ᠭᠦᠭᠡᠬᠤᠲᠠ ᠶᠢᠨ 1 ᠲᠣᠭᠤᠷᠢᠭ 2 ᠪᠠᠯᠭᠠᠰᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠶᠢᠨ ᠢᠷᠠᠭᠤ ᠠᠯᠳᠠᠷ ᠢ ᠭᠦᠷᠳᠡᠪᠡ
ᠨᠡᠶᠢᠲᠡᠯᠡᠭᠰᠡᠨ ᠴᠠᠭ᠄
2024/3/6
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ᠂ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾ ᠶᠢᠨ ᠴᠣᠯᠠ ᠶᠢ ᠵᠢᠩᠬᠢᠨᠢ ᠪᠠᠷ ᠣᠯᠭᠤᠵᠤ᠂ ᠭᠦᠭᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤ᠂ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤ ᠵᠡᠷᠭᠡ 2 ᠰᠢᠶᠠᠩ ᠪᠠᠯᠭᠠᠰᠤᠨ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠶᠢᠨ ᠴᠣᠯᠠ ᠣᠯᠭᠤᠪᠠ᠃      2020 ᠣᠨ ᠤ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠮᠡᠳᠡᠭᠳᠡᠯ ᠪᠠᠭᠤᠯᠭᠠᠵᠤ᠂ ᠪᠦᠭᠦ ᠣᠷᠣᠨ ᠤ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠢ ᠶᠢᠨ ᠬᠤᠲᠠ᠂ ᠣᠶ ᠰᠢᠭᠤᠢ ᠶᠢᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︽ᠣᠶ ᠰᠢᠭᠤᠢ ᠶᠢᠨ ᠬᠤᠲᠠ ᠶᠢ ᠪᠦᠲᠦᠭᠡᠨ ᠪᠠᠶᠢᠭᠤᠯᠬᠤ︾ ᠠᠵᠢᠯᠯᠠᠭ᠎ᠠ ᠶᠢ ᠬᠤᠲᠠ ᠬᠥᠳᠡᠭᠡ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠬᠦᠴᠦᠲᠡᠢ ᠭᠠᠷᠳᠠᠴᠠ ᠪᠤᠯᠭᠠᠵᠤ᠂ ᠬᠤᠰᠢᠭᠤ ᠰᠢᠶᠠᠨ᠂ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠤᠨ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ︽ᠣᠶ ᠰᠢᠭᠤᠢ ᠶᠢᠨ ᠬᠤᠲᠠ︾᠂ ︽ᠣᠶ ᠰᠢᠭᠤᠢ ᠶᠢᠨ ᠰᠢᠶᠠᠩ ᠪᠠᠯᠭᠠᠰᠤ︾ ᠶᠢ ᠡᠭᠦᠳᠦᠨ ᠪᠠᠶᠢᠭᠤᠯᠬᠤ ᠶᠢ ᠥᠷᠨᠢᠭᠦᠯᠬᠦ ᠪᠠᠷ ᠳᠠᠮᠵᠢᠭᠤᠯᠤᠨ᠂ ᠭᠦᠭᠡᠬᠤᠲᠠ ᠶᠢᠨ ᠣᠶ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠪᠠᠶᠢᠭᠤᠯᠬᠤ᠂ ᠣᠨᠴᠠᠯᠢᠭᠲᠤ ᠣᠶ ᠰᠢᠭᠤᠢ ᠶᠢᠨ ᠵᠢᠭᠤᠯᠴᠢᠯᠠᠯ ᠢ ᠬᠥᠭᠵᠢᠭᠦᠯᠬᠦ᠂ ᠠᠮᠢ ᠠᠬᠤᠢ ᠶᠢᠨ ᠰᠣᠶᠣᠯ ᠢ ᠬᠥᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠬᠤᠲᠠ ᠶᠢᠨ ᠪᠠᠶᠢᠳᠠᠯ ᠳᠤ ᠨᠡᠶᠢᠴᠡᠭᠰᠡᠨ᠂ ᠲᠥᠷᠥᠯ ᠭᠡᠯᠪᠡᠷᠢ ᠪᠠᠷ ᠪᠠᠶᠠᠯᠢᠭ᠂ ᠣᠨᠴᠠᠯᠢᠭ ᠢᠶᠠᠷ ᠢᠯᠡ ᠲᠣᠳᠣ ᠣᠶ ᠰᠢᠭᠤᠢ ᠶᠢᠨ ᠬᠤᠲᠠ ᠶᠢᠨ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ ᠭᠦᠭᠡᠬᠤᠲᠠ ᠬᠥᠬᠡᠮᠳᠦᠭ ᠨᠣᠭᠤᠭᠠᠨ ᠠᠭᠤᠯᠠ ᠤᠰᠤ ᠪᠣᠯ  ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠨ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ︽ᠣᠶ ᠰᠢᠭᠤᠢ ᠶᠢᠨ ᠬᠤᠲᠠ︾᠂ ︽ᠣᠶ ᠰᠢᠭᠤᠢ ᠶᠢᠨ ᠰᠢᠶᠠᠩ ᠪᠠᠯᠭᠠᠰᠤ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ 2024 ᠣᠨ ᠳᠤ ᠦᠷᠭᠦᠯᠵᠢᠯᠡᠨ 1 ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ᠂ 4 ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ᠂ 35 ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠭᠦ ᠲᠣᠰᠬᠤᠨ ᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠶᠢᠳᠠ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠤᠶ ᠪᠤᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号