ᠡᠲᠡᠭᠡᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠠᠨ ᠤ ᠴᠠᠭᠠᠨ ᠰᠠᠷ᠎ᠠ ᠶᠢᠨ ᠳᠠᠷᠠᠭ᠎ᠠ ᠠᠵᠢᠯ ᠡᠷᠢᠵᠦ ᠦᠢᠯᠡᠰ ᠪᠣᠰᠬᠠᠬᠤ ᠳᠤ ᠳᠡᠮᠵᠢᠨ᠎ᠡ︕
ᠨᠡᠶᠢᠲᠡᠯᠡᠭᠰᠡᠨ ᠴᠠᠭ᠄
2024/3/4
      ᠴᠠᠭᠠᠨ ᠰᠠᠷ᠎ᠠ ᠶᠢᠨ ᠳᠠᠷᠠᠭ᠎ᠠ᠂ ᠵᠠᠷᠢᠮ ᠬᠥᠮᠥᠰ ᠭᠠᠳᠠᠭᠰᠢ ᠭᠠᠷᠴᠤ ᠬᠥᠯᠥᠰᠦᠨ ᠠᠵᠢᠯ ᠬᠢᠵᠦ᠂ ᠵᠠᠷᠢᠮ ᠬᠥᠮᠥᠰ ᠨᠤᠲᠤᠭ ᠲᠤ ᠪᠠᠨ ᠦᠯᠡᠳᠡᠵᠦ ᠦᠢᠯᠡᠰ ᠪᠣᠰᠬᠠᠬᠤ ᠶᠢ ᠰᠣᠩᠭᠤᠭᠰᠠᠨ ᠪᠠᠶᠢᠨ᠎ᠠ᠃ ᠶᠡᠭᠡ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠪᠠ ᠴᠡᠷᠢᠭ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ ᠶᠢ ᠳᠡᠮᠵᠢᠬᠦ ᠶᠢᠨ ᠲᠥᠯᠥᠭᠡ᠂ ᠤᠯᠤᠰ ᠠᠴᠠ ᠨᠢᠭᠡ ᠰᠢᠷᠢᠰ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠂ ᠥᠨᠥᠳᠥᠷ ᠲᠠᠨ ᠳᠤ ᠦᠢᠯᠡᠰ ᠪᠣᠰᠬᠠᠵᠤ ᠠᠵᠢᠯ ᠣᠯᠣᠭᠰᠠᠳ ᠶᠠᠮᠠᠷ ᠶᠠᠮᠠᠷ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠬᠦᠷᠲᠡᠵᠦ ᠪᠣᠯᠬᠤ ᠶᠢ ᠲᠠᠨᠢᠯᠴᠠᠭᠤᠯᠤᠶ᠎ᠠ᠃      ᠭᠤᠣᠯᠳᠠᠯᠭ᠎ᠠ ᠲᠠᠢ ᠬᠥᠮᠥᠰ ᠦᠢᠯᠡᠰ ᠪᠣᠰᠬᠠᠬᠤ ᠳᠤ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ      2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠳᠠᠬᠢᠨ ᠶᠠᠳᠠᠭᠤᠷᠠᠬᠤ ᠠᠴᠠ ᠰᠡᠷᠭᠡᠶᠢᠯᠡᠵᠦ ᠬᠢᠨᠠᠨ ᠰᠢᠨᠵᠢᠭᠳᠡᠭᠰᠡᠳ ᠢ ᠪᠠᠭᠲᠠᠭᠠᠨ᠎ᠠ︶᠂ ︽ᠠᠵᠢᠯ ᠣᠯᠵᠤ ᠦᠢᠯᠡᠰ ᠪᠣᠰᠬᠠᠬᠤ ᠦᠨᠡᠮᠯᠡᠯ︾ ︵︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠪᠤᠶᠤ ︽ᠲᠡᠭᠦᠰᠬᠦ ᠣᠨ ᠤ ᠳᠣᠲᠣᠷᠠᠬᠢ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠭᠰᠠᠨ︶ ᠪᠤᠶᠤ ︽ᠠᠵᠢᠯ ᠣᠯᠵᠤ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ ︵︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠭᠰᠠᠨ︶ ᠲᠠᠢ ᠬᠥᠮᠥᠰ᠂ ᠬᠤᠪᠢ ᠶᠢᠨ ᠡᠵᠡᠩᠨᠡᠯᠲᠡ ᠬᠢᠪᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠭᠤᠯᠤᠭᠰᠠᠨ ᠲᠣᠰ ᠰᠠᠷ᠎ᠠ ᠠᠴᠠ ᠡᠬᠢᠯᠡᠨ᠂ 3 ᠵᠢᠯ ︵36 ᠰᠠᠷ᠎ᠠ︶ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 20000 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠡᠭᠦᠨ ᠤ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠭᠠᠶᠢᠯᠢ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠭᠠᠶᠢᠯᠢ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠬᠢᠵᠠᠭᠠᠷ ᠲᠣᠭᠠᠨ ᠤ ᠪᠠᠷᠢᠮᠵᠢᠶ᠎ᠠ ᠶᠢ ᠬᠠᠮᠤᠭ ᠤᠨ ᠥᠨᠳᠥᠷ ᠲᠤ ᠪᠠᠨ 20% ᠪᠠᠷ ᠥᠰᠬᠡᠵᠦ ᠪᠣᠯᠣᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠡᠨᠡ ᠬᠡᠪᠴᠢᠶᠡᠨ ᠳᠣᠲᠣᠷ᠎ᠠ ᠪᠣᠳᠠᠲᠠᠢ ᠬᠢᠵᠠᠭᠠᠷ ᠲᠣᠭᠠᠨ ᠤ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃      ᠴᠡᠷᠢᠭ ᠠᠴᠠ ᠬᠠᠯᠠᠭᠳᠠᠭᠰᠠᠳ ᠦᠢᠯᠡᠰ ᠪᠣᠰᠬᠠᠬᠤ ᠳᠤ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ      2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠳ ᠬᠤᠪᠢ ᠶᠢᠨ ᠡᠵᠡᠩᠨᠡᠯᠲᠡ ᠬᠢᠪᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠭᠤᠯᠤᠭᠰᠠᠨ ᠲᠣᠰ ᠰᠠᠷ᠎ᠠ ᠠᠴᠠ ᠡᠬᠢᠯᠡᠨ᠂ 3 ᠵᠢᠯ ︵36 ᠰᠠᠷ᠎ᠠ︶ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 20000 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠡᠭᠦᠨ ᠤ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠭᠠᠶᠢᠯᠢ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠭᠠᠶᠢᠯᠢ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠬᠢᠵᠠᠭᠠᠷ ᠲᠣᠭᠠᠨ ᠤ ᠪᠠᠷᠢᠮᠵᠢᠶ᠎ᠠ ᠶᠢ ᠬᠠᠮᠤᠭ ᠤᠨ ᠥᠨᠳᠥᠷ ᠲᠤ ᠪᠠᠨ 20% ᠪᠠᠷ ᠥᠰᠬᠡᠵᠦ ᠪᠣᠯᠣᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠡᠨᠡ ᠬᠡᠪᠴᠢᠶᠡᠨ ᠳᠣᠲᠣᠷ᠎ᠠ ᠪᠣᠳᠠᠲᠠᠢ ᠬᠢᠵᠠᠭᠠᠷ ᠲᠣᠭᠠᠨ ᠤ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃      ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠦᠢᠯᠡᠰ ᠪᠣᠰᠬᠠᠬᠤ ᠳᠤ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ      ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠬᠤᠪᠢ ᠶᠢᠨ ᠡᠵᠡᠩᠨᠡᠯᠲᠡ ᠬᠢᠪᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠵᠦᠢᠯᠡᠰ ᠢ ᠭᠦᠢᠴᠡᠳᠬᠡᠭᠰᠡᠨ ᠡᠳᠦᠷ ᠠᠴᠠ ᠡᠬᠢᠯᠡᠨ᠂ 3 ᠵᠢᠯ ᠤᠨ ᠳᠣᠲᠣᠷ᠎ᠠ ᠲᠡᠭᠦᠨ ᠤ ᠬᠠᠩᠭᠠᠭᠰᠠᠨ ᠭᠠᠶᠢᠯᠢ ᠲᠤᠰᠢᠶᠠᠬᠤ ᠶᠣᠰᠣᠲᠠᠢ ᠦᠢᠯᠡᠴᠢᠯᠡᠭᠡ ᠶᠢᠨ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠦᠨ᠎ᠡ᠃      ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠦᠢᠯᠡᠰ ᠪᠣᠰᠬᠠᠬᠤ ᠳᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ      ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠬᠤᠪᠢ ᠶᠢᠨ ᠡᠵᠡᠩᠨᠡᠯᠲᠡ ᠬᠢᠪᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠠᠪᠤᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠴᠠ ᠬᠡᠯᠲᠦᠷᠢᠭᠦᠯᠦᠨ᠎ᠡ᠃      ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ ᠦᠢᠯᠡᠰ ᠪᠣᠰᠬᠠᠬᠤ ᠳᠤ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ      ᠬᠤᠪᠢ ᠶᠢᠨ ᠡᠵᠡᠩᠨᠡᠯᠲᠡ ᠬᠢᠵᠦ ᠪᠠᠶᠢᠭ᠎ᠠ ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠣᠯᠣᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠲᠡᠭᠦᠨ ᠤ ᠬᠠᠩᠭᠠᠭᠰᠠᠨ ᠭᠠᠶᠢᠯᠢ ᠲᠤᠰᠢᠶᠠᠬᠤ ᠦᠢᠯᠡᠴᠢᠯᠡᠭᠡ ᠶᠢᠨ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠦᠨ᠎ᠡ᠃      ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠬᠦ ᠲᠦᠷᠦ ᠶᠢᠨ ᠪᠣᠳᠣᠯᠭ᠎ᠠ      ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ ᠬᠤᠪᠢ ᠶᠢᠨ ᠡᠵᠡᠩᠨᠡᠯᠲᠡ ᠬᠢᠪᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠠᠪᠤᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠴᠠ ᠬᠡᠯᠲᠦᠷᠢᠭᠦᠯᠦᠨ᠎ᠡ᠃      ᠵᠡᠮᠳᠡᠭᠴᠦᠳ ᠦᠢᠯᠡᠰ ᠪᠣᠰᠬᠠᠬᠤ ᠳᠤ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ      ᠵᠡᠮᠳᠡᠭᠴᠦᠳ ᠤᠨ ᠬᠤᠪᠢ ᠬᠥᠮᠥᠨ ᠤ ᠬᠠᠩᠭᠠᠭᠰᠠᠨ ᠪᠣᠯᠪᠠᠰᠤᠷᠠᠭᠤᠯᠬᠤ᠂ ᠰᠡᠯᠪᠢᠨ ᠵᠠᠰᠠᠬᠤ ᠪᠠ ᠰᠡᠯᠪᠢᠨ ᠲᠣᠬᠢᠷᠠᠭᠤᠯᠬᠤ ᠬᠥᠳᠡᠯᠮᠦᠷᠢ ᠦᠢᠯᠡᠴᠢᠯᠡᠭᠡ᠂ ᠨᠡᠶᠢᠭᠡᠮ ᠳᠤ ᠬᠠᠩᠭᠠᠭᠰᠠᠨ ᠭᠠᠶᠢᠯᠢ ᠲᠤᠰᠢᠶᠠᠬᠤ ᠦᠢᠯᠡᠴᠢᠯᠡᠭᠡ ᠶᠢᠨ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号