︽ᠬᠤᠲᠣᠩ ᠠᠷᠠᠳ ᠤᠨ ᠲᠣᠭᠤᠷᠢᠭ ᠤᠨ 2024 ᠣᠨ ᠤ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/29
    ᠶᠦᠮ ᠤᠨ ᠪᠠᠶᠢᠰᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠯᠠᠭᠱᠠ  ᠬᠤᠶᠢᠲᠤ ᠵᠠᠮ ᠤᠨ ᠦᠢᠯᠡᠴᠢᠯᠡᠭᠡᠨ ᠤ ᠲᠥᠪ᠂ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ︽ᠬᠤᠲᠣᠩ ᠠᠷᠠᠳ ᠤᠨ ᠲᠣᠭᠤᠷᠢᠭ ᠤᠨ 2024 ᠣᠨ ᠤ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠲᠥᠰᠥᠯ︾ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃     2024 ᠣᠨ ᠤ 3 ᠰᠠᠷ᠎ᠠ ᠶᠢᠨ 29 ᠤ ᠡᠳᠦᠷ     ᠬᠤᠲᠣᠩ ᠠᠷᠠᠳ ᠶᠢᠨ ᠲᠣᠭᠤᠷᠢᠭ ᠤᠨ 2024 ᠣᠨ ᠤ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠲᠥᠰᠥᠯ     ᠬᠠᠩᠰᠢ ᠶᠢᠨ ᠡᠳᠦᠷ ᠤᠨ ᠲᠠᠬᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠲᠠᠬᠢᠯᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠮᠤᠷ ᠲᠦᠪᠰᠢᠨ᠂ ᠪᠣᠯᠪᠠᠰᠤᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠳᠦᠭᠡ ᠲᠤᠰ ᠲᠥᠰᠥᠯ ᠢ ᠲᠣᠭᠲᠠᠭᠠᠪᠠ᠃     ᠨᠢᠭᠡ᠂ ᠠᠵᠢᠯ ᠤᠨ ᠬᠠᠷᠠᠯᠲᠠ     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ︽ᠬᠠᠩᠰᠢ ᠶᠢᠨ ᠡᠳᠦᠷ ᠤᠨ ᠬᠤᠭᠤᠴᠠᠭᠠᠨ ᠳᠠᠬᠢ ᠪᠣᠯᠪᠠᠰᠤᠨ ᠲᠠᠬᠢᠯᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ﹇2008﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠠᠮᠤᠷ ᠲᠦᠪᠰᠢᠨ ᠢ ᠪᠠᠲᠤᠯᠠᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠪᠣᠬᠢᠷᠲᠤᠯ ᠦᠭᠡᠢ ᠣᠷᠣᠰᠢᠭᠤᠯᠭ᠎ᠠ ᠪᠠ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠵᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠪᠣᠯᠪᠠᠰᠤᠨ᠂ ᠪᠣᠬᠢᠷᠲᠤᠯ ᠦᠭᠡᠢ᠂ ᠠᠮᠤᠷ ᠲᠦᠪᠰᠢᠨ ᠲᠠᠬᠢᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃     ᠬᠤᠶᠠᠷ᠂ ᠬᠠᠷᠢᠭᠤᠴᠠᠯᠭ᠎ᠠ ᠶᠢᠨ ᠬᠤᠪᠢᠶᠠᠷᠢᠯᠠᠯ     1. ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠣᠷᠣᠰᠢᠭᠤᠯᠭ᠎ᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠰᠣᠷᠭᠤᠭ ᠴᠡᠴᠡᠭ ᠤᠨ ᠳᠠᠬᠢᠯᠭ᠎ᠠ᠂ ᠰᠦᠯᠵᠢᠶᠡᠨ ᠤ ᠲᠠᠬᠢᠯᠭ᠎ᠠ᠂ ᠭᠡᠷ ᠪᠦᠯᠢ ᠶᠢᠨ ᠳᠤᠷᠠᠰᠤᠨ ᠰᠠᠨᠠᠭᠠᠯᠵᠠᠬᠤ ᠬᠤᠷᠠᠯ᠂ ᠠᠯᠤᠰ ᠠᠴᠠ ᠲᠠᠬᠢᠬᠤ ᠲᠠᠬᠢᠯᠭ᠎ᠠ ᠵᠡᠷᠭᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠬᠢᠯᠭ᠎ᠠ ᠶᠢᠨ ᠠᠷᠭ᠎ᠠ ᠮᠠᠶ᠋ᠢᠭ ᠢᠶᠠᠷ ᠨᠠᠰᠤ ᠪᠠᠷᠠᠭᠰᠠᠳ ᠢ ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠵᠤ᠂ ᠭᠦᠨ ᠠᠰᠠᠷᠠᠵᠤ ᠪᠠᠭ᠎ᠠ ᠣᠷᠣᠰᠢᠭᠤᠯᠭ᠎ᠠ ᠪᠠ ᠪᠣᠬᠢᠷᠲᠤᠯ ᠦᠭᠡᠢ ᠣᠷᠣᠰᠢᠭᠤᠯᠭ᠎ᠠ ᠶᠢᠨ ᠣᠨᠣᠯᠵᠢᠬᠤᠨ ᠢ ᠶᠡᠬᠡᠪᠡᠷ ᠪᠠᠳᠠᠷᠠᠭᠤᠯᠤᠨ᠂ ᠪᠣᠯᠪᠠᠰᠤᠨ ᠲᠠᠬᠢᠯᠭ᠎ᠠ ᠶᠢᠨ ᠰᠢᠨ᠎ᠡ ᠰᠤᠷᠲᠠᠯ ᠢ ᠪᠣᠶ ᠪᠣᠯᠭᠠᠨ᠎ᠠ᠃ ᠣᠷᠣᠰᠢᠭᠤᠯᠭ᠎ᠠ ᠶᠢᠨ ᠬᠦᠷᠢᠶᠡᠨ ᠳᠠᠬᠢ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠵᠠᠭᠤᠴᠢᠯᠠᠭᠤᠷ ᠪᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠭᠦᠨ᠎ᠡ᠃     2. ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ︵ᠶᠡᠷᠦᠩᠬᠡᠶᠢᠯᠡᠨ ᠵᠠᠰᠠᠬᠤ ᠠᠵᠢᠯ︶᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠬᠠᠩᠰᠢ ᠶᠢᠨ ᠬᠤᠭᠤᠴᠠᠭᠠᠨ ᠳᠠᠬᠢ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠬᠦᠴᠦᠨ ᠵᠦᠢᠯ ᠢ ᠵᠠᠳᠠᠯᠤᠨ ᠰᠤᠳᠤᠯᠵᠤ ᠮᠠᠭᠠᠳᠯᠠᠵᠤ᠂ ᠬᠠᠩᠰᠢ ᠶᠢᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃  ᠭᠦ᠋ ᠯᠢᠨ ᠷᠧᠨ ᠸᠧᠨ ᠳᠤᠷᠠᠰᠬᠠᠯ ᠤᠨ ᠬᠦᠷᠢᠶᠡᠯᠡᠩ(古林人文纪念园) ᠵᠡᠷᠭᠡ ᠣᠯᠠᠨ ᠲᠦᠮᠡᠨ ᠤ ᠲᠠᠬᠢᠯᠭ᠎ᠠ ᠨᠡᠯᠢᠶᠡᠳ ᠲᠥᠪᠯᠡᠷᠡᠭᠰᠡᠨ ᠣᠷᠣᠨ ᠳᠤ ᠴᠢᠭᠯᠡᠭᠦᠯᠦᠨ᠂ ᠴᠠᠭᠳᠠᠭᠠᠨ ᠤ ᠬᠦᠴᠦᠨ ᠤ ᠡᠭᠦᠷᠭᠡ ᠭᠦᠢᠴᠡᠳᠬᠡᠬᠦ ᠪᠡᠯᠡᠳᠬᠡᠯ ᠢ ᠵᠦᠢ ᠵᠣᠬᠢᠰᠲᠠᠢ ᠲᠣᠬᠢᠷᠠᠭᠤᠯᠵᠤ᠂ ᠲᠠᠬᠢᠯᠭ᠎ᠠ ᠶᠢᠨ ᠠᠵᠢᠯᠯᠠᠭ᠎ᠠ ᠳᠤᠮᠳᠠᠬᠢ ᠠᠮᠤᠷ ᠲᠦᠪᠰᠢᠨ ᠤ ᠬᠡᠷᠡᠭ ᠢ ᠰᠢᠢᠳᠪᠦᠷᠢᠯᠡᠨ᠎ᠡ᠃     3. ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠄ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠣᠯᠪᠠᠰᠤᠨ ᠢᠶᠠᠷ ᠲᠠᠬᠢᠯᠭ᠎ᠠ ᠬᠢᠬᠦ᠂ ᠠᠮᠢ ᠠᠬᠤᠢ ᠶᠢᠨ ᠣᠷᠣᠰᠢᠭᠤᠯᠭ᠎ᠠ ᠶᠢ ᠬᠥᠲᠥᠯᠥᠨ ᠵᠢᠯᠣᠭᠤᠳᠤᠨ᠎ᠠ᠃ ᠬᠠᠷᠢᠶᠠᠲᠤ ᠣᠷᠣᠨ ᠤ 2 ᠡᠵᠡᠩᠨᠡᠯᠲᠡ ᠶᠢᠨ ᠴᠢᠨᠠᠷᠲᠠᠢ ᠨᠡᠶᠢᠲᠡ ᠶᠢᠨ ᠣᠩᠭᠤᠨ ᠵᠡᠷᠭᠡ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠬᠢᠯᠭ᠎ᠠ ᠶᠢᠨ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠡᠯ᠎ᠡ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠬᠠᠩᠰᠢ ᠶᠢᠨ ᠡᠳᠦᠷ ᠤᠨ ᠲᠠᠬᠢᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃     4. ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠲᠣᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠠᠮᠤᠷ ᠲᠦᠪᠰᠢᠨ ᠤ ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠣᠷᠣᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠲᠥᠬᠦᠭᠡᠷᠦᠮᠵᠢ ᠶᠢᠨ ︽ᠭᠤᠷᠪᠠᠨ ᠵᠠᠪᠠᠯ ᠪᠠᠶᠢᠴᠠᠭᠠᠬᠤ︾ ᠶᠢ ᠪᠡᠶᠡᠯᠡᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠭᠠᠯ ᠤᠨ ᠠᠶᠤᠯ᠂ ᠭᠢᠰᠭᠢᠯᠲᠡ ᠪᠠ ᠲᠡᠷᠭᠡᠨ ᠠᠳᠡᠯ ᠵᠡᠷᠭᠡ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃     5. ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠠᠬᠢᠯᠭ᠎ᠠ ᠶᠢᠨ ᠣᠷᠣᠨ ᠤ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠵᠠᠮ ᠬᠠᠷᠢᠯᠴᠠᠭᠠᠨ ᠤ ᠡᠮᠬᠢ ᠵᠢᠷᠤᠮ  ᠢ ᠬᠠᠮᠠᠭᠠᠯᠠᠵᠤ ᠬᠥᠲᠥᠯᠥᠨ ᠵᠢᠯᠤᠭᠤᠳᠬᠤ ᠠᠵᠢᠯ  ᠢ ᠴᠢᠩᠭᠠᠳᠬᠠᠵᠤ᠂ ᠮᠠᠰᠢᠨᠲᠤ ᠲᠡᠷᠭᠡ ᠶᠢ ᠲᠦᠷ ᠴᠠᠭ ᠲᠣᠭᠤᠷᠢᠨ ᠶᠠᠪᠤᠭᠤᠯᠬᠤ᠂ ᠨᠢᠭᠡᠯᠡ ᠴᠢᠭᠯᠡᠯ ᠢᠶᠠᠷ ᠶᠠᠪᠤᠭᠤᠯᠬᠤ᠂ ᠶᠠᠪᠤᠬᠤ ᠶᠢ ᠴᠠᠭᠠᠵᠠᠯᠠᠬᠤ ᠵᠡᠷᠭᠡ ᠲᠡᠮᠳᠡᠭ  ᠢ ᠴᠠᠭ ᠲᠤᠨᠢ ᠲᠣᠬᠢᠷᠠᠭᠤᠯᠤᠨ ᠨᠡᠮᠡᠵᠦ ᠲᠣᠬᠢᠷᠠᠭᠤᠯᠤᠨ᠂ ᠰᠠᠯᠭᠠᠵᠤ ᠶᠠᠪᠤᠭᠤᠯᠬᠤ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠪᠣᠯᠣᠨ ᠲᠡᠷᠭᠡ ᠬᠥᠰᠬᠡ ᠶᠢ ᠨᠡᠪᠲᠡᠷᠡᠭᠦᠯᠦᠨ ᠲᠠᠷᠬᠠᠭᠠᠬᠤ ᠶᠢ ᠪᠠᠲᠤᠯᠠᠬᠤ ᠬᠡᠷᠡᠭᠲᠡᠢ᠃     6. ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠬᠠᠩᠰᠢ ᠶᠢᠨ ᠬᠤᠭᠤᠴᠠᠭᠠᠨ ᠳᠠᠬᠢ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠲᠤᠭ᠎ᠠ ᠪᠠᠷᠢᠮᠲᠠ ᠶᠢ ᠬᠢᠨᠠᠨ ᠬᠡᠮᠵᠢᠵᠦ᠂ ᠣᠯᠠᠨ ᠲᠦᠮᠡᠨ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠲᠣᠭᠤᠷᠢᠨ ᠢ ᠬᠠᠮᠠᠭᠠᠯᠠᠬᠤ ᠲᠠᠬᠢᠯᠭ᠎ᠠ ᠶᠢᠨ ᠠᠷᠭ᠎ᠠ ᠮᠠᠶ᠋ᠢᠭ ᠢ ᠰᠣᠩᠭᠤᠬᠤ ᠶᠢ ᠰᠠᠨᠠᠭᠠᠴᠢᠯᠠᠨ᠎ᠠ᠃     7. ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠲᠤᠬᠠᠢ ᠶᠢᠨ ᠲᠠᠯᠠᠪᠤᠷ ᠲᠤ ᠭᠡᠨᠡᠳᠲᠡ ᠶᠢᠨ ᠡᠪᠡᠳᠴᠢᠲᠡᠨ ᠵᠢᠴᠢ ᠭᠡᠨᠡᠳᠲᠡ ᠶᠢᠨ ᠬᠡᠷᠡᠭ ᠠᠴᠠ ᠪᠣᠯᠵᠤ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠰᠠᠶᠢᠲᠤᠷ ᠬᠢᠵᠦ᠂ ᠨᠡᠶᠢᠲᠡ ᠶᠢᠨ ᠣᠩᠭᠤᠨ ᠵᠡᠷᠭᠡ ᠭᠤᠣᠯᠳᠠᠯᠭ᠎ᠠ ᠲᠠᠢ ᠲᠠᠬᠢᠯᠭ᠎ᠠ ᠶᠢᠨ ᠲᠠᠯᠠᠪᠤᠷ ᠲᠤ ᠡᠮᠴᠢᠯᠡᠭᠡᠨ ᠤ ᠠᠪᠤᠷᠠᠨ ᠲᠤᠰᠠᠯᠠᠬᠤ ᠲᠡᠷᠭᠡ ᠬᠥᠰᠬᠡ ᠲᠣᠬᠢᠷᠠᠭᠤᠯᠬᠤ ᠬᠡᠷᠡᠭᠲᠡᠢ᠃     8. ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠄ ᠵᠠᠮ ᠡᠵᠡᠯᠡᠨ ᠣᠷᠣᠰᠢᠭᠤᠯᠭ᠎ᠠ ᠶᠢᠨ ᠬᠡᠷᠡᠭᠰᠡᠯ ᠡᠵᠡᠩᠨᠡᠬᠦ᠂ ᠵᠡᠭᠡᠯᠢ ᠳᠠᠭᠠᠤ ᠴᠠᠭᠠᠰᠤ ᠰᠢᠲᠠᠭᠠᠬᠤ᠂ ᠴᠠᠭᠠᠰᠤᠨ ᠵᠣᠭᠤᠰ ᠠᠰᠬᠠᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠨ᠎ᠠ᠃     9. ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠄ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠬᠠᠮᠢᠶᠠᠷᠴᠤ᠂ ᠭᠠᠯ ᠤᠨ ᠠᠶᠤᠯ ᠢ ᠣᠯᠵᠤ ᠮᠡᠳᠡᠪᠡᠯ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠭᠠᠯ ᠤᠨᠲᠠᠷᠠᠭᠠᠨ᠎ᠠ᠃ ᠬᠠᠩᠰᠢ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠬᠠᠷᠢᠭᠤᠴᠠᠵᠤ᠂ ᠭᠠᠯ ᠤᠨᠲᠠᠷᠠᠭᠠᠬᠤ ᠴᠠᠭᠳᠠᠭᠠᠨ ᠤ ᠬᠦᠴᠦᠨ ᠪᠣᠯᠣᠨ ᠭᠠᠯ ᠤᠨᠲᠠᠷᠠᠭᠠᠬᠤ ᠲᠡᠷᠭᠡᠨ ᠤ ᠵᠢᠵᠢᠭᠦᠷ ᠤᠨ ᠪᠡᠯᠡᠳᠬᠡᠯ ᠢ ᠵᠦᠢ ᠵᠣᠬᠢᠰᠲᠠᠢ ᠲᠣᠬᠢᠷᠠᠭᠤᠯᠵᠤ᠂ ᠭᠠᠯ ᠤᠨ ᠠᠶᠤᠯ ᠭᠠᠷᠤᠭᠰᠠᠨ ᠦᠶ᠎ᠡ ᠳᠤ ᠭᠠᠯ ᠤᠨᠲᠠᠷᠠᠭᠠᠬᠤ ᠠᠵᠢᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠬᠤ ᠬᠡᠷᠡᠭᠲᠡᠢ᠃     10. ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠠᠩᠰᠢ ᠶᠢᠨ ᠬᠤᠭᠤᠴᠠᠭᠠᠨ ᠳᠠᠬᠢ ᠣᠷᠣᠰᠢᠭᠤᠯᠭ᠎ᠠ ᠶᠢᠨ ᠬᠡᠷᠡᠭᠰᠡᠯ ᠤᠨ ᠪᠣᠷᠤᠯᠠᠭᠤᠯᠭ᠎ᠠ ᠪᠠ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠬᠠᠮᠠᠭᠠᠯᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃     11.ᠨᠢᠭᠡ ᠪᠠᠯᠭᠠᠰᠤ  ᠳᠣᠯᠣᠭᠠᠨ ᠬᠡᠷᠡᠭ ᠡᠷᠬᠢᠯᠡᠬᠦ ᠭᠠᠵᠠᠷ ᠨᠢᠭᠡ ᠦᠢᠯᠡᠴᠢᠯᠡᠭᠡᠨ ᠤ ᠲᠥᠪ ᠲᠤ᠄ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠶᠢᠳᠠᠯ ᠪᠠ ᠠᠰᠠᠭᠤᠳᠠᠯ ᠲᠤᠯᠭᠠᠷᠠᠪᠠᠯ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠬᠢᠷᠲᠤᠯ ᠦᠭᠡᠢ ᠣᠷᠣᠰᠢᠭᠤᠯᠭ᠎ᠠ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠵᠤ᠂ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠬᠤ ᠬᠡᠷᠡᠭᠲᠡᠢ᠃ ᠤᠬᠠᠭᠤᠯᠭ᠎ᠠ ᠶᠢᠨ ᠴᠣᠩᠬᠤ ᠪᠠᠶᠢᠭᠤᠯᠵᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠩᠰᠢ ᠶᠢᠨ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠣᠯᠠᠨ ᠲᠦᠮᠡᠨ ᠳᠤ ᠦᠢᠯᠡᠴᠢᠯᠡᠭᠦᠯᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠪᠠᠯᠭᠠᠰᠤ᠂ ᠠᠯᠪᠠᠨ ᠭᠡᠷ᠂ ᠲᠥᠪ ᠨᠢ ᠨᠡᠯᠢᠶᠡᠳ ᠲᠠᠷᠠᠬᠠᠢ ᠪᠤᠲᠠᠷᠬᠠᠢ ᠬᠥᠳᠡᠭᠡ ᠲᠣᠰᠬᠤᠨ ᠤ ᠪᠤᠯᠠᠰᠢᠨ ᠭᠠᠵᠠᠷ᠂ ᠲᠡᠦᠬᠡ ᠶᠢᠨ ᠲᠥᠪᠯᠡᠷᠡᠭᠦᠯᠦᠨ ᠪᠤᠯᠠᠰᠢᠯᠠᠬᠤ ᠭᠠᠵᠠᠷ ᠢ ᠲᠠᠬᠢᠯᠭ᠎ᠠ ᠶᠢᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠲᠣᠰᠬᠤᠨ ︵ᠰᠠᠭᠤᠭᠠᠯᠢ ᠠᠷᠠᠳ︶ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠬᠠᠢ ᠬᠥᠮᠥᠨ ᠲᠣᠬᠢᠷᠠᠭᠤᠯᠤᠨ ᠲᠠᠬᠢᠯᠭ᠎ᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠬᠠᠷᠢᠭᠤᠴᠠᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃     ᠭᠤᠷᠪᠠ᠂ ᠠᠵᠢᠯ ᠤᠨ ᠱᠠᠭᠠᠷᠳᠠᠯᠭ᠎ᠠ     ︵ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠪᠠᠯᠭᠠᠰᠤ ︵ᠠᠯᠪᠠᠨ ᠭᠡᠷ᠂ ᠲᠥᠪ︶︶ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠨᠠᠷᠢᠨ ᠨᠢᠮᠪᠠᠢ ᠪᠠᠶᠢᠷᠢᠯᠠᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠡᠯ᠎ᠡ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠦᠢᠯᠡᠴᠢᠯᠡᠭᠡᠨ ᠤ ᠴᠣᠩᠬᠤᠪᠴᠢ ᠶᠢ ᠨᠡᠮᠡᠨ ᠲᠣᠬᠢᠷᠠᠭᠤᠯᠬᠤ᠂ ᠦᠢᠯᠡᠴᠢᠯᠡᠭᠡᠨ ᠤ ᠴᠠᠭ ᠢ ᠤᠷᠲᠤᠳᠬᠠᠬᠤ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ᠂ ᠬᠥᠮᠥᠨ ᠨᠡᠶᠢᠭᠡᠮ ᠤᠨ ᠬᠠᠯᠠᠮᠵᠢᠯᠠᠯ ᠢ ᠴᠢᠩᠭᠠᠷᠠᠭᠤᠯᠬᠤ ᠵᠡᠷᠭᠡ ᠪᠠᠷ ᠳᠠᠮᠵᠢᠭᠤᠯᠤᠨ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠵᠤ᠂ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠨᠢ ᠬᠦᠴᠦᠨ ᠦᠭᠡᠢ ᠠᠴᠠ ᠪᠣᠯᠵᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠭᠠᠵᠤ᠂ ᠬᠥᠮᠥᠨ ᠦᠬᠦᠵᠦ ᠰᠢᠷᠬᠠᠲᠤᠬᠤ ᠪᠠ ᠣᠯᠠᠨ ᠲᠦᠮᠡᠨ ᠤ ᠡᠳ᠋ ᠬᠥᠷᠥᠩᠭᠡ ᠶᠢ ᠬᠤᠬᠢᠷᠠᠭᠤᠯᠤᠭᠰᠠᠨ ᠪᠠᠶᠢᠪᠠᠯ᠂ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃     ︵ᠬᠤᠶᠠᠷ ᠲᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠭᠦᠨᠵᠡᠭᠡᠶᠢᠷᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠨ᠎ᠠ᠃ ᠡᠯ᠎ᠡ ᠪᠠᠯᠭᠠᠰᠤ ︵ᠠᠯᠪᠠᠨ ᠭᠡᠷ᠂ ᠲᠥᠪ︶︶ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠩᠰᠢ ᠶᠢᠨ ᠡᠳᠦᠷ ᠲᠤ ᠲᠥᠪᠯᠡᠷᠡᠭᠦᠯᠦᠨ ᠲᠠᠬᠢᠯᠭ᠎ᠠ ᠬᠢᠬᠦ ᠠᠵᠠ ᠲᠣᠬᠢᠶᠠᠯ ᠢ ᠭᠦᠢᠴᠡᠳ ᠠᠰᠢᠭᠯᠠᠨ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠣᠷᠭᠤᠭ ᠴᠡᠴᠡᠭ ᠬᠦᠷᠭᠡᠬᠦ᠂ ᠨᠣᠭᠤᠭᠠᠷᠠᠭᠤᠯᠵᠤ ᠮᠣᠳᠣ ᠲᠠᠷᠢᠬᠤ᠂ ᠰᠦᠯᠵᠢᠶᠡᠨ ᠤ ᠳᠠᠬᠢᠯᠭ᠎ᠠ᠂ ᠭᠡᠷ ᠪᠦᠯᠢ ᠶᠢᠨ ᠳᠤᠷᠠᠰᠤᠨ ᠰᠠᠨᠠᠭᠠᠯᠵᠠᠬᠤ᠂ ᠠᠯᠤᠰ ᠠᠴᠠ ᠲᠠᠬᠢᠬᠤ ᠵᠡᠷᠭᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠲᠠᠬᠢᠯᠭ᠎ᠠ ᠶᠢᠨ ᠠᠷᠭ᠎ᠠ ᠬᠡᠯᠪᠡᠷᠢ ᠶᠢ ᠶᠡᠬᠡᠪᠡᠷ ᠳᠡᠯᠭᠡᠷᠡᠭᠦᠯᠵᠦ᠂ ᠪᠣᠯᠭᠤᠮᠵᠢᠲᠠᠢ ᠣᠷᠣᠰᠢᠭᠤᠯᠬᠤ᠂ ᠪᠣᠯᠭᠤᠮᠵᠢᠲᠠᠢ ᠪᠣᠯᠭᠤᠮᠵᠢᠲᠠᠢ ᠪᠠᠶᠢᠬᠤ ᠣᠶᠢᠯᠠᠭᠠᠭᠳᠠᠬᠤᠨ ᠢ ᠪᠠᠳᠠᠷᠠᠭᠤᠯᠵᠤ᠂ ᠲᠠᠬᠢᠯᠭ᠎ᠠ ᠶᠢᠨ ᠠᠵᠢᠯᠯᠠᠭ᠎ᠠ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠲᠠᠢ ᠤᠶᠠᠯᠳᠤᠭᠤᠯᠵᠤ᠂ ᠬᠡᠪ ᠵᠠᠩᠰᠢᠯ ᠢ ᠥᠭᠡᠷᠡᠴᠢᠯᠡᠬᠦ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ᠃ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠣᠯᠬᠢ ᠪᠦᠳᠦᠭᠦᠯᠢᠭ ᠳᠠᠬᠢᠯᠭ᠎ᠠ ᠶᠢᠨ ᠬᠡᠷᠡᠭᠰᠡᠯ ᠪᠠ ᠹᠧᠣᠳᠠᠯ ᠤᠨ ᠮᠤᠬᠤᠷ ᠪᠢᠰᠢᠷᠡᠯ ᠤᠨ ᠦᠢᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠵᠢᠴᠢ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠵᠡᠷᠭᠡ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠢ ᠳᠠᠶᠢᠴᠢᠯᠠᠨ ᠪᠣᠯᠪᠠᠰᠤᠨ ᠳᠣᠣᠷ᠎ᠠ ᠨᠡᠭᠦᠷᠡᠰᠦᠲᠥ᠋ᠷᠥᠭᠴᠢᠲᠦ ᠲᠠᠬᠢᠯᠭ᠎ᠠ ᠬᠢᠯᠭᠡᠨ᠎ᠡ᠃         ︵ᠭᠤᠷᠪᠠ ᠳᠤ᠂ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠪᠠᠯᠭᠠᠰᠤ ︵ᠠᠯᠪᠠᠨ ᠭᠡᠷ᠂ ᠲᠥᠪ︶᠂ ᠬᠠᠮᠢᠶ᠎ᠠ ᠪᠦᠬᠦᠢ ᠰᠠᠯᠠᠭ᠎ᠠ ᠮᠥᠴᠢᠷ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠬᠠᠩᠰᠢ ᠶᠢᠨ ᠡᠳᠦᠷ ᠤᠨ ᠬᠤᠭᠤᠴᠠᠭᠠᠨ ᠳᠤ ︵4 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 7 ᠤ ᠡᠳᠦᠷ︶ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠡᠬᠢᠯᠡᠭᠦᠯᠵᠦ᠂ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠮᠡᠳᠡᠭᠦᠯᠬᠦ ᠵᠡᠷᠭᠡ ᠳᠦᠷᠢᠮ ᠢ ᠨᠠᠶᠢᠳᠠᠪᠤᠷᠢᠵᠢᠭᠤᠯᠤᠨ᠂ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠩᠰᠢ ᠶᠢᠨ ᠬᠤᠭᠤᠴᠠᠭᠠᠨ ᠳᠤ ᠬᠠᠩᠰᠢ ᠶᠢᠨ ᠡᠳᠦᠷ ᠤᠨ ᠠᠵᠢᠯ ᠤᠨ ᠠᠯᠪᠠᠨ ᠭᠡᠷ ᠪᠠᠶᠢᠭᠤᠯᠵᠤ᠂ ᠲᠤᠰᠬᠠᠢ ᠬᠥᠮᠥᠨ ᠲᠣᠬᠢᠷᠠᠭᠤᠯᠤᠨ ᠵᠢᠵᠢᠭᠦᠷᠯᠡᠨ ᠰᠠᠬᠢᠵᠤ᠂ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠶᠢ ᠬᠠᠷᠢᠭᠤᠴᠠᠭᠤᠯᠤᠨ᠂ ᠪᠥᠬᠦ ᠣᠷᠣᠨ ᠤ ᠲᠠᠬᠢᠯᠭ᠎ᠠ ᠶᠢᠨ ᠪᠠᠶᠢᠳᠠᠯ ᠢ ᠡᠵᠡᠮᠰᠢᠵᠦ᠂ ᠭᠠᠵᠠᠷ ᠣᠷᠣᠨ ᠤ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠦᠢᠯᠡᠴᠢᠯᠡᠨ᠎ᠡ᠃ ᠡᠯ᠎ᠡ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠡᠳᠦᠷ ᠪᠦᠷᠢ ᠶᠢᠨ 13 ᠴᠠᠭ ᠠᠴᠠ ᠡᠮᠦᠨ᠎ᠡ ︽2024 ᠣᠨ ᠤ ᠬᠠᠩᠰᠢ ᠶᠢᠨ ᠡᠳᠦᠷ ᠤᠨ ᠲᠠᠬᠢᠯᠭ᠎ᠠ ᠶᠢᠨ ᠪᠠᠶᠢᠳᠠᠯ ᠤᠨ ᠡᠳᠦᠷ ᠤᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠶᠢ ᠮᠡᠳᠡᠭᠦᠯᠦᠨ ᠬᠦᠷᠭᠡᠬᠦ ᠬᠡᠷᠡᠭᠲᠡᠢ᠃︶4 ᠰᠠᠷ᠎ᠠ ᠶᠢᠨ 10 ᠤ ᠡᠳᠦᠷ ᠠᠴᠠ ᠡᠮᠦᠨ᠎ᠡ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃     ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠵᠢᠵᠢᠭᠦᠷᠯᠡᠬᠦ ᠤᠲᠠᠰᠤ᠄ 0471 - 3821305     ᠢᠮᠧᠯ᠄ hmqmzjzhb@163.com ᠳᠦᠷᠰᠦ ᠨᠡᠪᠲᠡᠷᠡᠭᠦᠯᠭᠡ᠄ 0471 - 3821363
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号