ᠶᠦᠮ ᠤᠨ ᠪᠠᠶᠢᠰᠢᠩ ᠤᠨ ᠪᠠᠯᠭᠠᠰᠤ ᠦᠨᠳᠦᠰᠦᠲᠡᠨ ᠤ ᠪᠦᠯᠬᠦᠮᠳᠡᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/7
      ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ ᠶᠦᠮ ᠤᠨ ᠪᠠᠶᠢᠰᠢᠩ ᠤᠨ ᠪᠠᠯᠭᠠᠰᠤ ︽ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃      ᠲᠤᠰ ᠠᠵᠢᠯᠯᠠᠭ᠎ᠠ ᠳᠤ ᠦᠨᠳᠦᠰᠦᠲᠡᠨ ᠤ ᠦᠯᠢᠭᠡᠷ ᠪᠣᠯᠣᠨ ᠳᠡᠷᠭᠡᠳᠡᠬᠢ ᠡᠯ᠎ᠡ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠬᠠᠷᠢᠯᠴᠠᠨ ᠬᠠᠪᠰᠤᠷᠤᠯᠴᠠᠭᠰᠠᠨ ᠦᠯᠢᠭᠡᠷ ᠢ ᠶᠠᠷᠢᠪᠠ᠃ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠤᠯᠠᠨ ᠳᠤ ᠦᠨᠳᠦᠰᠦᠲᠡᠨ ᠨᠦᠭᠦᠳ ᠤᠨ ᠵᠠᠩ ᠳᠠᠳᠬᠠᠯ ᠢ ᠬᠤᠪᠢᠶᠠᠯᠴᠠᠵᠤ᠂ ᠡᠷᠲᠡᠨ ᠠᠴᠠ ᠡᠳᠦᠭᠡ ᠪᠣᠯᠲᠠᠯᠠᠬᠢ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠂ ᠳᠣᠲᠣᠨᠣ ᠶᠠᠪᠤᠯᠴᠠᠭ᠎ᠠ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠪᠠᠶᠢᠳᠠᠯ ᠢ ᠳᠡᠯᠭᠡᠨ ᠦᠵᠡᠭᠦᠯᠪᠡ᠃ ᠳᠠᠷᠠᠭ᠎ᠠ ᠨᠢ᠂ ᠰᠠᠶᠢᠨ ᠳᠤᠷ᠎ᠠ ᠶᠢᠨ ᠠᠵᠢᠯᠯᠠᠭᠴᠢ ᠠᠴᠠ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠪᠠ᠃      ᠲᠣᠰ ᠤᠳᠠᠭᠠᠨ ᠤ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠡᠷᠬᠡ ᠲᠡᠭᠰᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠰᠢᠨ᠎ᠡ ᠮᠠᠶ᠋ᠢᠭ ᠤᠨ ᠦᠨᠳᠦᠰᠦᠲᠡᠨ ᠤ ᠬᠠᠷᠢᠴᠠᠭ᠎ᠠ ᠪᠠᠶᠢᠭᠤᠯᠬᠤ ᠶᠢ ᠭᠦᠨᠵᠡᠭᠡᠢ ᠣᠶᠢᠯᠠᠭᠠᠭᠤᠯᠪᠠ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号