3 ᠰᠠᠷ᠎ᠠ ᠶᠢᠨ 3 ᠤ ᠡᠳᠦᠷ ᠤᠨ ᠣᠷᠣᠢ ᠶᠢᠨ 7᠄ 30 ᠲᠤ᠂ ᠥᠪᠡᠷᠲᠡᠭᠡᠨ ᠵᠠᠰᠠᠬᠤ ᠣᠷᠣᠨ ᠤ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ | ᠨᠡᠶᠢᠭᠡᠮᠯᠢᠭ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠰᠦᠯᠵᠢᠶᠡᠨ ᠤ ᠤᠳᠬ᠎ᠠ ᠤᠷᠠᠯᠢᠭ ᠤᠨ ᠳᠠᠮᠵᠢᠭᠤᠯᠭ᠎ᠠ ᠶᠢᠨ ᠲᠥᠪ ᠠᠴᠠ ᠳᠠᠭᠠᠭᠠᠴᠢᠯᠠᠨ ᠡᠷᠭᠢᠯᠡᠭᠦ ︽ᠤᠮᠠᠷᠠᠲᠤ | ᠬᠢᠯᠢ ᠳᠤ ᠬᠠᠩᠭᠢᠨᠠᠭᠤᠯᠤᠶ᠎ᠠ︾ᠭᠡᠬᠦ ᠰᠢᠨ᠎ᠡ ᠣᠳᠣᠳ ᠤᠨ ᠰᠢᠨ᠎ᠡ ᠪᠦᠲᠦᠭᠡᠯ ᠤᠨ ᠳᠠᠭᠤᠤ ᠶᠢᠨ ᠦᠳᠡᠰᠢᠯᠡᠭᠡ ᠥᠪᠥᠷ | ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ | ᠡᠬᠢᠯᠡᠵᠦ᠂ ︽ᠲᠠᠯ᠎ᠠ ᠨᠤᠲᠤᠭ ᠪᠦᠷᠢᠨ ᠵᠠᠭᠤᠴᠢᠯᠠᠭᠤᠷ︾ ᠤᠨ ᠰᠢᠯᠵᠢᠶ᠎ᠡ ᠳᠡᠭᠡᠷ᠎ᠡ ᠰᠢᠭᠤᠳ ᠨᠡᠪᠲᠡᠷᠡᠭᠦᠯᠭᠡ ᠬᠢᠨ᠎ᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠳᠠᠭᠤᠤ ᠶᠢᠨ ᠦᠳᠡᠰᠢᠯᠡᠭᠡ ᠳᠤ ︽ᠲᠠᠯ᠎ᠠ ᠨᠤᠲᠤᠭ ᠠᠴᠠ | ᠪᠡᠭᠡᠵᠢᠩ ᠢ ᠪᠠᠷᠠᠯᠠᠨ᠎ᠠ︾᠂ ︽ᠮᠣᠷᠢ ᠤᠷᠭᠠᠯᠠᠬᠤᠢ︾᠂︽ᠪᠢ ᠪᠣᠯ ᠠᠳᠤᠭᠤᠴᠢᠨ︾᠂ ︽ᠲᠠᠯ᠎ᠠ ᠨᠤᠲᠤᠭ ᠲᠤ ᠲᠠᠨ ᠢ | ᠤᠷᠢᠶ᠎ᠠ︾ᠭᠡᠬᠦ ᠵᠡᠷᠭᠡ ᠣᠯᠠᠨ ᠤ ᠰᠠᠶᠢᠨ ᠮᠡᠳᠡᠳᠡᠭ ᠳᠠᠭᠤᠤ ᠪᠠᠶᠢᠬᠤ ᠪᠠᠷ ᠪᠠᠷᠠᠬᠤ ᠦᠭᠡᠢ᠂ ᠪᠠᠰᠠ ᠨᠢᠭᠡ ᠪᠦᠯᠦᠭ | ᠰᠢᠨ᠎ᠡ ᠣᠳᠣᠳ ᠤᠨ ᠰᠢᠨ᠎ᠡ ᠪᠦᠲᠦᠭᠡᠯ ᠪᠤᠶ᠃ ᠠᠯᠳᠠᠷᠲᠤ ᠳᠠᠭᠤᠴᠢᠨ ᠵᠢᠨᠬᠤᠸᠠᠷ ᠬᠦᠦ ᠲᠠᠢ ᠪᠠᠨ ᠬᠠᠮᠲᠤ | ᠳᠠᠭᠤᠯᠠᠬᠤ ᠪᠠᠷ ᠪᠠᠶᠢᠭ᠎ᠠ ︽ᠨᠠᠷᠭᠢᠶᠠᠨᠲᠤ ᠲᠠᠯ᠎ᠠ ᠨᠤᠲᠤᠭ︾ ᠪᠠ ︽ᠪᠡᠭᠡᠵᠢᠩ ᠤᠨ ᠵᠢᠨᠱᠠᠨ ᠠᠭᠤᠯᠠᠨ ᠳᠤ︾᠂ | ᠡᠭᠦᠨ ᠠᠴᠠ ᠭᠠᠳᠠᠨ᠎ᠠ ᠪᠠᠰᠠ ᠤᠯᠠᠭᠠᠨᠲᠤᠶᠠᠭ᠎ᠠ᠂ ᠬᠦᠰᠡᠯᠡᠩ᠂ ᠮᠡᠶᠢᠷᠡᠨ ᠬᠠᠮᠲᠤᠯᠢᠭ ᠵᠡᠷᠭᠡ ᠠᠳᠠᠯᠢ ᠪᠤᠰᠤ ᠳᠠᠭᠤᠤ | ᠬᠥᠭᠵᠢᠮ ᠤᠨ ᠬᠡᠪ ᠨᠠᠮᠪᠠ ᠲᠠᠢ ᠳᠠᠭᠤᠴᠢᠳ ᠢ ᠵᠠᠯᠠᠵᠠᠢ᠃ ᠲᠤᠬᠠᠢ ᠶᠢᠨ ᠦᠶ᠎ᠡ ᠳᠤ ᠦᠵᠡᠭᠴᠢᠳ ᠨᠢᠭᠡᠨ ᠳᠠᠯᠠᠪᠠᠢ | ᠴᠣ ᠰᠢᠨ᠎ᠡ ᠳᠠᠭᠤᠤ ᠬᠥᠭᠵᠢᠮ ᠤᠨ ᠦᠪᠡᠳᠡᠭᠰᠢ ᠨᠠᠶᠢᠷ ᠢ ᠠᠮᠲᠠᠷᠬᠠᠬᠤ ᠪᠣᠯᠣᠨ᠎ᠠ᠃ | | | | | ᠵᠢᠷᠤᠭ ᠢ ᠲᠣᠪᠴᠢᠳᠠᠵᠤ ᠰᠢᠭᠤᠳ ᠨᠡᠪᠲᠡᠷᠡᠭᠦᠯᠭᠡ ᠶᠢᠨ ᠰᠦᠯᠵᠢᠶᠡᠨ ᠨᠢᠭᠤᠷ ᠢ ᠦᠵᠡᠭᠡᠷᠡᠢ︕ | | |