᠤ᠂ ᠨᠡᠶᠢᠲᠡ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠪᠦᠯᠬᠦᠮ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠭᠦᠢᠴᠡᠳ ᠪᠠᠳᠠᠷᠠᠭᠤᠯᠵᠤ᠂ ᠣᠨ ᠤ ᠮᠡᠳᠡᠭᠦᠯᠦᠯᠲᠡ ᠶᠢᠨ ᠴᠢᠬᠤᠯᠠ ᠴᠢᠨᠠᠷ ᠢ ᠤᠬᠠᠭᠤᠯᠤᠨ ᠵᠢᠯᠤᠭᠤᠳᠴᠤ᠂ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢ ᠪᠥᠭᠡᠮ ᠢᠶᠠᠷ ᠬᠢᠬᠦ ᠶᠢ ᠵᠣᠷᠢᠭᠵᠢᠭᠤᠯᠤᠨ᠎ᠠ︔ ᠳᠥᠷᠪᠡ ᠳᠤ᠂ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠢᠲᠡᠭᠡᠮᠵᠢ ᠶᠢᠨ ᠬᠤᠯᠪᠤᠭᠠᠯᠠᠨ ᠱᠠᠩᠨᠠᠵᠤ ᠲᠣᠷᠭᠠᠬᠤ ᠦᠢᠯᠡᠳᠦᠯ ᠢ ᠪᠠᠳᠠᠷᠠᠭᠤᠯᠤᠨ᠎ᠠ᠃ ︽ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠡᠩᠰᠡᠯᠡᠨ ᠬᠠᠮᠢᠶᠠᠷᠬᠤ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ᠢ ᠦᠨᠳᠦᠰᠦᠯᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠠᠭ ᠲᠠᠭᠠᠨ ᠣᠨ ᠤ ᠮᠡᠳᠡᠭᠦᠯᠦᠯᠲᠡ ᠬᠢᠬᠦ ᠦᠭᠡᠢ ᠦᠵᠡᠭᠳᠡᠯ ᠳᠤ ᠴᠢᠭᠯᠡᠭᠦᠯᠦᠨ᠂ ᠢᠲᠡᠭᠡᠮᠵᠢ ᠶᠢᠨ ᠵᠠᠯᠬᠠᠭᠠᠯ ᠴᠡᠭᠡᠷᠯᠡᠯ᠂ ᠵᠣᠭᠤᠰ ᠢᠶᠠᠷ ᠲᠣᠷᠭᠠᠬᠤ ᠲᠦᠭᠰᠢᠭᠦᠷᠢ ᠳᠤ ᠲᠤᠯᠭᠠᠷᠠᠬᠤ ᠠᠴᠠ ᠭᠠᠳᠠᠨ᠎ᠠ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ᠵᠠᠷᠯᠠᠨ ᠨᠡᠶᠢᠲᠡᠯᠡᠵᠦ᠂ ᠢᠲᠡᠭᠡᠯ ᠠᠯᠳᠠᠭᠰᠠᠳ ᠢ ︽ᠨᠢᠭᠡ ᠭᠠᠵᠠᠷ ᠲᠤ ᠢᠲᠡᠭᠡᠯ ᠠᠯᠳᠠᠭᠤᠯᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠨ᠎ᠠ︾᠃ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠢᠯᠡ ᠪᠣᠯᠭᠠᠬᠤ ᠪᠠ ᠬᠠᠮᠲᠤᠪᠠᠷ ᠭᠥᠷᠳᠡᠬᠦ ᠠᠷᠭ᠎ᠠ ᠮᠠᠶ᠋ᠢᠭ ᠢ ᠬᠡᠷᠡᠭᠯᠡᠨ᠂ ᠢᠲᠡᠭᠡᠮᠵᠢ ᠪᠠᠷ ᠰᠠᠶᠢᠨ ᠡᠵᠡᠩᠨᠡᠯᠲᠡ ᠶᠢᠨ ᠭᠤᠣᠯ ᠴᠣᠭᠴᠠ ᠳᠤ ᠨᠠᠩ ᠠᠭᠤᠵᠢᠭᠤ ᠪᠥᠭᠡᠳ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠬᠥᠲᠥᠯᠥᠨ ᠵᠢᠯᠤᠭᠤᠳᠴᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠴᠢᠨᠠᠷ ᠪᠠ ᠢᠵᠢᠯ ᠴᠢᠭᠯᠡᠯᠲᠦ ᠴᠢᠨᠠᠷ ᠢ ᠳᠡᠭᠡᠭᠰᠢᠯᠡᠭᠦᠯᠦᠨ᠎ᠡ᠃      ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠢᠲᠡᠭᠡᠮᠵᠢ ᠶᠢᠨ ᠲᠥᠷᠥᠯ ᠬᠤᠪᠢᠶᠠᠨ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠲᠣᠭᠲᠠᠴᠠ ᠳᠤ ᠲᠦᠰᠢᠭᠯᠡᠨ᠂ ᠱᠠᠲᠤ ᠲᠥᠷᠥᠯ ᠬᠤᠪᠢᠶᠠᠨ ᠲᠤᠰ ᠰᠠᠯᠠᠭ᠎ᠠ ᠮᠥᠴᠢᠷ ᠪᠠ ᠰᠠᠯᠠᠭ᠎ᠠ ᠮᠥᠴᠢᠷ ᠠᠯᠤᠰᠯᠠᠭᠰᠠᠨ ᠬᠤᠣᠰ ᠲᠣᠬᠢᠶᠠᠯᠳᠤᠯ ᠤᠨ ᠰᠤᠭᠤᠴᠢᠨ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠭᠦᠨᠴᠡ ᠪᠠ ᠥᠷᠭᠡᠴᠡ ᠶᠢ ᠥᠷᠭᠡᠳᠬᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠦᠨᠡᠨ ᠪᠣᠳᠠᠲᠠᠢ ᠮᠡᠳᠡᠭᠡ ᠵᠠᠩᠭᠢ ᠶᠢ ᠮᠡᠳᠡᠭᠦᠯᠬᠦ ᠦᠭᠡᠢ ᠨᠢᠭᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠬᠠᠤᠯᠢ   ᠠᠴᠠ ᠵᠥᠷᠢᠴᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠯᠵᠢᠶᠡᠨ ᠳᠡᠭᠡᠷ᠎ᠡ ᠠᠴᠠ ᠰᠦᠯᠵᠢᠶᠡᠨ ᠭᠠᠳᠠᠨ᠎ᠠ ᠬᠦᠷᠲᠡᠯ᠎ᠡ ᠶᠠᠪᠤᠭᠤᠯᠵᠤ᠂ ᠡᠵᠡᠩᠨᠡᠭᠴᠢᠳ ᠤᠨ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ᠂ ᠦᠨᠡᠨᠴᠢ ᠢᠲᠡᠭᠡᠮᠵᠢᠲᠡᠢ ᠪᠠᠶᠢᠬᠤ ᠶᠢ ᠰᠢᠮᠳᠠᠭᠤᠯᠵᠤ᠂ ᠬᠠᠤᠯᠢ ᠪᠠᠷ ᠵᠠᠰᠠᠬᠤ ᠨᠡᠶᠢᠭᠡᠮ ᠪᠠ ᠦᠨᠡᠨᠴᠢ ᠢᠲᠡᠭᠡᠮᠵᠢᠲᠡᠢ ᠨᠡᠶᠢᠭᠡᠮ ᠤᠨ ᠪᠠᠶᠢᠭᠤᠯᠤᠯᠲᠠ ᠶᠢ ᠦᠨᠡᠨᠬᠦ ᠠᠬᠢᠭᠤᠯᠤᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号