ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ︽ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ︾ ᠶᠢᠨ ᠳᠦᠷᠢᠮ ᠨᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠳᠠᠬᠢᠨ ᠲᠦᠷᠭᠡᠳᠬᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/14
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠣᠩᠬᠤᠪᠴᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢᠨ ᠲᠤᠰᠠᠳᠠ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ︾ ᠶᠢᠨ ᠳᠦᠷᠢᠮ ᠢ ᠶᠠᠪᠤᠭᠳᠠᠭᠤᠯᠤᠨ᠎ᠠ᠃ ᠡᠨᠡ ᠪᠣᠯ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠴᠣᠩᠬᠤ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠢᠷᠤᠮᠵᠢᠭᠤᠯᠬᠤ᠂ ᠳᠥᠭᠦᠮᠴᠢᠯᠡᠬᠦ ᠶᠢ ᠶᠡᠬᠡᠪᠡᠷ ᠠᠬᠢᠭᠤᠯᠬᠤ ᠪᠠᠰᠠ ᠨᠢᠭᠡ ᠵᠦᠢᠯ ᠤᠨ ᠠᠷᠭ᠎ᠠ ᠬᠡᠮᠵᠢᠶ᠎ᠡ ᠪᠣᠯᠣᠨ᠎ᠠ᠃
     ︽ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ︾ ᠭᠡᠳᠡᠭ ᠨᠢ ᠡᠯ᠎ᠡ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠣᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠨᠢᠭᠡᠳᠦᠭᠡᠷ ᠬᠠᠷᠢᠭᠤᠴᠠᠯᠭᠠᠲᠠᠨ ᠢ ᠵᠢᠭᠠᠵᠤ ᠪᠣᠶ᠂ ᠲᠣᠰ ᠰᠠᠯᠠᠭ᠎ᠠ ᠮᠥᠴᠢᠷ ᠤᠨ ᠴᠣᠩᠬᠤᠨ ᠤ ᠠᠵᠢᠯᠲᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠬᠠᠷᠢᠭᠤᠴᠠᠯᠭᠠᠲᠠᠨ ᠪᠣᠯᠣᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠵᠤ ᠰᠠᠭᠤᠭᠰᠠᠨ ᠡᠯ᠎ᠡ ᠰᠠᠯᠠᠭ᠎ᠠ ᠮᠥᠴᠢᠷ ᠤᠳ ᠴᠥᠮ ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ ᠶᠢ ᠲᠣᠮᠢᠯᠠᠬᠤ ᠪᠥᠭᠡᠳ ︽ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ ᠶᠢᠨ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠨ᠎ᠠ᠃      ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ ᠳᠤ ᠡᠷᠬᠡ ᠣᠯᠭᠤᠵᠤ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠡᠴᠦᠰ ᠤᠨ ᠬᠢᠨᠠᠨ ᠵᠥᠪᠰᠢᠶᠡᠷᠡᠬᠦ ᠡᠷᠬᠡ ᠶᠢ ᠬᠡᠷᠡᠭᠵᠢᠭᠦᠯᠦᠨ᠎ᠡ᠃      ᠣᠳᠣᠬᠠᠨ ᠳᠤ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 25 ᠲᠦᠷᠦᠭᠦᠸ ᠬᠡᠷᠡᠭ ᠶᠠᠪᠤᠳᠠᠯ ᠤᠨ ᠲᠥᠯᠥᠭᠡᠯᠡᠭᠴᠢ ᠪᠣᠶ᠂ ᠡᠲᠡᠭᠡᠷ ᠨᠢ ᠴᠥᠮ ᠭᠠᠶᠢᠯᠢ ᠶᠢᠨ ᠶᠠᠪᠤᠳᠠᠯ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠥᠯᠥ ᠬᠥᠳᠡᠯᠬᠦ ᠬᠥᠷᠥᠩᠭᠡ᠂ ᠨᠡᠶᠢᠭᠡᠮ ᠤᠨ ᠪᠠᠲᠤᠯᠠᠭ᠎ᠠ᠂ ᠡᠷᠦᠬᠡ ᠠᠮᠠ ᠶᠢᠨ ᠲᠠᠩᠰᠠ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠶᠢ ᠪᠠᠭᠲᠠᠭᠠᠭᠰᠠᠨ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠠᠴᠠ ᠡᠷᠬᠡ ᠣᠯᠭᠤᠨ ᠡᠭᠦᠷᠭᠡᠯᠡᠵᠦ ᠪᠠᠶᠢᠭ᠎ᠠ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠯᠣᠨ᠎ᠠ᠃ ᠲᠠᠳᠠ ᠬᠢᠨᠠᠨ ᠵᠥᠪᠰᠢᠶᠡᠷᠡᠬᠦ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠭᠤᠶᠤᠴᠢᠯᠠᠭᠴᠢ ᠲᠠᠢ ᠨᠡᠪᠲᠡᠷᠡᠯᠴᠡᠵᠦ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠤᠴᠢᠷ ᠶᠠᠪᠤᠳᠠᠯ  ᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠵᠥᠪᠳᠡᠯᠴᠡᠵᠦ᠂ ᠬᠢᠨᠠᠨ ᠵᠥᠪᠰᠢᠶᠡᠷᠡᠬᠦ ᠶᠠᠪᠤᠴᠠ ᠳᠤ ᠪᠥᠬᠦ ᠶᠠᠪᠤᠴᠠ ᠳᠤ ᠮᠥᠷᠳᠡᠨ ᠳᠠᠭᠠᠵᠤ᠂ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠣᠭᠲᠠᠭᠰᠠᠨ ᠴᠠᠭ ᠬᠤᠭᠤᠴᠠᠭᠠᠨ ᠳᠤ ᠬᠢᠨᠠᠨ ᠵᠥᠪᠰᠢᠶᠡᠷᠡᠬᠦ ᠶᠢ ᠦᠨᠡᠨ ᠬᠦ ᠪᠠᠲᠤᠯᠠᠪᠠ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠪᠠᠶᠢᠬᠤ ᠪᠣᠯ ᠨᠢᠭᠡ ᠭᠠᠵᠠᠷ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠠᠮᠤᠭ ᠤᠨ ᠰᠢᠭᠤᠳ ᠢᠯᠡᠷᠡᠯ ᠮᠥᠨ᠃ ᠲᠤᠰ ᠲᠣᠪᠴᠢᠶ᠎ᠠ ᠶᠢᠨ ︽ᠲᠦᠷᠦᠭᠦᠦ ᠬᠡᠷᠡᠭ ᠶᠠᠪᠤᠳᠠᠯ ᠤᠨ ᠲᠥᠯᠥᠭᠡᠯᠡᠭᠴᠢ︾ ᠶᠢᠨ ᠳᠦᠷᠢᠮ ᠢ ᠬᠡᠷᠡᠭᠵᠢᠭᠦᠯᠦᠭᠰᠡᠨ ᠨᠢ ᠰᠠᠯᠠᠭ᠎ᠠ ᠮᠥᠴᠢᠷ ᠤᠨ ᠬᠤᠭᠤᠷᠣᠨᠳᠤ ᠪᠠᠨ ᠵᠣᠬᠢᠴᠠᠯᠳᠤᠨ ᠨᠡᠪᠲᠡᠷᠡᠯᠴᠡᠬᠦ ᠳᠤ ᠲᠦᠬᠦᠮ ᠦᠵᠡᠭᠦᠯᠦᠭᠰᠡᠨ ᠮᠥᠷᠲᠡᠭᠡᠨ ᠠᠵᠤ ᠠᠬᠤᠶᠢᠯᠠᠯ ᠤᠨ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠠᠪᠤᠴᠠ ᠳᠠᠭᠠᠨ ᠬᠢᠨᠠᠨ ᠵᠥᠪᠰᠢᠶᠡᠷᠡᠭᠰᠡᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠬᠤ ᠪᠠ ᠬᠠᠷᠢᠭᠤ ᠲᠤᠰᠬᠠᠬᠤ ᠳᠤ ᠴᠤ ᠲᠦᠬᠦᠮ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠷᠭᠦᠯᠵᠢᠯᠡᠨ ︽ᠠᠷᠠᠳ ᠲᠤ ᠳᠥᠭᠦᠮ ᠦᠵᠡᠭᠦᠯᠬᠦ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ᠂ ᠵᠢᠷᠤᠮᠵᠢᠭᠤᠨ︾ ᠢᠶᠠᠷ ᠦᠢᠯᠡᠴᠢᠯᠡᠭᠡᠨ ᠤ ᠵᠣᠷᠢᠯᠲᠠ ᠪᠠᠨ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠤᠯᠠᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠲᠤᠶᠢᠯ ᠤᠨ ᠲᠥᠬᠦᠮ ᠬᠢᠨᠠᠨ ᠵᠥᠪᠰᠢᠶᠡᠷᠡᠬᠦ ᠵᠠᠭᠪᠤᠷ ᠢ ᠪᠣᠶ ᠪᠣᠯᠭᠠᠵᠤ᠂ ᠳᠥᠭᠦᠮ ᠳᠥᠲᠡ ᠲᠦᠷᠭᠡᠨ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠤᠬᠠᠢ ᠶᠢᠨ ᠲᠠᠯᠠᠪᠤᠷ ᠲᠤᠨᠢ ᠭᠦᠢᠴᠡᠳᠬᠡᠬᠦ᠂ ᠲᠥᠬᠦᠮ ᠵᠦᠢᠯᠡᠰ ᠢ ᠲᠡᠷᠡ ᠳᠠᠷᠤᠢ ᠳᠤᠨᠢ ᠭᠦᠢᠴᠡᠳᠬᠡᠬᠦ ᠶᠢ ᠠᠬᠢᠭᠤᠯᠤᠨ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号