ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ 2024 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/4
      ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ 2024 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠢᠶᠣᠤ ᠶᠢᠨ ᠮᠧᠶ ᠨᠥᠬᠦᠷ ᠬᠤᠷᠠᠯ ᠢ ᠡᠷᠭᠢᠯᠡᠭᠰᠡᠨ ᠪᠥᠭᠡᠳ 2024 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠳᠡᠭᠡᠷ᠎ᠡ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠤᠳᠠᠭ᠎ᠠ ᠨᠢ ᠪᠦᠭᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠳᠥᠷᠪᠡᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠢᠶᠣᠤ ᠶᠢᠨ ᠮᠧᠶ ᠨᠥᠬᠦᠷ ᠳᠥᠷᠪᠡᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ 2024 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠤᠣᠯ ᠠᠵᠢᠯ ᠤᠨ ᠲᠣᠭᠤᠷᠢᠨ ᠳᠤ ᠤᠬᠠᠮᠰᠠᠷ ᠠᠴᠠ ᠪᠠᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠤᠨᠤᠯ ᠤᠨ ᠰᠢᠨ᠎ᠡ ᠶᠢ ᠡᠭᠦᠳᠬᠦ ᠳᠤᠮᠳᠠ ᠠᠴᠠ ᠰᠡᠳᠬᠢᠴᠡ᠂ ᠠᠷᠭ᠎ᠠ ᠶᠢ ᠡᠷᠢᠵᠦ᠂ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠵᠦ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠰᠤᠷᠲᠠᠯ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠬᠢᠨᠠᠯᠲᠠ ᠪᠠᠶᠢᠴᠠᠭᠠᠯᠲᠠ ᠶᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠥᠷᠨᠢᠭᠦᠯᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠬᠤᠶᠠᠷ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠦᠷᠪᠡᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠡᠨᠡᠬᠦ ᠭᠤᠣᠯ ᠰᠢᠵᠢᠮ ᠢ ᠪᠠᠲᠤ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠭᠦᠨᠵᠡᠭᠡᠢ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠮᠠᠯ ᠠᠵᠤ ᠠᠬᠤᠢ ᠲᠠᠷᠢᠶᠠᠯᠠᠩ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号