ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠷ ᠢ ᠲᠤᠰᠠᠯᠠᠬᠤ ︱ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ 25 ᠳ᠋ᠤᠭᠠᠷ ᠪᠥᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ︾ ᠤᠨ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/3/5
      2024 ᠣᠨ ᠤ 3 ᠰᠠᠷ᠎ᠠ ᠶᠢᠨ 3 ᠤ ᠡᠳᠦᠷ ᠪᠣᠯ 25 ᠳ᠋ᠤᠭᠠᠷ ᠪᠥᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ︾ ᠪᠣᠯᠣᠨ᠎ᠠ᠂ ᠡᠨᠡ ᠵᠢᠯ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠷ ᠢ ᠳᠡᠮᠵᠢᠵᠦ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠶ᠎ᠡ︾᠃ ᠤᠯᠠᠨ ᠲᠦᠮᠡᠨ ᠤ ᠡᠷᠡᠭᠦᠯ ᠮᠡᠨᠳᠤ ᠶᠢᠨ ᠲᠤᠬᠠᠢ ᠰᠣᠨᠣᠷ ᠤᠨ ᠰᠡᠷᠡᠯ ᠢ ᠴᠢᠬᠤᠯᠠᠴᠢᠯᠠᠵᠤ᠂ ᠤᠯᠠᠨ ᠲᠦᠮᠡᠨ ᠤ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠰᠣᠨᠣᠷ ᠤᠨ ᠡᠪᠡᠳᠴᠢᠲᠡᠨ ᠳᠤ ᠠᠪᠴᠢᠷᠠᠭᠰᠠᠨ ᠪᠤᠶᠠᠨ ᠬᠡᠰᠢᠭ ᠢ ᠣᠶᠢᠯᠠᠭᠠᠬᠤ ᠶᠢᠨ ᠲᠥᠯᠥᠭᠡ᠂ 3 ᠰᠠᠷ᠎ᠠ ᠶᠢᠨ 3 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ︽ᠴᠢᠬᠢ ᠪᠠᠨ ᠬᠠᠶᠢᠷᠠᠯᠠᠬᠤ ᠡᠳᠦᠷ︾  ᠢᠶᠠᠷ ᠠᠵᠠ ᠲᠣᠬᠢᠶᠠᠯ ᠪᠣᠯᠭᠠᠨ ᠤᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠡᠢ᠃
     ᠲᠣᠰ ᠤᠳᠠᠭᠠᠨ ᠤ ᠠᠵᠢᠯᠯᠠᠭ᠎ᠠ ᠳᠤ ᠰᠣᠨᠣᠷ ᠲᠤᠳᠤᠤᠡᠬᠠᠭᠤᠷ ᠰᠢᠯᠭᠠᠨ ᠲᠣᠬᠢᠷᠠᠭᠤᠯᠬᠤ ᠪᠦᠯᠬᠦᠮ ᠢ ᠲᠤᠰᠬᠠᠶᠢᠯᠠᠨ ᠤᠷᠢᠵᠤ ᠬᠠᠷᠢᠶ᠎ᠠ ᠣᠷᠣᠨ ᠤ 20 ᠭᠠᠷᠤᠢ ᠰᠣᠨᠣᠷ ᠲᠤᠳᠤᠤᠡᠬᠠᠭᠤᠷ ᠳᠤ ᠰᠦᠢᠳᠬᠡᠯ ᠬᠤᠷᠢᠶᠠᠬᠤ ᠦᠭᠡᠢ ᠪᠠᠷ ᠰᠣᠨᠣᠷ ᠲᠤᠳᠤᠤᠡᠬᠠᠭᠤᠷ ᠰᠢᠯᠭᠠᠨ ᠲᠦᠭᠡᠭᠡᠵᠦ ᠥᠭᠭᠦᠭᠰᠡᠨ ᠪᠥᠭᠡᠳ ᠰᠣᠨᠣᠷ ᠲᠤᠳᠤᠤᠡᠬᠠᠭᠤᠷ ᠢ ᠬᠡᠷᠬᠢᠨ ᠵᠡᠭᠦᠬᠦ᠂ ᠠᠷᠠᠴᠢᠯᠠᠬᠤ ᠪᠠ ᠬᠠᠮᠠᠭᠠᠯᠠᠬᠤ ᠵᠡᠷᠭᠡ ᠠᠰᠠᠭᠤᠳᠠᠯ ᠤᠨ ᠲᠠᠯ᠎ᠠ ᠪᠠᠷ ᠵᠢᠯᠣᠭᠤᠳᠤᠯᠭ᠎ᠠ ᠬᠢᠭᠰᠡᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠠᠴᠠ ᠰᠢᠨᠵᠢᠯᠡᠬᠦ ᠤᠬᠠᠭᠠᠨᠴᠢ ᠪᠠᠷ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠲᠤᠰᠬᠠᠶᠢᠯᠠᠨ ᠪᠠᠰᠠ 200 ᠭᠠᠷᠤᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠣᠯᠣᠨ ᠵᠡᠮᠳᠡᠭᠴᠦᠳ ᠲᠤ ᠵᠠᠮ ᠬᠠᠷᠢᠯᠴᠠᠭᠠᠨ ᠤ ᠱᠤᠤᠭᠢᠶᠠᠨ ᠤ ᠬᠤᠣᠷ ᠬᠥᠨᠥᠭᠡᠯ ᠢ ᠵᠠᠳᠠᠯᠤᠨ ᠥᠭᠬᠦ ᠶᠢᠨ ᠬᠠᠮᠲᠤ ᠴᠢᠬᠢ ᠱᠤᠤᠭᠢᠬᠤ ᠵᠡᠷᠭᠡ ᠠᠮᠠᠷᠬᠠᠨ ᠡᠭᠦᠰᠳᠡᠭ ᠤᠯᠠᠨ ᠡᠭᠦᠰᠳᠡᠭ ᠡᠪᠡᠳᠴᠢᠨ ᠲᠠᠢ ᠤᠶᠠᠯᠳᠤᠭᠤᠯᠵᠤ᠂ ᠴᠢᠬᠢᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠵᠢᠭᠠᠵᠤ᠂ ᠤᠯᠠᠨ ᠲᠦᠮᠡᠨ ᠤ ᠰᠣᠨᠣᠰᠬᠤ ᠴᠢᠳᠠᠪᠤᠷᠢ ᠶᠢ ᠵᠥᠪ ᠬᠠᠮᠠᠭᠠᠯᠠᠬᠤ ᠶᠢ ᠵᠢᠯᠤᠭᠤᠳᠴᠤ᠂ ᠤᠯᠠᠨ ᠲᠦᠮᠡᠨ ᠤ ᠰᠣᠨᠣᠰᠬᠤ ᠴᠢᠳᠠᠪᠤᠷᠢ ᠶᠢᠨ ᠡᠷᠡᠭᠦᠯ ᠮᠡᠨᠳᠤ ᠳᠤ ᠨᠡᠩ ᠤᠯᠠᠨ ᠪᠠᠲᠤᠯᠠᠭ᠎ᠠ ᠬᠠᠩᠭᠠᠵᠠᠢ᠃
     ᠠᠵᠢᠯᠯᠠᠭ᠎ᠠ ᠨᠢ ᠣᠯᠠᠨ ᠲᠦᠮᠡᠨ ᠳᠤ ᠠᠳᠠᠯᠢ ᠪᠤᠰᠤ ᠬᠠᠷᠠᠭᠠᠰᠤ ᠠᠴᠠ ᠰᠣᠨᠣᠷ ᠤᠨ ᠰᠠᠭᠠᠳ ᠲᠠᠢ ᠬᠥᠮᠥᠰ ᠢ ᠣᠶᠢᠯᠠᠭᠠᠭᠤᠯᠬᠤ ᠪᠠᠷ ᠳᠠᠮᠵᠢᠭᠤᠯᠤᠨ᠂ ᠨᠠᠩ ᠪᠠᠭᠲᠠᠭᠠᠮᠵᠢᠲᠠᠢ᠂ ᠣᠶᠢᠯᠠᠭᠠᠯᠲᠠ ᠲᠠᠢ᠂ ᠳᠡᠮᠵᠢᠯᠭᠡ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ ᠣᠯᠠᠨ ᠲᠦᠮᠡᠨ ᠤ ᠰᠣᠨᠣᠷ ᠤᠨ ᠬᠠᠮᠠᠭᠠᠯᠠᠯᠲᠠ ᠶᠢ ᠠᠩᠬᠠᠷᠬᠤ ᠪᠠ ᠰᠣᠨᠣᠷ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠡᠷᠡᠭᠦᠯ ᠮᠡᠨᠳᠦ ᠶᠢᠨ ᠦᠵᠡᠯᠲᠡ ᠶᠢ ᠪᠣᠶ ᠪᠣᠯᠭᠠᠵᠤ᠂ ᠰᠣᠨᠣᠷ ᠤᠨ ᠴᠢᠳᠠᠪᠤᠷᠢ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠪᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号