ᠡᠨᠡ ᠵᠢᠯ ᠤᠨ ᠡᠴᠦᠰ ᠪᠤᠯᠲᠠᠯ᠎ᠠ 100 ᠲᠦᠮᠡ ᠠᠴᠠ ᠳᠡᠭᠡᠭᠰᠢ ᠪᠠᠷᠠᠭᠠᠨ ᠤ ᠲᠡᠷᠭᠡᠨ ᠵᠢᠯᠣᠭᠤᠴᠢ ᠶᠢ ᠠᠵᠢᠯᠴᠢᠨ ᠤ ᠡᠪᠯᠡᠯ ᠳᠤ ᠣᠷᠣᠭᠤᠯᠤᠨ᠎ᠠ
ᠨᠡᠶᠢᠲᠡᠯᠡᠭᠰᠡᠨ ᠴᠠᠭ᠄
2024/3/4
      ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ︽ᠪᠠᠷᠠᠭᠠᠨ ᠤ ᠲᠡᠷᠭᠡᠨ ᠵᠢᠯᠣᠭᠤᠴᠢ ᠶᠢᠨ ᠠᠵᠢᠯᠴᠢᠨ ᠤ ᠡᠪᠯᠡᠯ ᠳᠤ ᠣᠷᠣᠬᠤ ᠪᠠ ᠦᠢᠯᠡᠴᠢᠯᠡᠭᠡᠨ ᠤ ᠠᠵᠢᠯ ᠢ ᠴᠢᠨᠠᠭᠰᠢᠳᠠ ᠠᠬᠢᠭᠤᠯᠬᠤ ᠲᠤᠬᠠᠢ ᠮᠡᠳᠡᠭᠳᠡᠯ︾ ︵ᠳᠣᠷᠣᠭᠰᠢ︽ᠮᠡᠳᠡᠭᠳᠡᠯ︾ ᠭᠡᠵᠦ ᠲᠣᠪᠴᠢᠯᠠᠨ᠎ᠠ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃      ︽ᠮᠡᠳᠡᠭᠳᠡᠯ︾ ᠳᠤ᠂ 2024 ᠣᠨ ᠤ ᠡᠴᠦᠰ ᠪᠤᠯᠬᠤ ᠳᠤ ᠪᠦᠭᠦ ᠤᠯᠤᠰ ᠲᠤ ᠪᠠᠷᠠᠭᠠᠨ ᠤ ᠲᠡᠷᠭᠡᠨ ᠵᠢᠯᠣᠭᠤᠴᠢ ᠶᠢᠨ ᠠᠵᠢᠯᠴᠢᠨ ᠤ ᠡᠪᠯᠡᠯ ᠤᠨ ᠭᠡᠰᠢᠭᠦᠨ ᠤ ᠲᠤᠭ᠎ᠠ ᠶᠢ 100 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢᠨ ᠬᠠᠮᠲᠤ ᠪᠠᠷᠠᠭᠠᠨ ᠤ ᠲᠡᠷᠭᠡᠨ ᠵᠢᠯᠣᠭᠤᠴᠢ ᠶᠢᠨ ᠠᠵᠢᠯᠴᠢᠨ ᠤ ᠡᠪᠯᠡᠯ ᠳᠤ ᠣᠷᠣᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ 2026 ᠣᠨ ᠤ ᠡᠴᠦᠰ ᠪᠤᠯᠬᠤ ᠳᠤ ᠪᠦᠭᠦ ᠤᠯᠤᠰ ᠤᠨ ᠪᠠᠷᠠᠭᠠᠨ ᠤ ᠲᠡᠷᠭᠡᠨ ᠵᠢᠯᠣᠭᠤᠴᠢ ᠶᠢᠨ ᠭᠡᠰᠢᠭᠦᠨ ᠤ ᠲᠤᠭ᠎ᠠ ᠶᠢ 500 ᠲᠦᠮᠡ ᠠᠴᠠ ᠳᠠᠪᠠᠭᠤᠯᠵᠤ᠂ ᠪᠠᠷᠠᠭᠠᠨ ᠤ ᠲᠡᠷᠭᠡᠨ ᠵᠢᠯᠣᠭᠤᠴᠢ ᠶᠢ ᠦᠨᠳᠦᠰᠦᠨ ᠳᠡᠭᠡᠨ ᠪᠦᠭᠦᠨ ᠢ ᠬᠠᠮᠤᠷᠤᠨ᠎ᠠ᠃      ᠡᠯ᠎ᠡ ᠭᠠᠵᠠᠷ ᠤᠨ ᠠᠵᠢᠯᠴᠢᠨ ᠤ ᠡᠪᠯᠡᠯ ᠪᠠᠷᠠᠭᠠᠨ ᠤ ᠲᠡᠷᠭᠡᠨ ᠵᠢᠯᠣᠭᠤᠴᠢ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠪᠠᠷᠠᠭᠠᠨ ᠤ ᠲᠡᠷᠭᠡᠨ ᠵᠢᠯᠣᠭᠤᠴᠢ ᠶᠢᠨ ᠣᠨᠴᠠᠯᠢᠭ ᠲᠤ ᠲᠣᠬᠢᠷᠠᠭᠰᠠᠨ ᠠᠵᠢᠯᠴᠢᠨ ᠤ ᠡᠪᠯᠡᠯ ᠳᠤ ᠣᠷᠣᠬᠤ ᠭᠡᠯᠪᠡᠷᠢ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠵᠢᠯᠣᠭᠤᠴᠢ ᠶᠢᠨ ᠠᠵᠢᠯᠴᠢᠨ ᠤ ᠡᠪᠯᠡᠯ ᠳᠤ ᠣᠷᠣᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠨᠠᠷᠢᠯᠢᠭ ᠣᠨᠣᠴᠠᠲᠠᠢ ᠦᠢᠯᠡᠴᠢᠯᠡᠭᠡ ᠪᠠᠷ ᠠᠵᠢᠯᠴᠢᠨ ᠤ ᠡᠪᠯᠡᠯ ᠳᠤ ᠣᠷᠣᠬᠤ ᠶᠢ ᠠᠬᠢᠭᠤᠯᠵᠤ᠂ ᠪᠠᠷᠠᠭᠠᠨ ᠤ ᠲᠡᠷᠭᠡᠨ ᠵᠢᠯᠣᠭᠤᠴᠢ ᠳᠤ ᠬᠠᠨᠳᠤᠭᠤᠯᠤᠭᠰᠠᠨ ᠨᠢᠭᠡ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ᠂ ᠠᠵᠢᠯ ᠲᠥᠷᠥᠯ ᠤᠨ ᠲᠤᠰᠬᠠᠢ ᠬᠠᠷᠢᠶᠠᠲᠤ ᠴᠢᠨᠠᠷᠲᠠᠢ ︽ᠠᠵᠢᠯᠴᠢᠨ ᠤ ᠡᠪᠯᠡᠯ ᠳᠤ ᠣᠷᠣᠬᠤ ᠦᠢᠯᠡᠴᠢᠯᠡᠭᠡ︾ ᠬᠠᠩᠭᠠᠵᠤ᠂ ᠠᠵᠢᠯᠴᠢᠨ ᠤ ᠡᠪᠯᠡᠯ ᠳᠤ ᠣᠷᠣᠬᠤ ᠶᠢᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ︽ᠮᠡᠳᠡᠭᠳᠡᠯ︾ ᠳᠤ ᠱᠠᠭᠠᠷᠳᠠᠭᠰᠠᠨ ᠪᠠᠶᠢᠨ᠎ᠠ᠃      ︽ᠮᠡᠳᠡᠭᠳᠡᠯ︾ ᠳᠤ ᠪᠠᠰᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠪᠠᠷᠠᠭᠠᠨ ᠤ ᠲᠡᠷᠭᠡᠨ ᠵᠢᠯᠣᠭᠤᠴᠢ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠠᠵᠢᠯ ᠲᠥᠷᠥᠯ ᠤᠨ ᠨᠡᠶᠢᠭᠡᠮᠯᠢᠭ᠂ ᠳᠠᠭᠠᠭᠤᠯᠤᠭᠴᠢ ᠠᠵᠤ ᠠᠬᠤᠶᠢᠯᠠᠯ ᠪᠤᠶᠤ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠢᠳᠡᠪᠬᠢᠲᠡᠢ ᠵᠥᠪᠳᠡᠯᠴᠡᠵᠦ᠂ ︽ᠵᠢᠯᠣᠭᠤᠴᠢ ᠶᠢᠨ ᠪᠠᠭᠤᠴᠠ︾ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ ᠲᠦᠭᠡᠮᠡᠯ ᠬᠠᠷᠠᠭᠠᠯᠵᠠᠯᠲᠤ ᠦᠢᠯᠡᠴᠢᠯᠡᠭᠡ᠂ ᠬᠦᠴᠢᠷᠳᠡᠯ ᠢ ᠬᠠᠪᠰᠤᠷᠤᠨ ᠲᠡᠳᠬᠦᠬᠦ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠶᠢ ᠲᠡᠭᠦᠯᠳᠡᠷᠵᠢᠭᠦᠯᠵᠦ᠂ ᠥᠷᠭᠡᠨ ᠣᠯᠠᠨ ᠪᠠᠷᠠᠭᠠᠨ ᠤ ᠲᠡᠷᠭᠡᠨ ᠵᠢᠯᠣᠭᠤᠴᠢ ᠳᠤ ᠠᠵᠢᠯᠴᠢᠨ ᠤ ᠡᠪᠯᠡᠯ ᠪᠣᠯ ᠠᠵᠢᠯᠲᠠᠨ ᠠᠵᠢᠯᠴᠢᠨ ᠤ ᠭᠡᠷ ᠮᠥᠨ᠂ ᠠᠵᠢᠯᠴᠢᠨ ᠤ ᠡᠪᠯᠡᠯ ᠤᠨ ᠺᠠᠳ᠋ᠷ ᠪᠣᠯ ᠬᠠᠮᠤᠭ ᠤᠨ ᠢᠲᠡᠭᠡᠮᠵᠢᠲᠡᠢ ᠳᠣᠲᠣᠨᠣ ᠬᠥᠮᠥᠨ ᠮᠥᠨ ᠭᠡᠳᠡᠭ ᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号