ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ 95 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/4
      3 ᠰᠠᠷ᠎ᠠ ᠶᠢᠨ 1 ᠤ ᠡᠳᠦᠷ᠂ ᠲᠣᠭᠤᠷᠢᠭ ᠤᠨ  ᠨᠠᠮ ᠤᠨ ᠬᠤᠷᠢᠶ᠎ᠠ ᠶᠢᠨ 95 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃ ︽ᠦᠨᠡᠨ︾ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠰᠤᠭᠠᠢ︾᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠮᠦᠨᠡᠲᠦ ᠲᠤᠶᠢᠯ ᠤᠨ ᠴᠢᠨᠯᠢᠩ ᠦᠷᠳᠡᠭᠡ ᠳᠤ ᠥᠭᠭᠦᠭᠰᠡᠨ ᠪᠠᠶᠠᠷ ᠤᠨ ᠵᠠᠬᠢᠳᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠶᠠᠨ ᠷᠦ᠋ ᠬᠤᠷᠠᠯ ᠢ ᠡᠷᠬᠢᠯᠡᠪᠡ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠪᠣᠯᠣᠨ ᠪᠦᠬᠦ ᠬᠤᠳᠠ ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠦᠷᠢᠮ ᠢ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ︔ ᠲᠣᠭᠲᠠᠭᠤᠨ ᠳᠤ ᠬᠤᠯᠪᠣᠭᠳᠠᠬᠤ ᠠᠶᠤᠯ ᠲᠦᠭᠰᠢᠭᠦᠷᠢ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠲᠣᠪᠣᠶᠢᠮ᠎ᠠ ᠶᠠᠯᠠᠲᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ︔ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠵᠡᠷᠭᠡ ᠠᠵᠢᠯ ᠲᠠᠢ ᠤᠶᠠᠯᠳᠤᠭᠤᠯᠵᠤ᠂ ᠵᠢᠱᠢᠶ᠎ᠡ ᠦᠵᠡᠭᠦᠯᠬᠦ ᠴᠡᠭ ᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠲᠤᠰᠬᠠᠶᠢᠵᠢᠯᠲᠠ᠂ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠢ ᠪᠠᠬᠢᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠰᠡᠷᠭᠡᠶᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠳᠬᠠᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ ᠵᠢᠯᠤᠭᠤᠳᠬᠤ ᠶᠢ ᠢᠳᠡᠪᠬᠢᠲᠡᠢ ᠥᠷᠨᠢᠭᠦᠯᠵᠦ᠂ ᠬᠠᠷᠢᠶᠠᠲᠤ ᠣᠷᠣᠨ ᠤ ᠠᠷᠠᠳ ᠲᠦᠮᠡᠨ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠦᠨᠡᠨᠬᠦ ᠪᠣᠶ ᠪᠣᠯᠭᠠᠵᠤ ᠥᠭᠬᠦ ᠬᠡᠷᠡᠭᠲᠡᠢ᠃      ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠨ ᠤ ᠬᠠᠷᠠᠯᠲᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ︽ᠵᠠᠮ ᠱᠤᠭᠤᠮ ᠤᠨ ᠵᠢᠷᠤᠭ︾᠂ ︽ᠴᠠᠭ ᠤᠨ ᠬᠦᠰᠦᠨᠦᠭᠲᠦ︾᠂ ︽ᠡᠭᠦᠷᠭᠡ ᠶᠢᠨ ᠪᠢᠴᠢᠭ︾ ᠢ ᠡᠷᠲᠡᠬᠡᠨ ᠲᠣᠳᠣᠷᠬᠠᠶᠢᠯᠠᠵᠤ᠂ ᠵᠦᠢᠯ ᠳᠠᠷᠠᠭᠠᠯᠠᠨ ᠬᠤᠪᠢᠶᠠᠵᠤ ᠪᠠᠶᠢᠭᠠᠳ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠠᠵᠢᠯ ᠲᠦᠷᠦᠯ ᠪᠠ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠪᠦᠲᠦᠭᠡᠯᠴᠢ ᠴᠢᠨᠠᠷᠲᠠᠢ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠬᠡᠷᠡᠭᠲᠡᠢ︔ ᠪᠦᠬᠦ ᠲᠣᠭᠤᠷᠢᠭ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠬᠢᠨᠠᠨ ᠬᠡᠮᠵᠢᠬᠦ᠂ ᠲᠣᠬᠢᠷᠠᠭᠤᠯᠬᠤ ᠶᠢ ᠴᠢᠩᠭᠠᠳᠬᠠᠵᠤ᠂ ᠨᠢᠭᠡᠳᠦᠯᠲᠡᠢ ᠪᠠᠶᠢᠯᠭᠠᠬᠤ ᠶᠣᠰᠣᠲᠠᠢ ᠶᠢ ᠨᠢ ᠪᠦᠬᠦᠨ ᠢ ᠨᠢᠭᠡᠳᠦᠯᠲᠡᠢ ᠪᠠᠶᠢᠯᠭᠠᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠣᠨᠣᠪᠴᠢᠲᠠᠢ ᠪᠠᠶᠢᠯᠭᠠᠵᠤ᠂ ᠪᠦᠬᠦ ᠲᠣᠭᠤᠷᠢᠭ ᠤᠨ ᠬᠥᠭᠵᠢᠯᠲᠡ ᠳᠤ ᠪᠦᠲᠦᠮᠵᠢᠲᠡᠢ ᠰᠠᠨᠠᠯ ᠳᠤᠷᠠᠳᠬᠤ ᠬᠡᠷᠡᠭᠲᠡᠢ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠭᠠᠷᠳᠠᠮ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠤᠨ ᠠᠵᠢᠯ ᠢᠶᠠᠨ ᠡᠬᠢᠯᠡᠭᠦᠯᠬᠦ ᠶᠢ ᠲᠦᠷᠭᠡᠨ ᠠᠬᠢᠭᠤᠯᠵᠤ᠂ ᠨᠢᠭᠡᠳᠦᠭᠡᠷ ᠤᠯᠠᠷᠢᠯ ᠤᠨ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠳᠤ ︽ᠡᠭᠦᠳᠡ ᠪᠠᠨ ᠨᠡᠭᠡᠭᠡᠵᠦ ᠲᠣᠭᠲᠠᠭᠤᠨ︾ ︽ᠡᠬᠢᠯᠡᠯᠲᠡ ᠲᠠᠢ ᠪᠣᠯᠬᠤ︾ ᠶᠢ ᠪᠡᠶᠡᠯᠡᠭᠦᠯᠬᠦ ᠳᠤ ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠥᠴᠥᠬᠡᠨ ᠴᠦ ᠠᠯᠳᠠᠰᠢ ᠦᠭᠡᠢ︾ ᠴᠢᠩᠭ᠎ᠠ ᠨᠢᠮᠪᠠᠢ ᠣᠪᠣᠷ ᠢᠶᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠣᠩ ᠠᠷᠠᠳ ᠤᠨ ᠲᠣᠭᠤᠷᠢᠭ ᠤᠨ ᠬᠢᠨᠠᠨ ᠪᠣᠳᠣᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠵᠠᠩᠭᠢᠯᠠᠭ᠎ᠠ ᠶᠢᠨ ᠬᠦᠷᠢᠶᠡᠨ ᠳᠠᠬᠢ ᠬᠢᠨᠠᠨ ᠪᠣᠳᠣᠯᠲᠠ ᠪᠠ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠬᠢᠨᠠᠨ ᠪᠣᠳᠣᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠢᠨᠠᠨ ᠪᠣᠳᠣᠯᠲᠠ ᠪᠠᠷ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽ᠬᠤᠲᠣᠩ ᠠᠷᠠᠳ ᠤᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ︽ᠬᠤᠲᠣᠩ ᠠᠷᠠᠳ ᠤᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠰᠤᠳᠤᠯᠤᠨ ᠬᠢᠨᠠᠨ ᠵᠥᠪᠯᠡᠪᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号