ᠬᠤᠲᠣᠩ ᠠᠷᠠᠳ ᠤᠨ ᠲᠣᠭᠤᠷᠢᠭ ᠤᠨ 2024 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠥᠨᠥᠳᠥᠷ ᠬᠤᠷᠠᠯᠳᠤᠨ᠎ᠠ
ᠨᠡᠶᠢᠲᠡᠯᠡᠭᠰᠡᠨ ᠴᠠᠭ᠄
2024/3/7
      3 ᠰᠠᠷ᠎ᠠ ᠶᠢᠨ 6 ᠤ ᠡᠳᠦᠷ᠂ ᠬᠤᠲᠣᠩ ᠠᠷᠠᠳ ᠤᠨ ᠲᠣᠭᠤᠷᠢᠭ ᠤᠨ 2024 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠵᠠᠰᠠᠭ ᠤᠨ ᠠᠯᠪᠠᠨ ᠠᠰᠠᠷ ᠤᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠪᠠ᠂ ᠬᠤᠷᠠᠯ ᠳᠤ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠ ᠨᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠭ ᠤᠨ ᠪᠦᠷᠢᠯᠳᠦᠭᠦᠨ᠂ ᠡᠯ᠎ᠡ ᠬᠤᠶᠠᠳᠤᠭᠠᠷ ᠳᠡᠰ ᠤᠨ ᠨᠢᠭᠡᠴᠢ᠂ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠡᠷᠭᠡᠶᠢᠯᠡᠨ ᠬᠠᠮᠠᠭᠠᠯᠠᠬᠤ ᠥᠷᠲᠡᠭᠡᠨ ᠤ ᠬᠠᠷᠢᠭᠤᠴᠠᠯᠭᠠᠲᠠᠨ᠂ ᠨᠢᠭᠡ ᠪᠠᠯᠭᠠᠰᠤ ᠲᠤᠯᠤᠭᠠᠨ ᠠᠯᠪᠠᠨ ᠭᠡᠷ ᠨᠢᠭᠡ ᠲᠥᠪ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠠᠵᠢᠯᠲᠠᠨ ᠣᠷᠣᠯᠴᠠᠵᠠᠢ᠃      ᠡᠩ ᠲᠡᠷᠢᠭᠦᠨ ᠳᠤ᠂ ᠡᠯ᠎ᠡ ᠬᠤᠶᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ 2023 ᠣᠨ ᠤ ᠠᠵᠢᠯ ᠤᠨ ᠬᠢᠯᠠᠰ ᠴᠡᠭ ᠤᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ︔ ᠳᠠᠷᠠᠭ᠎ᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠸᠠᠩ ᠬᠠᠢ ᠹᠧᠩ 2023 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠳ᠋ᠦᠩᠨᠡᠵᠦ᠂ 2024 ᠣᠨ ᠤ ᠡᠯ᠎ᠡ ᠵᠦᠢᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠄ ᠨᠢᠭᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ︽ᠪᠠᠴᠢᠮ ᠪᠡᠷᠬᠡ ᠵᠣᠪᠠᠨᠢᠯ︾ ᠲᠠᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ︔ ᠬᠤᠶᠠᠷ ᠲᠤ᠂ ᠡᠮᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠲᠦᠯᠬᠢᠨ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠭᠤᠷᠪᠠ ᠳᠤ᠂ ︽ᠨᠢᠭᠡ ᠨᠠᠰᠤᠲᠠᠨ ᠨᠢᠭᠡ ᠨᠢᠯᠬᠠᠰ︾ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︔ ᠳᠥᠷᠪᠡ ᠳᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠨᠠᠩ ᠳᠥᠭᠦᠮ ᠳᠥᠲᠡ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠬᠠᠩᠭᠠᠨ᠎ᠠ︔ ᠲᠠᠪᠤ ᠳᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠤᠨ ᠵᠣᠬᠢᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠵᠢᠷᠭᠤᠭ᠎ᠠ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠨᠡᠶᠢᠳᠬᠡᠵᠦ᠂ ᠮᠡᠳᠡᠭᠡ ᠵᠠᠩᠭᠢ ᠶᠢᠨ ᠲᠠᠪᠴᠠᠩ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠎ᠠ︔ ᠲᠤᠯᠤᠭ᠎ᠠ ᠳᠤ᠂ ᠤᠯᠠᠨ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ︔ ᠨᠠᠢᠮᠠ ᠳᠤ᠂ ᠪᠤᠰᠤᠳ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ︔ ᠶᠢᠰᠦ ᠳᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃       ᠶᠡᠭᠡ ᠬᠤᠷᠠᠯ ᠤᠨ ᠡᠴᠦᠰ ᠲᠤ᠂ ᠳᠡᠳ᠋ ᠲᠣᠭᠤᠷᠢᠭ ᠤᠨ ᠳᠠᠷᠤᠭ᠎ᠠ ᠸᠠᠩ ᠶᠠ ᠨᠠ ᠡᠨᠡ ᠵᠢᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠᠴᠢᠯᠠᠭᠰᠠᠨ ᠨᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠪᠥᠬᠦ ᠠᠵᠢᠯᠲᠠᠳ ᠢ ᠰᠢᠨ᠎ᠡ ᠱᠠᠲᠤ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠶᠢ ᠭᠦᠨᠵᠡᠭᠡᠢ ᠡᠵᠡᠮᠳᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠪᠣᠯ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠪᠠᠷ ᠪᠠᠷᠠᠬᠤ ᠦᠭᠡᠢ ᠪᠠᠰᠠ ᠴᠤ ᠴᠢᠬᠤᠯᠠ ᠶᠡᠭᠡ ᠨᠡᠶᠢᠭᠡᠮ ᠤᠨ ᠠᠰᠠᠭᠤᠳᠠᠯ᠂ ᠤᠯᠤᠰ ᠲᠥᠷᠥ ᠶᠢᠨ ᠠᠰᠠᠭᠤᠳᠠᠯ ᠮᠥᠨ ᠭᠡᠳᠡᠭ ᠢ ᠲᠣᠳᠣᠷᠬᠠᠶᠢᠯᠠᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠵᠤ᠂ ᠡᠷᠡᠭᠦᠯ ᠡᠩᠬᠡ ᠬᠤᠲᠣᠩ ᠠᠷᠠᠳ ᠤᠨ ᠲᠣᠭᠤᠷᠢᠭ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠮᠠᠨ ᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号