ᠬᠥᠬᠡᠬᠤᠲᠠ ᠶᠢᠨ ᠵᠡᠮᠳᠡᠭ ᠣᠶᠤᠲᠠᠳ ᠤᠨ ᠳᠠᠳᠤᠯᠭ᠎ᠠ ᠶᠢᠨ ᠰᠠᠭᠤᠷᠢᠨ ᠭᠠᠵᠠᠷ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/3/14
      ︵ᠰᠤᠷᠪᠤᠯᠵᠢᠯᠠᠭᠴᠢ ᠮᠢᠶᠣᠣ ᠰᠢᠨ︶ 3 ᠳ᠋ᠤᠭᠠᠷ ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠵᠡᠮᠳᠡᠭ ᠣᠶᠤᠲᠠᠳ ᠤᠨ ᠳᠠᠳᠤᠯᠭ᠎ᠠ ᠶᠢᠨ ᠰᠠᠭᠤᠷᠢᠨ ᠭᠠᠵᠠᠷ ᠥᠪᠥᠷ ᠮᠣᠩᠭᠤᠯ ᠤᠨ ᠰᠢᠨ ᠶᠤᠸᠠᠨ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠫᠠᠶᠢᠰᠠ ᠰᠡᠬᠦᠪᠡ᠃      ᠥᠪᠥᠷ ᠮᠣᠩᠭᠤᠯ ᠤᠨ ᠰᠢᠨ ᠶᠤᠸᠠᠨ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠮᠠᠨ ᠤ ᠣᠷᠣᠨ ᠤ ᠠᠩᠬᠠᠳᠠᠭᠴᠢ ᠰᠦᠯᠵᠢᠶᠡᠨ ᠤ ᠠᠮᠤᠷ ᠲᠦᠪᠰᠢᠨ ᠤ ᠠᠵᠢᠯ ᠲᠦᠷᠦᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠰᠡᠨ ᠠᠵᠤ ᠠᠬᠤᠶᠢᠯᠠᠯ ᠪᠠᠶᠢᠵᠤ᠂ ᠮᠠᠨ ᠤ ᠣᠷᠣᠨ ᠤ ᠬᠠᠮᠤᠭ ᠤᠨ ᠲᠣᠮᠣ ᠰᠦᠯᠵᠢᠶᠡᠨ ᠤ ᠠᠮᠤᠷ ᠲᠦᠪᠰᠢᠨ ᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠮᠥᠨ᠃ ᠺᠣᠮᠫᠠᠨᠢ ᠪᠠᠶᠢᠭᠤᠯᠤᠭᠳᠠᠭᠰᠠᠨ ᠠᠴᠠ ᠨᠠᠭᠠᠰᠢ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠣᠳᠣᠬᠠᠨ ᠳᠤ ᠠᠵᠢᠯ ᠳᠤ ᠪᠠᠶᠢᠭ᠎ᠠ ᠵᠡᠮᠳᠡᠭ ᠠᠵᠢᠯᠲᠠᠨ 3 ᠪᠣᠶ᠃ ᠺᠣᠮᠫᠠᠨᠢ ᠪᠠᠰᠠ ᠲᠤᠬᠠᠶᠢᠯᠠᠭᠰᠠᠨ ᠠᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠵᠡᠮᠳᠡᠭ ᠣᠶᠤᠲᠠᠳ ᠲᠤ ᠲᠤᠰᠬᠠᠢ ᠳᠠᠳᠤᠯᠭ᠎ᠠ ︵ ᠲᠠᠭᠠᠨ ᠰᠤᠷᠬᠤ︶ ᠶᠢᠨ ᠠᠵᠢᠯ ᠤᠨ ᠪᠠᠶᠢᠷᠢ ᠭᠠᠷᠭᠠᠵᠤ᠂ ᠰᠠᠶᠢᠨ ᠰᠠᠶᠢᠬᠠᠨ ᠳᠠᠳᠤᠯᠭ᠎ᠠ ᠶᠢᠨ ᠣᠷᠴᠢᠨ ᠲᠣᠭᠤᠷᠢᠨ ᠢ ᠬᠠᠩᠭᠠᠵᠤ᠂ ᠵᠡᠮᠳᠡᠭ ᠣᠶᠤᠲᠠᠳ ᠢ ᠬᠠᠪᠰᠤᠷᠤᠨ ᠨᠡᠶᠢᠭᠡᠮ ᠤᠨ ᠲᠤᠷᠰᠢᠯᠭ᠎ᠠ ᠬᠤᠷᠠᠮᠳᠤᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ  ᠨᠢ ᠳᠡᠭᠡᠭᠰᠢᠯᠡᠭᠦᠯᠬᠦ ᠶᠢᠨ ᠬᠠᠮᠲᠤ ᠳᠠᠳᠤᠯᠭ᠎ᠠ ᠳᠠᠭᠤᠰᠤᠭᠰᠠᠨ ᠤ ᠳᠠᠷᠠᠭ᠎ᠠ᠂ ᠵᠣᠬᠢᠬᠤ ᠲᠣᠭᠠᠨ ᠤ ᠠᠵᠢᠯ ᠤᠨ ᠪᠠᠶᠢᠷᠢ ᠬᠠᠩᠭᠠᠵᠤ ᠠᠵᠢᠯ ᠣᠯᠭᠤᠬᠤ ᠪᠤᠶᠤ ᠲᠣᠰ ᠠᠵᠢᠯ ᠲᠥᠷᠥᠯ ᠤᠨ ᠬᠠᠮᠢᠶ᠎ᠠ ᠪᠦᠬᠦᠢ ᠨᠢᠭᠡᠴᠢ ᠳᠤ ᠲᠠᠨᠢᠯᠴᠠᠭᠤᠯᠤᠨ ᠠᠵᠢᠯ ᠣᠯᠭᠤᠵᠤ᠂ ᠵᠡᠮᠳᠡᠭ ᠣᠶᠤᠲᠠᠳ ᠤᠨ ᠠᠵᠢᠯ ᠣᠯᠬᠤ ᠶᠢ ᠠᠬᠢᠭᠤᠯᠬᠤ ᠳᠤᠮᠳᠠ ᠠᠵᠤ ᠠᠬᠤᠶᠢᠯᠠᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃      ᠬᠤᠳᠠ ᠶᠢᠨ ᠵᠡᠮᠳᠡᠭᠴᠦᠳ ᠤᠨ ᠬᠤᠯᠪᠣᠭ᠎ᠠ ᠠᠴᠠ ᠥᠪᠥᠷ ᠮᠣᠩᠭᠤᠯ ᠤᠨ ᠰᠢᠨ ᠶᠤᠸᠠᠨ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠬᠥᠬᠡᠬᠤᠲᠠ ᠶᠢᠨ ᠵᠡᠮᠳᠡᠭ ᠣᠶᠤᠲᠠᠳ ᠤᠨ ᠳᠠᠳᠤᠯᠭ᠎ᠠ ᠶᠢᠨ ᠰᠠᠭᠤᠷᠢᠨ ᠭᠠᠵᠠᠷ ᠢᠶᠠᠷ ᠲᠣᠭᠲᠠᠭᠠᠭᠰᠠᠨ ᠪᠥᠭᠡᠳ ᠡᠭᠦᠨ ᠢᠶᠠᠷ ᠠᠵᠠ ᠲᠣᠬᠢᠶᠠᠯ ᠪᠣᠯᠭᠠᠵᠤ᠂ ᠮᠠᠨ ᠤ ᠬᠤᠳᠠ ᠶᠢᠨ ᠰᠢᠯᠢᠳᠡᠭ ᠠᠵᠤ ᠠᠬᠤᠶᠢᠯᠠᠯ ᠲᠠᠢ ᠬᠤᠯᠪᠤᠭᠠᠯᠠᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠵᠡᠮᠳᠡᠭ ᠣᠶᠤᠲᠠᠳ ᠲᠤ ᠨᠡᠩ ᠤᠯᠠᠨ ᠠᠵᠢᠯ ᠣᠯᠭᠤᠯᠲᠠ ᠳᠠᠳᠤᠯᠭ᠎ᠠ ᠶᠢᠨ ᠠᠵᠠ ᠲᠣᠬᠢᠶᠠᠯ ᠬᠠᠩᠭᠠᠵᠤ᠂ ᠮᠠᠨ ᠤ ᠬᠤᠳᠠ ᠶᠢᠨ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号