ᠳᠦᠷᠢᠮ ᠢ ᠰᠤᠷᠤᠯᠴᠠᠵᠤ᠂ ᠱᠤᠭᠤᠮ ᠢ ᠰᠠᠬᠢᠵᠤ᠂ ᠵᠣᠷᠢᠭᠲᠠᠢ ᠪᠠᠷ ᠡᠭᠦᠷᠭᠡᠯᠡᠨ᠎ᠡ ︱ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠵᠣᠬᠢᠶᠠᠨ ᠪᠠᠶᠢᠭᠤᠯᠵᠤ ᠰᠤᠷᠤᠯᠴᠠᠨ᠎ᠠ
ᠨᠡᠶᠢᠲᠡᠯᠡᠭᠰᠡᠨ ᠴᠠᠭ᠄
2024/3/7
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠪᠠ ᠶᠣᠰᠣ ᠳᠦᠷᠢᠮ ᠤᠨ ᠤᠬᠠᠮᠰᠠᠷ ᠢ ᠪᠤᠢ ᠪᠣᠯᠭᠠᠬᠤ ᠶᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ 3 ᠰᠠᠷ᠎ᠠ ᠶᠢᠨ 5 ᠤ ᠡᠳᠦᠷ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠲᠥᠪᠯᠡᠷᠡᠭᠦᠯᠦᠨ ᠰᠤᠷᠤᠯᠴᠠᠭᠤᠯᠵᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠪᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠳᠡᠳ᠋ ᠱᠦᠵᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠭᠦᠨᠵᠡᠭᠡᠢ ᠰᠤᠷᠤᠯᠴᠠᠵᠤ᠂ ᠰᠢᠰᠲ᠋ᠧᠮ ᠲᠠᠢ ᠲᠠᠶᠢᠯᠪᠤᠷᠢᠯᠠᠭᠰᠠᠨ ᠪᠥᠭᠡᠳ ᠨᠠᠮ ᠤᠨ ᠭᠡᠰᠢᠭᠦᠨ ᠺᠠᠳ᠋ᠷᠴᠤᠳ ᠲᠤ ᠴᠢᠩᠭ᠎ᠠ ᠲᠣᠳᠣᠷᠬᠠᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠳᠤᠷᠠᠳᠴᠠᠢ᠃ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠤᠶᠠᠷ ︽ᠳᠦᠷᠢᠮ︾ ᠢ ᠵᠠᠪᠠᠯ ᠰᠤᠷᠬᠤ ᠨᠢᠭᠡ ᠵᠦᠢᠯ ᠤᠨ ᠬᠢᠴᠢᠶᠡᠯ ᠤᠨ ᠵᠦᠢᠯ ᠪᠣᠯᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ ᠭᠡᠵᠦ ᠱᠠᠭᠠᠷᠳᠠᠵᠠᠢ᠃ ᠠᠵᠢᠯ ᠠᠮᠢᠳᠤᠷᠠᠯ ᠤᠨ ᠳᠤᠮᠳᠠ ᠪᠠᠨ ᠬᠤᠶᠠᠷ ︽ᠳᠦᠷᠢᠮ︾ ᠳᠤ ᠬᠤᠯᠪᠣᠭᠳᠠᠭᠰᠠᠨ ᠠᠭᠤᠯᠭ᠎ᠠ ᠪᠠᠷ ᠪᠠᠷᠢᠮᠵᠢᠶ᠎ᠠ ᠪᠣᠯᠭᠠᠵᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠯᠢ ᠳᠠᠪᠠᠭ᠋ᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠬᠠᠮᠰᠠᠷ ᠠᠴᠠ ᠪᠠᠨ ᠪᠡᠶ᠎ᠡ ᠪᠠᠨ ᠱᠠᠭᠠᠷᠳᠠᠬᠤ ᠰᠡᠷᠭᠡᠶᠢᠯᠡᠯᠲᠡ ᠶᠢᠨ ᠱᠤᠭᠤᠮ ᠢ ᠵᠠᠰᠠᠵᠤ᠂ ᠯᠠᠪᠳᠠᠭᠤᠨ ᠪᠠᠲᠤᠲᠠᠢ ᠬᠡᠷᠡᠭᠵᠢᠭᠦᠯᠬᠦ ᠬᠤᠷᠢᠭ᠎ᠠ ᠱᠤᠭᠤᠮ ᠢ ᠲᠣᠭᠲᠠᠭᠠᠵᠤ᠂ ᠬᠥᠮᠥᠨ ᠪᠣᠯᠬᠤ ᠶᠢᠨ ᠪᠣᠳᠠᠲᠤ ᠱᠤᠭᠤᠮ ᠢ ᠵᠥᠪ ᠲᠣᠭᠲᠠᠭᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠯ᠎ᠡ ᠵᠦᠢᠯ ᠤᠨ ᠠᠵᠢᠯ ᠤᠨ ᠡᠮᠦᠨ᠎ᠡ ᠡᠩᠨᠡᠭᠡᠨ ᠳᠤ ᠣᠷᠣᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠪᠦᠬᠦ ᠲᠠᠯ᠎ᠠ ᠶᠢᠨ ᠬᠡᠪᠴᠢᠶᠡᠨ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠬᠥᠮᠥᠨ ᠪᠦᠬᠦᠨ ᠣᠶᠢᠯᠠᠭᠠᠵᠤ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠳᠤ ᠢᠳᠡᠪᠬᠢᠲᠡᠢ ᠳᠡᠮᠵᠢᠯᠭᠡ ᠦᠵᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠵᠦ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠺᠠᠳ᠋ᠷ ᠤᠨ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃
     ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠬᠤᠷᠢᠭ᠎ᠠ ᠱᠤᠭᠤᠮ︾ ᠮᠥᠨ᠂ ᠪᠠᠰᠠ ᠴᠤ ᠨᠠᠮ ᠤᠨ ᠭᠡᠰᠢᠭᠦᠨ ᠺᠠᠳ᠋ᠷᠴᠤᠳ ᠤᠨ ᠲᠤᠰ ᠪᠡᠶ᠎ᠡ ᠶᠢᠨ ᠦᠢᠯᠡ ᠠᠵᠢᠯᠯᠠᠭ᠎ᠠ ᠪᠠᠨ ᠬᠢᠵᠠᠭᠠᠷᠯᠠᠬᠤ ᠪᠠᠷᠢᠮᠵᠢᠶ᠎ᠠ ᠪᠠ ᠵᠢᠷᠤᠮᠯᠠᠯ ᠮᠥᠨ᠂ ᠰᠠᠬᠢᠯᠭ᠎ᠠ ᠪᠠᠲᠤ ᠶᠢᠨ ᠬᠥᠮᠦᠵᠢᠯ ᠢ ᠡᠷᠬᠡᠪᠰᠢ ᠥᠨᠢ ᠤᠳᠠᠭᠠᠨ ᠪᠠᠷᠢᠮᠲᠠᠯᠠᠬᠤ ᠬᠡᠷᠡᠭᠲᠡᠢ᠃ ᠬᠤᠶᠢᠰᠢᠳᠠ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠬᠡᠷᠡᠭᠲᠡᠢ᠃ ᠤᠷᠢᠳ ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠤᠶᠠᠷ ᠳᠦᠷᠢᠮ ᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠤᠯᠴᠠᠬᠤ ᠶᠢᠨ ᠳᠤᠮᠳᠠ ᠬᠢᠵᠦ᠂ ᠰᠤᠷᠤᠯᠴᠠᠬᠤ ᠶᠢᠨ ᠳᠤᠮᠳᠠ ᠰᠤᠷᠤᠯᠴᠠᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠮᠰᠠᠷᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠳᠠᠳᠬᠠᠯ ᠪᠠ ᠤᠬᠠᠮᠰᠠᠷ ᠠᠴᠠ ᠪᠠᠨ ᠵᠢᠷᠤᠮᠯᠠᠬᠤ ᠪᠣᠯᠭᠠᠨ ᠬᠤᠪᠢᠷᠠᠭᠤᠯᠬᠤ ᠬᠡᠷᠡᠭᠲᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号