ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2024/3/6
     ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠬᠤᠶᠠᠷ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠣᠷᠣᠨ ᠤ ᠵᠠᠰᠠᠭ ᠤᠨ ᠣᠷᠳᠣᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠬᠤ᠃ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠠᠪᠤᠭᠤᠯᠤᠭᠰᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠃ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠪᠢᠴᠢᠭ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃      ︵ᠭᠤᠷᠪᠠ︶ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠣᠭᠤᠷᠢᠭ ᠤᠨ ᠵᠠᠰᠠᠭ ᠤᠨ ᠣᠷᠳᠣᠨ   ᠠᠴᠠ ᠵᠢᠭᠠᠪᠤᠷᠢ ᠠᠪᠬᠤ ᠵᠦᠢᠯᠡᠰ ᠢ ᠰᠤᠳᠤᠯᠵᠤ᠂ ᠬᠢᠨᠠᠨ ᠬᠠᠷᠭᠤᠭᠤᠯᠬᠤ ᠪᠤᠶᠤ ᠰᠢᠢᠳᠪᠦᠷᠢᠯᠡᠬᠦ ᠰᠠᠨᠠᠯ ᠢᠶᠠᠨ ᠳᠤᠷᠠᠳᠴᠤ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃      ︵ᠳᠥᠷᠪᠡ︶ ᠲᠣᠭᠤᠷᠢᠭ ᠤᠨ ᠵᠠᠰᠠᠭ ᠤᠨ ᠣᠷᠳᠣᠨ ᠤ ᠬᠤᠷᠠᠯ ᠤᠨ ᠪᠡᠯᠡᠳᠬᠡᠯ ᠠᠵᠢᠯ ᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠢ ᠬᠠᠮᠵᠢᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠤᠳᠤᠷᠢᠳᠤᠨ᠎ᠠ᠃      ︵ᠲᠠᠪᠤ︶ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠣᠭᠤᠷᠢᠭ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ᠂ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃      ︵ᠵᠢᠷᠭᠤᠭ᠎ᠠ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠶᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠮᠠᠷᠭᠤᠯᠳᠤᠭᠠᠨ ᠲᠠᠢ ᠠᠰᠠᠭᠤᠳᠠᠯ ᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠦᠨ ᠲᠣᠭᠲᠠᠭᠠᠯᠭᠠᠨ᠎ᠠ᠃      ︵ᠳᠣᠯᠤᠭ᠎ᠠ︶ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠪᠠ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠪᠠᠷ ᠭᠤᠣᠯᠯᠠᠭᠤᠯᠤᠨ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠤᠨ᠎ᠠ︔ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠵᠤ᠂ ᠡᠮᠬᠢᠳᠬᠡᠵᠦ᠂ ᠳᠠᠮᠵᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠢᠬᠤᠯᠠ ᠮᠡᠳᠡᠭᠡ ᠵᠠᠩᠭᠢ ᠶᠢ ᠮᠡᠳᠡᠭᠦᠯᠬᠦ ᠵᠢᠴᠢ ᠴᠢᠬᠤᠯᠠ ᠰᠠᠨᠠᠭᠤᠯᠭ᠎ᠠ ᠳᠤᠷᠠᠳᠬᠤ ᠬᠡᠷᠡᠭᠲᠡᠢ᠃      ︵ᠨᠠᠢᠮᠠ︶ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠳᠤ ᠬᠤᠯᠪᠣᠭᠳᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠥᠪᠯᠡᠯᠭᠡ᠂ ᠰᠠᠨᠠᠭᠤᠯᠭ᠎ᠠ᠂ ᠰᠢᠭᠦᠮᠵᠢᠯᠡᠯ᠂ ᠬᠢᠨᠠᠨ ᠵᠥᠪᠯᠡᠭᠰᠡᠨ ᠰᠠᠨᠠᠯ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ᠂ ᠰᠠᠨᠠᠭᠤᠯᠭ᠎ᠠ ᠶᠢᠨ ᠲᠥᠰᠥᠯ ᠤᠨ ᠠᠵᠢᠯ ᠢ ᠵᠣᠬᠢᠶᠠᠨ ᠪᠠᠶᠢᠭᠤᠯᠤᠨ ᠰᠢᠢᠳᠪᠦᠷᠢᠯᠡᠨ᠎ᠡ᠃      ︵ᠶᠢᠰᠦ︶ ᠲᠣᠭᠤᠷᠢᠭ ᠤᠨ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠵᠤ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠵᠢᠭᠦᠷᠯᠡᠬᠦ ᠠᠵᠢᠯ ᠢ ᠵᠢᠯᠤᠭᠤᠳᠴᠤ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠎ᠡ᠃      ︵ᠠᠷᠪᠠ︶ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠮᠵᠢᠨ ᠲᠣᠭᠤᠷᠢᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠵᠤ ᠰᠢᠢᠳᠪᠦᠷᠢᠯᠡᠬᠦ ᠴᠢᠬᠤᠯᠠᠲᠠᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃      ︵ᠠᠷᠪᠠᠨ ᠨᠢᠭᠡ︶ ᠲᠣᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠶᠦᠮ ᠤᠨ ᠪᠠᠶᠢᠰᠢᠩ ᠤᠨ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠲᠣᠭᠤᠷᠢᠭ ᠤᠨ ᠱᠠᠲᠤᠨ ᠤ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃      ︵ᠠᠷᠪᠠᠨ ᠬᠤᠶᠠᠷ︶ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠦᠯᠵᠢᠶᠡᠨ ᠤ ᠥᠷᠲᠡᠭᠡ ᠶᠢᠨ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠬᠤ ᠪᠠ ᠮᠡᠳᠡᠭᠦᠯᠦᠨ ᠬᠦᠷᠭᠡᠬᠦ ᠠᠵᠢᠯ ᠢ ᠡᠭᠦᠷᠭᠡᠯᠡᠨ᠎ᠡ︔ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠵᠢᠯᠣᠭᠤᠳᠤᠨ᠎ᠠ᠃      ︵ᠠᠷᠪᠠᠨ ᠭᠤᠷᠪᠠ︶ ᠡᠯ᠎ᠡ ᠵᠦᠢᠯ ᠤᠨ ᠵᠠᠰᠠᠭ ᠵᠠᠬᠢᠷᠭᠠᠨ ᠤ ᠠᠵᠢᠯ ᠶᠠᠪᠤᠳᠠᠯ ᠤᠨ ᠠᠵᠢᠯ ᠢ ᠰᠠᠶᠢᠲᠤᠷ ᠬᠢᠵᠦ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠦᠢᠯᠡᠴᠢᠯᠡᠨ᠎ᠡ᠃      ︵ᠠᠷᠪᠠᠨ ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ︵ᠨᠢᠭᠡ︶ ᠨᠠᠷᠢᠨ ᠪᠢᠴᠢᠭ ᠤᠨ ᠭᠡᠷ      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠡᠯ᠎ᠡ ᠵᠦᠢᠯ ᠤᠨ ᠡᠬᠡ ᠪᠢᠴᠢᠭ ᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠨᠡᠶᠢᠲᠡᠯᠡᠭᠰᠡᠨ ᠴᠢᠬᠤᠯᠠ ᠪᠢᠴᠢᠭ ᠮᠠᠲ᠋ᠧᠷᠢᠶᠠᠯ ᠪᠠ ᠪᠤᠰᠤᠳ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠪᠠ ᠨᠠᠮ ᠤᠨ ᠡᠭᠦᠷ ᠤᠨ ᠬᠤᠷᠠᠯ ᠤᠨ ᠬᠤᠷᠠᠯ ᠤᠨ ᠠᠵᠢᠯ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠡᠷᠭᠢᠯᠡᠨ ᠬᠤᠷᠠᠯᠳᠤᠭᠤᠯᠤᠭᠰᠠᠨ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠲᠡᠮᠳᠡᠭᠯᠡᠯ ᠵᠢᠴᠢ ᠡᠯ᠎ᠡ ᠲᠥᠷᠥᠯ ᠤᠨ ᠤᠳᠤᠷᠢᠳᠤᠯᠭ᠎ᠠ ᠶᠢᠨ ᠶᠠᠷᠢᠶ᠎ᠠ ᠶᠢ ᠲᠤᠭᠤᠷᠪᠢᠨ ᠪᠢᠴᠢᠵᠦ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠡᠳᠦᠷ ᠲᠤᠲᠤᠮ ᠤᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠵᠣᠬᠢᠴᠠᠭᠤᠯᠤᠨ ᠲᠣᠬᠢᠷᠠᠭᠤᠯᠵᠤ᠂ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠬᠤ᠂ ᠬᠤᠷᠢᠶᠠᠩᠭᠤᠶᠢᠯᠠᠬᠤ ᠪᠠ ᠬᠠᠩᠭᠠᠨ᠎ᠠ︔ ᠶᠡᠷᠦᠩᠬᠡᠶᠢᠯᠡᠭᠰᠡᠨ ᠴᠢᠨᠠᠷᠲᠠᠢ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠳᠤ ᠣᠷᠣᠯᠴᠠᠨ᠎ᠠ᠃ ᠲᠣᠭᠤᠷᠢᠭ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠬᠡ ᠪᠢᠴᠢᠭ ᠲᠤᠭᠤᠷᠪᠢᠬᠤ᠂ ᠬᠠᠷᠭᠤᠭᠤᠯᠤᠨ ᠵᠠᠰᠠᠬᠤ᠂ ᠬᠠᠷᠭᠤᠭᠤᠯᠬᠤ ᠬᠡᠪᠯᠡᠯ᠂ ᠬᠤᠷᠠᠯ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠰᠢᠢᠳᠪᠦᠷᠢᠯᠡᠬᠦ ᠠᠵᠢᠯ ᠢ ᠵᠢᠯᠣᠭᠤᠳᠤᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠮᠢᠶᠠᠷᠴᠤ ᠬᠢᠨᠠᠬᠤ ᠪᠠ ᠪᠠᠶᠢᠴᠠᠭᠠᠨ᠎ᠠ︔ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠢᠶᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠠᠷᠢᠭᠤᠴᠠᠨ᠎ᠠ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃      ᠬᠠᠷᠢᠯᠴᠠᠬᠤ ᠤᠲᠠᠰᠤ᠄ 0471-3821001      ᠠᠵᠢᠯᠯᠠᠬᠤ ᠴᠠᠭ᠄ ᠦᠳᠡ ᠶᠢᠨ ᠡᠮᠦᠨ᠎ᠡ 9᠄00︱12᠄00᠂ ᠦᠳᠡ ᠶᠢᠨ ᠬᠤᠶᠢᠨ᠎ᠠ 13᠄30 ︱ 17᠄00      ︵ᠬᠤᠶᠠᠷ︶ ᠰᠢᠮᠳᠠᠭᠤᠯᠤᠨ ᠪᠠᠶᠢᠴᠠᠭᠠᠬᠤ ᠭᠡᠷ      ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠪᠢᠴᠢᠭ ᠮᠠᠲ᠋ᠧᠷᠢᠶᠠᠯ᠂ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠢᠬᠤᠯᠠ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠨ᠎ᠠ︔ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠰᠢᠮᠳᠠᠭᠤᠯᠤᠨ ᠪᠠᠶᠢᠴᠠᠭᠠᠬᠤ ᠵᠦᠢᠯᠡᠰ ᠢ ᠳᠠᠭᠠᠭᠠᠨ ᠭᠦᠢᠴᠡᠳᠬᠡᠬᠦ ᠶᠢᠨ ᠬᠠᠮᠲᠤ᠂ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ︔ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠰᠢᠢᠳᠪᠦᠷᠢᠯᠡᠭᠰᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢᠨ ᠠᠵᠢᠯ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠢ ᠬᠠᠷᠢᠯᠴᠠᠬᠤ ᠵᠡᠷᠭᠡ ᠲᠠᠯ᠎ᠠ ᠶᠢᠨ ᠠᠵᠢᠯ᠃      ᠬᠠᠷᠢᠯᠴᠠᠬᠤ ᠤᠲᠠᠰᠤ᠄ 0471-3821007      ᠠᠵᠢᠯᠯᠠᠬᠤ ᠴᠠᠭ᠄ ᠦᠳᠡ ᠶᠢᠨ ᠡᠮᠦᠨ᠎ᠡ 9᠄00 ︱ 12᠄00᠂ ᠦᠳᠡ ᠶᠢᠨ ᠬᠤᠶᠢᠨ᠎ᠠ 13᠄30 ︱ 17᠄00      ᠬᠠᠷᠢᠭᠤᠴᠠᠯᠭᠠᠲᠠᠨ᠄ ᠪᠦᠦ ᠢᠦᠢ ᠹᠧᠩ      ︵ᠭᠤᠷᠪᠠ︶ ᠮᠡᠳᠡᠭᠡ ᠵᠠᠩᠭᠢ ᠪᠠᠶᠢᠴᠠᠭᠠᠨ ᠰᠤᠳᠤᠯᠬᠤ ᠭᠡᠷ      ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠵᠤ ᠵᠢᠯᠤᠭᠤᠳᠬᠤ ᠶᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃      ᠬᠠᠷᠢᠯᠴᠠᠬᠤ ᠤᠲᠠᠰᠤ᠄ 0471-3821000      ᠠᠵᠢᠯᠯᠠᠬᠤ ᠴᠠᠭ᠄ ᠦᠳᠡ ᠶᠢᠨ ᠡᠮᠦᠨ᠎ᠡ 9᠄00 ︱ 12᠄00᠂ ᠦᠳᠡ ᠶᠢᠨ ᠬᠤᠶᠢᠨ᠎ᠠ 13᠄30 ︱ 17᠄00      ᠬᠠᠷᠢᠭᠤᠴᠠᠯᠭᠠᠲᠠᠨ᠄ ᠲᠠᠩ ᠯᠢ      ︵ᠳᠥᠷᠪᠡ︶ ᠨᠢᠭᠤᠴᠠ ᠴᠢᠬᠤᠯᠠ ᠶᠠᠪᠤᠳᠠᠯ ᠤᠨ ᠭᠡᠷ      ᠠᠯᠪᠠᠨ ᠭᠡᠷ ᠤᠨ ᠤᠳᠤᠷᠢᠳᠤᠯᠭ᠎ᠠ ᠶᠢ ᠬᠠᠮᠵᠢᠨ ᠲᠣᠰ ᠠᠯᠪᠠᠨ ᠭᠡᠷ ᠤᠨ ᠵᠠᠰᠠᠭ ᠤᠨ ᠶᠠᠪᠤᠳᠠᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ᠂ ᠰᠢᠢᠳᠪᠦᠷᠢᠯᠡᠵᠦ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠬᠤᠷᠢᠶᠠᠨ ᠲᠠᠷᠬᠠᠭᠠᠬᠤ ᠠᠵᠢᠯᠯᠠᠭᠠᠨ᠂ ᠪᠢᠴᠢᠭ ᠬᠠᠷ᠎ᠠ ᠲᠠᠩᠰᠠ ᠡᠪᠬᠡᠮᠡᠯ᠂ ᠲᠠᠮᠠᠭ᠎ᠠ ᠶᠢᠨ ᠬᠠᠮᠢᠶᠠᠷᠤᠯᠲᠠ᠂ ᠨᠢᠭᠤᠴᠠ ᠴᠢᠬᠤᠯᠠ ᠵᠦᠢᠯ ᠤᠨ ᠨᠢᠭᠤᠴᠠ ᠶᠢ ᠬᠠᠮᠠᠭᠠᠯᠠᠬᠤ᠂ ᠠᠵᠢᠯᠲᠠᠨ ᠤ ᠶᠠᠪᠤᠳᠠᠯ ᠤᠨ ᠣᠷᠣᠨ ᠲᠤᠭ᠎ᠠ ᠵᠡᠷᠭᠡ ᠠᠵᠢᠯ ᠢ ᠬᠠᠷᠢᠭᠤᠴᠠᠨ᠎ᠠ᠃      ᠬᠠᠷᠢᠯᠴᠠᠬᠤ ᠤᠲᠠᠰᠤ᠄ 0471-3821004      ᠠᠵᠢᠯᠯᠠᠬᠤ ᠴᠠᠭ᠄ ᠦᠳᠡ ᠶᠢᠨ ᠡᠮᠦᠨ᠎ᠡ 9᠄00 ︱ 12᠄00᠂ ᠦᠳᠡ ᠶᠢᠨ ᠬᠤᠶᠢᠨ᠎ᠠ 13᠄30 ︱ 17᠄00      ᠬᠠᠷᠢᠭᠤᠴᠠᠯᠭᠠᠲᠠᠨ᠄ ᠬᠤᠸ ᠵᠢᠶᠠᠨ ᠸᠧᠨ      ︵ᠲᠠᠪᠤ︶ ᠡᠳ᠋ ᠤᠨ ᠶᠠᠪᠤᠳᠠᠯ ᠤᠨ ᠰᠠᠯᠠᠭ᠎ᠠ      ᠠᠯᠪᠠᠨ ᠭᠡᠷ ᠤᠨ ᠡᠳ᠋ ᠬᠥᠷᠥᠩᠭᠡ᠂ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶᠠᠷᠤᠯᠲᠠ ᠶᠢᠨ ᠨᠢᠭᠡᠴᠢ ᠶᠢᠨ ᠵᠠᠰᠠᠭ ᠵᠠᠬᠢᠷᠭᠠᠨ ᠤ ᠵᠠᠷᠤᠳᠠᠯ ᠪᠠ ᠪᠤᠰᠤᠳ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠳ᠋ ᠤᠨ ᠶᠠᠪᠤᠳᠠᠯ ᠤᠨ ᠳᠦᠷᠢᠮ ᠢ ᠴᠢᠩᠭ᠎ᠠ ᠵᠢᠷᠤᠮᠯᠠᠨ ᠡᠯ᠎ᠡ ᠵᠦᠢᠯ ᠤᠨ ᠵᠠᠷᠤᠳᠠᠯ ᠢ ᠲᠠᠩᠰᠠ ᠳᠡᠶᠢᠯᠵᠦ᠂ ᠠᠯᠪᠠᠨ ᠭᠡᠷ ᠤᠨ ᠤᠳᠤᠷᠢᠳᠤᠯᠭ᠎ᠠ ᠶᠢ ᠬᠠᠮᠵᠢᠨ ᠡᠯ᠎ᠡ ᠵᠦᠢᠯ ᠤᠨ ᠪᠡᠯᠡ ᠮᠥᠩᠭᠦ ᠶᠢᠨ ᠵᠠᠷᠤᠯᠭ᠎ᠠ ᠶᠢ ᠬᠢᠨᠠᠨ ᠬᠠᠷᠭᠤᠭᠤᠯᠬᠤ ᠪᠠ ᠪᠣᠭᠤᠮᠲᠠ ᠰᠠᠬᠢᠬᠤ ᠠᠵᠢᠯ ᠢ ᠰᠠᠶᠢᠲᠤᠷ ᠬᠢᠨ᠎ᠡ︔ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃      ᠬᠠᠷᠢᠯᠴᠠᠬᠤ ᠤᠲᠠᠰᠤ᠄ 0471-3821002      ᠠᠵᠢᠯᠯᠠᠬᠤ ᠴᠠᠭ᠄ ᠦᠳᠡ ᠶᠢᠨ ᠡᠮᠦᠨ᠎ᠡ 9᠄00 ︱ 12᠄00᠂ ᠦᠳᠡ ᠶᠢᠨ ᠬᠤᠶᠢᠨ᠎ᠠ 13᠄30 ︱ 17᠄00      ᠬᠠᠷᠢᠭᠤᠴᠠᠯᠭᠠᠲᠠᠨ᠄ ᠱᠢ ᠯᠢᠨ      ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠤᠨ ᠰᠢᠤᠳᠠᠨ ᠬᠠᠶᠢᠷᠴᠠᠭ᠄ hzb307@163.com      ᠰᠢᠤᠳᠠᠨ ᠳ᠋ᠤᠭᠠᠷ᠄ 010051      ᠠᠵᠢᠯᠯᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠨᠣᠮᠧᠷ      ᠠᠵᠢᠯᠯᠠᠬᠤ ᠴᠠᠭ᠄ ᠦᠳᠡ ᠶᠢᠨ ᠡᠮᠦᠨ᠎ᠡ 9᠄00 ︱ 12᠄00᠂ ᠦᠳᠡ ᠶᠢᠨ ᠬᠤᠶᠢᠨ᠎ᠠ 13᠄30 ︱ 17᠄00      ᠬᠠᠷᠢᠯᠴᠠᠬᠤ ᠤᠲᠠᠰᠤ᠄ 0471-3821003      ᠬᠠᠷᠢᠭᠤᠴᠠᠯᠭᠠᠲᠠᠨ᠄ ᠸᠠᠩ ᠪᠢᠨ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号