ᠬᠤᠲᠣᠩ ᠠᠷᠠᠳ ᠤᠨ ᠲᠣᠭᠤᠷᠢᠭ᠄ ᠨᠣᠭᠤᠭᠠᠨ ᠥᠩᠭᠡ ᠶᠢ ︽ᠳᠠᠷᠢᠵᠤ︾  ᠨᠣᠭᠤᠭᠠᠨ ᠥᠩᠭᠡ ᠶᠢ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠰᠠᠭᠤᠷᠢ ᠥᠩᠭᠡ ᠪᠣᠯᠭᠠᠨ᠎ᠠ
ᠨᠡᠶᠢᠲᠡᠯᠡᠭᠰᠡᠨ ᠴᠠᠭ᠄
2024/3/14
     ᠭᠡᠷ ᠠᠴᠠ ᠪᠠᠨ ᠭᠠᠷᠪᠠᠯ ᠴᠡᠴᠡᠷᠯᠢᠭ ᠢᠶᠠᠷ ᠵᠤᠭᠠᠴᠠᠨ᠎ᠠ᠃      ᠠᠯᠬᠤᠭᠠᠳ ᠭᠠᠷᠪᠠᠯ ᠴᠡᠴᠡᠭ ᠤᠨ ᠦᠨᠦᠷ ᠢ ᠦᠨᠦᠷᠯᠡᠨ᠎ᠡ᠃      ᠨᠣᠭᠤᠭᠠᠨ ᠥᠩᠭᠡ ᠪᠣᠯ ᠨᠢᠭᠡᠨ ᠬᠤᠲᠠ ᠶᠢᠨ ᠬᠠᠮᠤᠭ ᠤᠨ ᠰᠡᠳᠬᠢᠯ ᠬᠥᠳᠡᠯᠭᠡᠮ᠎ᠡ ᠳᠡᠪᠢᠰᠬᠡᠷ ᠥᠩᠭᠡ ᠮᠥᠨ᠃
     ᠬᠤᠲᠣᠩ ᠠᠷᠠᠳ ᠤᠨ ᠲᠣᠭᠤᠷᠢᠭ ᠤᠨ ︽ᠪᠣᠬᠢᠷᠲᠤᠯ ᠦᠭᠡᠢ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠶᠢᠨ ᠲᠣᠭᠤᠷᠢᠭ︾ ᠢ ᠪᠠᠶᠢᠭᠤᠯᠬᠤ ᠬᠠᠷᠠᠯᠲᠠ ᠶᠢ ᠲᠣᠭᠲᠠᠭᠠᠵᠤ᠂ 2023 ᠣᠨ ᠳᠤ 60 ᠬᠠᠷᠮᠠᠨ ᠴᠡᠴᠡᠷᠯᠢᠭ᠂ 35 ᠺᠢᠯᠤᠮᠥᠲᠷ ᠨᠣᠭᠤᠭᠠᠨ ᠵᠠᠮ ᠢ ᠪᠠᠶᠢᠭᠤᠯᠵᠤ᠂ 3 ᠲᠣᠮᠣ ᠬᠡᠯᠪᠡᠷᠢ ᠶᠢᠨ ᠵᠡᠭᠡᠯᠢ ᠶᠢᠨ ᠦᠵᠡᠮᠵᠢ ᠶᠢᠨ ᠴᠡᠴᠡᠭᠯᠢᠭ ᠢ ᠪᠠᠶᠢᠭᠤᠯᠵᠤ᠂ 200 ᠨᠣᠭᠤᠭᠠᠷᠠᠭᠤᠯᠤᠯᠲᠠ ᠶᠢᠨ ᠵᠠᠩᠭᠢᠯᠠᠭ᠎ᠠ ᠶᠢᠨ ᠴᠡᠭ ᠢ ᠪᠠᠶᠢᠭᠤᠯᠵᠤ᠂ ᠬᠤᠳᠠ ᠶᠢᠨ ᠠᠷᠠᠳ ᠲᠤ ᠬᠤᠳᠠ ᠶᠢᠨ ︽ᠬᠦᠴᠢᠯᠲᠥ᠋ᠷᠥᠭᠴᠢ ᠶᠢᠨ ᠪᠠᠭᠠᠷ︾ ᠤᠨ ᠠᠪᠴᠢᠷᠠᠭᠰᠠᠨ ᠲᠠᠭᠠᠯᠠᠮᠵᠢᠲᠠᠢ ᠶᠢ ᠡᠳ᠋ᠯᠡᠭᠦᠯᠦᠨ᠎ᠡ᠃
     ᠵᠤᠨ ᠤ ᠳᠡᠯᠭᠡᠷ ᠤᠯᠠᠷᠢᠯ ᠳᠤ ᠵᠢᠩ ᠡᠯ ᠯᠢᠶᠠᠩ ᠬᠥᠬᠡᠷᠡᠨ ᠨᠣᠭᠤᠭᠠᠷᠠᠵᠤ᠂ ᠤᠢ ᠰᠢᠭᠤᠢ ᠬᠥᠬᠡᠷᠡᠨ ᠨᠣᠭᠤᠭᠠᠷᠠᠨ᠎ᠠ᠃ ᠨᠠᠷᠠ ᠮᠠᠨᠳᠤᠬᠤ ᠳᠤ ᠨᠢᠳᠦ ᠭᠢᠯᠠᠰᠤᠮ᠎ᠠ ᠥᠷᠯᠥᠭᠡ ᠶᠢᠨ ᠲᠤᠶᠠᠭ᠎ᠠ ᠲᠠᠢ᠂ ᠪᠦᠬᠦ᠋ᠢᠯᠡ ᠵᠢᠩ ᠡᠯ ᠯᠢᠶᠠᠩ ᠤᠨ ᠥᠨᠳᠥᠷ ᠠᠭᠤᠯᠠ ᠶᠢᠨ ᠲᠠᠯ᠎ᠠ ᠨᠤᠲᠤᠭ ᠨᠢ ᠲᠤᠶᠠᠭᠠᠨ ᠳᠤ ᠭᠠᠶᠢᠬᠠᠭᠳᠠᠵᠤ᠂ ᠠᠭᠤᠯᠠ ᠶᠢᠨ ᠬᠤᠭᠤᠷᠣᠨᠳᠣᠬᠢ ᠰᠠᠯᠬᠢᠨ ᠳᠤ ᠲᠠᠭᠠᠯᠠᠮᠵᠢᠲᠠᠶᠢᠬᠠᠨ᠂ ᠠᠯᠤᠰ ᠲᠤ ᠳᠠᠪᠠᠯᠭᠠᠯᠠᠨ ᠳᠠᠪᠠᠯᠭᠠᠯᠠᠭᠰᠠᠨ ᠡᠭᠦᠯᠡᠨ ᠲᠡᠯᠡᠶ ᠨᠢ ᠠᠷᠰᠢ ᠶᠢᠨ ᠣᠷᠣᠨ ᠢ ᠳᠠᠭᠤᠷᠢᠶᠠᠨ᠎ᠠ᠃      ᠣᠶᠢᠷ᠎ᠠ ᠶᠢᠨ ᠵᠢᠯ ᠠᠴᠠ᠂ ᠬᠤᠲᠣᠩ ᠠᠷᠠᠳ ᠤᠨ ᠲᠣᠭᠤᠷᠢᠭ ᠳᠠᠯᠠᠨ ᠬᠠᠷ᠎ᠠ ᠠᠭᠤᠯᠠ ᠶᠢᠨ 146 ᠲᠡᠭᠰᠢ ᠳᠥᠷᠪᠡᠯᠵᠢᠨ ᠺᠢᠯᠣᠮᠧᠲᠷ ᠤᠨ ᠠᠮᠢ ᠠᠬᠤᠢ ᠶᠢᠨ ᠨᠣᠭᠤᠭᠠᠨ ᠪᠦᠰᠡ ᠶᠢᠨ ᠲᠣᠭᠤᠷᠢᠨ ᠳᠤ᠂ ︽ᠨᠢᠭᠡ ᠬᠥᠨᠳᠡᠯᠡᠨ ᠬᠤᠶᠠᠷ ᠭᠤᠯᠳᠤ ᠭᠤᠷᠪᠠᠨ ᠬᠡᠰᠡᠭ ᠣᠷᠣᠨ︾ ᠳᠤ ᠰᠠᠭᠤᠷᠢᠯᠠᠵᠤ᠂ ᠳᠠᠯᠠᠨ ᠬᠠᠷ᠎ᠠ ᠠᠭᠤᠯᠠ ᠶᠢᠨ ᠳᠠᠭᠠᠤ ᠲᠣᠭᠤᠷᠢᠨ ᠳᠤ᠂ ᠲᠤᠷᠤᠭ ᠮᠣᠳᠣ᠂ ᠪᠤᠳᠠ ᠮᠣᠳᠣ᠂ ᠨᠣᠭᠤᠭᠠᠨ ᠬᠠᠰᠢᠶ᠎ᠠ᠂ ᠴᠡᠴᠡᠭ ᠬᠤᠸᠠᠷ ᠪᠠ ᠡᠪᠡᠰᠦ ᠨᠣᠭᠤᠭ᠎ᠠ ᠵᠡᠷᠭᠡ ᠶᠢ ᠪᠠᠭᠲᠠᠭᠠᠭᠰᠠᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠪᠡ᠃ ︽ᠴᠣᠩᠬᠤ ᠪᠠᠷ ᠨᠣᠭᠤᠭᠠᠨ ᠢ ᠬᠠᠷᠠᠭᠤᠯᠬᠤ᠂ ᠡᠭᠦᠳᠡ ᠪᠠᠷ ᠭᠠᠷᠴᠤ ᠴᠡᠴᠡᠷᠯᠢᠭ ᠲᠤ ᠣᠷᠣᠬᠤ︾ ᠵᠢᠷᠤᠭ ᠲᠥᠯᠥᠪᠯᠡᠭᠡ ᠶᠢᠨ ᠣᠨᠣᠯᠵᠢᠬᠤᠨ ᠤ ᠲᠣᠭᠤᠷᠢᠨ ᠳᠤ᠂ ᠵᠡᠭᠦᠨ ᠤᠰᠤᠲᠤ ᠲᠣᠰᠬᠤᠨ ᠤ ᠵᠦᠯᠭᠡ ᠭᠠᠵᠠᠷ ᠤᠨ ᠦᠵᠡᠮᠵᠢ ᠶᠢᠨ ᠨᠥᠬᠦᠴᠡᠯ ᠪᠠ ᠥᠨᠴᠥᠭ ᠪᠤᠯᠤᠩ᠂ ᠬᠠᠶᠠᠭᠳᠠᠮᠠᠯ ᠭᠠᠵᠠᠷ᠂ ᠰᠤᠯᠠ ᠪᠠᠶᠢᠬᠤ ᠭᠠᠵᠠᠷ ᠢ ᠭᠦᠢᠴᠡᠳ ᠠᠰᠢᠭᠯᠠᠨ᠂ ︽ᠵᠠᠪᠰᠠᠷ ᠢᠶᠠᠷ ᠨᠣᠭᠤᠭᠠᠨ ᠢ ᠬᠠᠳᠬᠤᠬᠤ︾ ᠪᠠᠷ ᠨᠡᠯᠢᠶᠡᠳ ᠪᠠᠭ᠎ᠠ ᠭᠠᠵᠠᠷ ᠢ ᠨᠣᠭᠤᠭᠠᠷᠠᠭᠤᠯᠤᠨ ᠳᠠᠷᠢᠵᠤ᠂ ᠬᠠᠷᠮᠠᠨ ᠴᠡᠴᠡᠷᠯᠢᠭ ᠢ ᠪᠠᠶᠢᠷᠢᠰᠢᠭᠤᠯᠤᠨ᠂ ᠣᠶᠢᠷ᠎ᠠ ᠬᠠᠪᠢ ᠶᠢᠨ ᠰᠠᠭᠤᠭᠠᠯᠢ ᠠᠷᠠᠳ ᠲᠤ ᠠᠵᠢᠯᠯᠠᠭ᠎ᠠ ᠪᠠ ᠰᠡᠯᠡᠭᠦᠴᠡᠯ ᠤᠨ ᠲᠠᠯᠠᠪᠤᠷ ᠬᠠᠩᠭᠠᠨ᠎ᠠ᠃ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠵᠦᠯᠭᠡ ᠭᠠᠵᠠᠷ ᠤᠨ ᠲᠠᠯᠠᠪᠠᠶ ᠶᠢ ᠪᠦᠲᠦᠮᠵᠢᠲᠡᠶ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠠ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠢᠯᠡᠳᠲᠡ ᠳᠡᠭᠡᠭᠰᠢᠯᠡᠭᠦᠯᠪᠡ᠃
     ︽ᠬᠤᠳᠠ ᠤᠢ ᠰᠢᠭᠤᠢ ᠳᠤ ᠪᠤᠢ᠂ ᠤᠰᠤ ᠬᠤᠳᠠ ᠳᠤ ᠪᠤᠢ᠂ ᠬᠥᠮᠥᠨ ᠴᠡᠴᠡᠷᠯᠢᠭ ᠲᠤ ᠪᠤᠢ︾᠂ ᠡᠨᠡ ᠪᠣᠯ ᠤᠯᠠᠨ ᠤ ᠬᠦᠰᠡᠨ ᠮᠥᠷᠥᠭᠡᠳᠦᠭᠰᠡᠭᠡᠷ ᠢᠷᠡᠭᠰᠡᠨ ᠣᠷᠣᠨ ᠰᠠᠭᠤᠴᠠ ᠶᠢᠨ ᠣᠷᠴᠢᠨ ᠲᠣᠭᠤᠷᠢᠨ ᠪᠣᠯᠣᠨ᠎ᠠ᠃ ᠨᠢᠳᠤᠨᠤᠨ᠂ ᠬᠤᠲᠣᠩ ᠠᠷᠠᠳ ᠤᠨ ᠲᠣᠭᠤᠷᠢᠭ ᠤᠨ ᠬᠢᠨ ᠬᠤᠳᠠ ᠶᠢᠨ ᠠᠮᠢ ᠠᠬᠤᠢ ᠶᠢᠨ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠰᠠᠭᠤᠭᠠᠯᠢ ᠠᠷᠠᠳ ᠤᠨ ᠰᠡᠯᠡᠭᠦᠴᠡᠯ ᠵᠤᠭ᠎ᠠ ᠴᠡᠩᠭᠡᠯ ᠢ ᠬᠠᠩᠭᠠᠬᠤ ᠬᠠᠷᠮᠠᠨ ᠴᠡᠴᠡᠷᠯᠢᠭ ᠤᠳ ᠢ ᠪᠠᠶᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠴᠢᠨᠠᠭᠰᠢᠳᠠ ᠰᠠᠶᠢᠵᠢᠷᠠᠭᠤᠯᠵᠤ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠡᠢ᠃ ᠬᠦ᠋ ᠭᠠᠩ ᠬᠤᠷᠢᠶᠠᠯᠠᠯ ᠤᠨ ᠡᠭᠦᠳᠡᠨ ᠳᠠᠬᠢ ᠬᠠᠷᠮᠠᠨ ᠴᠡᠴᠡᠷᠯᠢᠭ ᠲᠤ ᠤᠢ ᠶᠢᠨ ᠰᠡᠭᠦᠳᠡᠷ ᠲᠠᠢ ᠵᠥᠷᠢᠭ ᠵᠠᠮ᠂ ᠦᠵᠡᠮᠵᠢ ᠶᠢᠨ ᠤᠷᠳᠤ ᠬᠤᠩᠭᠢᠯ᠂ ᠲᠤᠷᠤᠭ ᠮᠣᠳᠣ᠂ ᠵᠦᠯᠭᠡ ᠵᠢᠴᠢ ᠤᠯᠠᠷᠢᠯ ᠤᠨ ᠴᠡᠴᠡᠭ ᠬᠤᠸᠠᠷ ᠵᠡᠷᠭᠡ ᠪᠠᠷ ᠴᠡᠴᠡᠷᠯᠢᠭ ᠢ ᠢᠭᠴᠤ ᠰᠠᠬᠤᠯᠢᠭ ᠴᠢᠮᠡᠭᠯᠡᠵᠦ᠂ ︽ᠬᠡᠳᠦᠨ ᠮᠢᠨᠦ᠋ᠲ ᠶᠠᠪᠤᠪᠠᠯ ᠴᠡᠴᠡᠷᠯᠢᠭ ᠲᠤ ᠬᠦᠷᠴᠢᠬᠡᠨ᠎ᠡ᠂ ᠪᠢ ᠡᠳᠦᠷ ᠪᠦᠷᠢ ᠣᠷᠣᠢ ᠶᠢᠨ ᠬᠤᠭᠤᠯᠠ ᠪᠠᠨ ᠢᠳᠡᠵᠦ ᠪᠠᠷᠠᠪᠠᠯ ᠭᠡᠷ ᠤᠨ ᠬᠥᠮᠥᠰ ᠲᠠᠢ ᠪᠠᠨ ᠰᠡᠯᠡᠭᠦᠴᠡᠨ ᠠᠯᠬᠤᠳᠠᠭ᠂ ᠵᠠᠷᠢᠮ ᠳᠠᠭᠠᠨ ᠠᠳᠡ ᠪᠠᠰᠠ ᠬᠥᠳᠡᠯᠭᠡᠭᠡᠨ ᠥᠷᠨᠢᠭᠦᠯᠳᠡᠭ᠂ ᠪᠢ ᠴᠦ ᠲᠠᠭᠠᠵᠦ ᠳᠠᠭᠤᠤ ᠳᠠᠭᠤᠯᠠᠵᠤ᠂ ᠪᠥᠵᠢᠭ ᠪᠥᠵᠢᠭᠯᠡᠳᠡᠭ︾᠃ ᠴᠡᠴᠡᠷᠯᠢᠭ ᠤᠨ ᠣᠶᠢᠷ᠎ᠠ ᠳᠤ ᠰᠠᠭᠤᠵᠤ ᠪᠠᠶᠢᠭ᠎ᠠ ᠮᠠ ᠬᠦᠢ ᠰᠢᠶᠠᠩ᠂ ᠬᠤᠲᠣᠩ ᠠᠷᠠᠳ ᠤᠨ ᠲᠣᠭᠤᠷᠢᠭ ᠲᠤ ᠠᠮᠢᠳᠤᠷᠠᠬᠤ ᠳᠤ ᠮᠠᠰᠢ ᠠᠮᠤᠷ ᠵᠢᠮᠤᠷ ᠮᠠᠰᠢ ᠵᠣᠯ ᠵᠢᠷᠭᠠᠯ ᠲᠠᠢ ᠪᠠᠶᠢᠨ᠎ᠠ ᠭᠡᠵᠦ ᠢᠯᠡᠳᠬᠡᠪᠡ᠃
     ᠬᠠᠪᠤᠷ ᠤᠨ ᠡᠬᠢ ᠪᠠᠷ᠂ ᠬᠤᠲᠣᠩ ᠠᠷᠠᠳ ᠤᠨ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠬᠢᠨ ᠬᠠᠷᠮᠠᠨ ᠴᠡᠴᠡᠷᠯᠢᠭ ᠤᠨ ᠬᠡᠰᠡᠭ ᠣᠷᠣᠨ ᠪᠦᠰᠡ ᠳᠤ ᠬᠠᠪᠤᠷ ᠤᠨ ᠤᠯᠠᠷᠢᠯ ᠤᠨ ᠤᠢ ᠮᠣᠳᠣ ᠶᠢ ᠬᠠᠶᠢᠴᠢᠯᠠᠨ ᠵᠠᠰᠠᠵᠤ᠂ ᠨᠣᠭᠤᠭᠠᠨ ᠭᠠᠵᠠᠷ ᠤᠨ ᠦᠵᠡᠮᠵᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠠᠭᠤᠴᠢᠨ ᠬᠤᠳᠠ ᠶᠢᠨ ᠲᠣᠭᠤᠷᠢᠭ ᠤᠨ ︽ᠵᠢᠭᠠᠬᠠᠨ ᠨᠣᠭᠤᠭᠠᠨ ᠣᠷᠣᠨ ᠵᠠᠢ︾ ᠶᠢ ᠨᠡᠭᠡᠭᠡᠵᠦ᠂ ᠴᠡᠴᠡᠷᠯᠢᠭ ᠢ ᠬᠤᠳᠠ ᠶᠢᠨ ᠣᠷᠣᠨ ᠵᠠᠢ ᠳᠤ ᠠᠶᠠᠨᠳᠠᠭᠠᠨ ᠠᠭᠤᠰᠤᠯᠴᠠᠭᠤᠯᠵᠠᠢ᠃      ᠴᠡᠴᠡᠷᠯᠢᠭ᠂ ᠨᠣᠭᠤᠭᠠᠨ ᠵᠠᠮ᠂ ᠨᠣᠭᠤᠭᠠᠨ ᠭᠠᠵᠠᠷ ᠤᠨ ᠪᠠᠶᠢᠭᠤᠯᠤᠭᠳᠠᠬᠤ ᠶᠢ ᠳᠠᠭᠠᠯᠳᠤᠨ᠂ ᠬᠤᠲᠣᠩ ᠠᠷᠠᠳ ᠤᠨ ᠲᠣᠭᠤᠷᠢᠭ ᠤᠨ ᠬᠤᠲᠠ ᠶᠢᠨ ᠨᠣᠭᠤᠭᠠᠷᠠᠭᠤᠯᠤᠯᠲᠠ ᠲᠠᠰᠤᠷᠠᠯᠲᠠ ᠦᠭᠡᠢ ᠳᠡᠭᠡᠭᠰᠢᠯᠡᠵᠦ᠂ ᠪᠣᠬᠢᠷᠲᠤᠯ ᠦᠭᠡᠢ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠬᠦᠰᠡᠯ ᠡᠷᠡᠮᠡᠯᠵᠡᠯ ᠠᠯᠬᠤᠮ ᠠᠯᠬᠤᠮ ᠢᠶᠠᠷ ᠪᠡᠶᠡᠯᠡᠭᠳᠡᠵᠦ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号