ᠥᠨᠥᠳᠥᠷ ᠠᠴᠠ ᠡᠬᠢᠯᠡᠵᠦ ᠨᠡᠷ᠎ᠡ ᠮᠡᠳᠡᠭᠦᠯᠦᠨ᠎ᠡ︕ 3949 ᠠᠵᠢᠯ ᠤᠨ ᠪᠠᠶᠢᠷᠢ ᠳᠤ ᠰᠢᠭᠤᠳ ᠨᠢᠭᠤᠷᠳᠠᠨ ᠰᠢᠯᠭᠠᠯᠲᠠ ᠪᠠᠷ ᠴᠢᠳᠠᠪᠤᠷᠢᠲᠠᠨ ᠡᠯᠰᠡᠨ᠎ᠡ
ᠨᠡᠶᠢᠲᠡᠯᠡᠭᠰᠡᠨ ᠴᠠᠭ᠄
2024/3/5
      ︽ᠴᠡᠷᠢᠭ ᠠᠩᠭᠢ ᠶᠢᠨ ᠪᠢᠴᠢᠭ ᠤᠨ ᠠᠵᠢᠯᠲᠠᠨ ᠢ ᠢᠯᠡ ᠪᠠᠷ ᠡᠯᠰᠡᠬᠦ ᠰᠢᠯᠭᠠᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠠᠴᠠ 2024 ᠣᠨ ᠤ ᠴᠡᠷᠢᠭ ᠠᠩᠭᠢ ᠶᠢᠨ ᠪᠢᠴᠢᠭ ᠤᠨ ᠠᠵᠢᠯᠲᠠᠨ ᠢ ᠢᠯᠡ ᠪᠠᠷ ᠡᠯᠰᠡᠬᠦ ᠰᠢᠯᠭᠠᠯᠲᠠ ᠶᠢᠨ ᠬᠤᠶᠠᠳᠤᠭᠠᠷ ᠪᠦᠯᠦᠭ ᠤᠨ ᠪᠢᠷ ᠤᠨ ᠰᠢᠯᠭᠠᠯᠲᠠ ᠬᠢᠬᠦ ᠦᠭᠡᠢ ᠪᠠᠷ ᠰᠢᠭᠤᠳ ᠨᠢᠭᠤᠷᠲᠠᠨ ᠰᠢᠯᠭᠠᠬᠤ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠪᠠ᠃      ᠴᠡᠷᠢᠭ ᠠᠩᠭᠢ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠰᠢᠯᠭᠠᠭᠤᠯᠬᠤ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠱᠠᠭᠠᠷᠳᠠᠯᠭ᠎ᠠ ᠳᠤ ᠳ᠋ᠣᠺᠲ᠋ᠣᠷᠠᠨᠲ᠂ ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠵᠢᠴᠢ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠶᠢᠨ ᠤᠬᠠᠭᠠᠨ᠂ ᠠᠨᠠᠭᠠᠬᠤ ᠤᠬᠠᠭᠠᠨ ᠤ ᠠᠰᠫᠢᠷᠠᠨᠲ ᠡᠯᠰᠡᠬᠦ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠴᠢᠳ᠂ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠵᠡᠷᠭᠡ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠥᠭᠡᠳ ᠠᠩᠬᠠᠨ ᠤ ᠬᠢᠨᠠᠯᠲᠠ ᠶᠢ ᠥᠩᠭᠡᠷᠡᠭᠡᠭᠰᠡᠨ ᠨᠡᠷ᠎ᠡ ᠮᠡᠳᠡᠭᠦᠯᠦᠭᠴᠢᠳ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠶᠠᠮᠤᠨ ᠵᠥᠪᠯᠡᠯ᠂ ᠪᠠᠶᠢᠯᠳᠤᠭᠠᠨ ᠤ ᠲᠣᠭᠤᠷᠢᠭ᠂ ᠴᠡᠷᠢᠭ ᠪᠠᠶᠢᠯᠳᠤᠭᠴᠢ  ᠶᠢᠨ ᠲᠥᠷᠥᠯ᠂ ᠴᠡᠷᠢᠭ ᠤᠨ ᠶᠠᠪᠤᠳᠠᠯ ᠤᠨ ᠬᠤᠷᠢᠶᠠᠨ ᠤ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠤᠯᠤᠰ ᠲᠥᠷᠥ ᠶᠢᠨ ᠠᠵᠢᠯ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠪᠢᠷ ᠤᠨ ᠰᠢᠯᠭᠠᠯᠲᠠ ᠬᠢᠬᠦ ᠦᠭᠡᠢ ᠪᠠᠷ ᠰᠢᠭᠤᠳ ᠨᠢᠭᠤᠷᠲᠠᠨ ᠰᠢᠯᠭᠠᠯᠲᠠ ᠳᠤ ᠣᠷᠣᠯᠴᠠᠵᠤ ᠪᠣᠯᠣᠨ᠎ᠠ᠃ ᠬᠤᠶᠠᠳᠤᠭᠠᠷ ᠪᠦᠯᠦᠭ ᠤᠨ ᠪᠢᠷ ᠤᠨ ᠰᠢᠯᠭᠠᠯᠲᠠ ᠬᠢᠬᠦ ᠦᠭᠡᠢ ᠪᠠᠷ ᠰᠢᠭᠤᠳ ᠨᠢᠭᠤᠷᠲᠠᠨ ᠰᠢᠯᠭᠠᠬᠤ ᠠᠵᠢᠯ ᠤᠨ ᠪᠠᠶᠢᠷᠢ ᠨᠡᠶᠢᠲᠡ 3949 ᠪᠤᠶ᠃ ᠡᠯᠰᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠰᠢᠯᠭᠠᠭᠤᠯᠤᠭᠴᠢ 2024 ᠣᠨ ᠤ 3 ᠰᠠᠷ᠎ᠠ ᠶᠢᠨ 4 ᠤ ᠡᠳᠦᠷ ᠤᠨ 8᠄ 00 ᠠᠴᠠ 3 ᠰᠠᠷ᠎ᠠ ᠶᠢᠨ 14 ᠤ ᠡᠳᠦᠷ ᠤᠨ 18᠄ 00 ᠴᠠᠭ ᠤᠨ ᠬᠤᠭᠤᠷᠣᠨᠳᠤ᠂ ᠴᠡᠷᠢᠭ ᠠᠩᠭᠢ ᠶᠢᠨ ᠴᠢᠳᠠᠪᠤᠷᠢᠲᠠᠨ ᠤ ᠰᠦᠯᠵᠢᠶ᠎ᠡ᠂ ︽ᠳᠤᠮᠳᠠᠳᠤ ᠤᠯᠤᠰ ᠤᠨ ᠴᠡᠷᠢᠭ ᠤᠨ ᠪᠦᠷᠢᠶ᠎ᠡ︾APP ᠲᠤ ᠭᠠᠷᠴᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ ᠮᠡᠳᠡᠭᠦᠯᠬᠦ ᠨᠥᠬᠦᠴᠡᠯ᠂ ᠰᠢᠯᠭᠠᠨ ᠡᠯᠰᠡᠬᠦ ᠶᠠᠪᠤᠴᠠ ᠵᠡᠷᠭᠡ ᠶᠢ  ︽2024 ᠣᠨ ᠤ ᠴᠡᠷᠢᠭ ᠠᠩᠭᠢ ᠶᠢᠨ ᠪᠢᠴᠢᠭ ᠤᠨ ᠠᠵᠢᠯᠲᠠᠨ ᠢ ᠢᠯᠡ ᠪᠠᠷ ᠰᠢᠯᠭᠠᠨ ᠡᠯᠰᠡᠬᠦ ᠠᠯᠪᠠᠨ ᠵᠠᠷᠯᠠᠯ︾ ᠪᠠ ︽2024 ᠣᠨ ᠤ ᠴᠡᠷᠢᠭ ᠠᠩᠭᠢ ᠶᠢᠨ ᠪᠢᠴᠢᠭ ᠤᠨ ᠠᠵᠢᠯᠲᠠᠨ ᠢ ᠢᠯᠡ ᠪᠠᠷ ᠰᠢᠯᠭᠠᠨ ᠡᠯᠰᠡᠬᠦ ᠪᠠ ᠨᠡᠷ᠎ᠡ ᠮᠡᠳᠡᠭᠦᠯᠬᠦ ᠵᠦᠭᠯᠡᠭᠦᠷ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号