ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/7
      ᠨᠢᠭᠡ᠂ ᠭᠤᠣᠯ ᠡᠭᠦᠷᠭᠡ ᠴᠢᠳᠠᠮᠵᠢ      ︵ᠨᠢᠭᠡ︶ ᠪᠥᠬᠦ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠪᠣᠯᠣᠨ ᠥᠭᠡᠷᠡᠴᠢᠯᠡᠯᠲᠡ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔᡾ᠪᠥᠬᠦ ᠲᠣᠭᠤᠷᠢᠭ ᠤᠨ ᠠᠵᠤ ᠠᠬᠤᠢ ᠶᠢᠨ ᠬᠡᠯᠪᠡᠷᠢ ᠶᠢ ᠵᠠᠳᠠᠯᠤᠨ ᠵᠢᠱᠢᠵᠦ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ᠂ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠶᠢ ᠳᠤᠷᠠᠳᠤᠨ ᠭᠠᠷᠭᠠᠨ᠎ᠠ︔ ᠪᠦᠬᠦ ᠲᠣᠭᠤᠷᠢᠭ ᠤᠨ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠲᠦᠷᠦ ᠶᠢᠨ ᠪᠣᠳᠣᠯᠭ᠎ᠠ ᠪᠠ ᠠᠷᠭ᠎ᠠ ᠶᠢ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠪᠥᠬᠦ ᠲᠣᠭᠤᠷᠢᠭ ᠤᠨ ᠡᠳ᠋ ᠤᠨ ᠵᠠᠰᠠᠭ ᠤᠨ ᠪᠠᠶᠢᠭᠤᠯᠤᠯ ᠢ ᠠᠬᠢᠭᠤᠯᠤᠨ᠎ᠠ᠃      ︵ᠬᠤᠶᠠᠷ︶ ᠲᠣᠭᠤᠷᠢᠭ ᠤᠨ ᠲᠤᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠪᠥᠬᠦ ᠲᠣᠭᠤᠷᠢᠭ ᠤᠨ ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠣᠭᠤᠷᠢᠭ ᠤᠨ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠲᠣᠭᠤᠷᠢᠭ ᠤᠨ ᠲᠣᠰ ᠱᠠᠲᠤᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠲᠣᠭᠤᠷᠢᠭ ᠤᠨ ᠲᠣᠰ ᠱᠠᠲᠤᠨ ᠤ ᠰᠠᠯᠠᠭ᠎ᠠ ᠮᠥᠴᠢᠷ ︵ᠨᠢᠭᠡᠴᠢ︶ ᠤᠨ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠣᠬᠤᠯᠠᠪᠤᠷᠢᠯᠠᠨ ᠬᠠᠷᠢᠭᠤᠯᠬᠤ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠥᠬᠦ ᠲᠣᠭᠤᠷᠢᠭ ᠤᠨ ᠣᠨ ᠤ ᠡᠳ᠋ ᠤᠨ ᠵᠠᠰᠠᠭ ᠤᠨ ᠲᠥᠰᠥᠪ ᠵᠢᠴᠢ ᠭᠦᠢᠴᠡᠳᠬᠡᠭᠰᠡᠨ ᠪᠠᠶᠢᠳᠠᠯ ᠢ ᠮᠡᠳᠡᠭᠦᠯᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠮᠡᠳᠡᠭᠦᠯᠦᠨ᠎ᠡ︔ ᠲᠣᠰ ᠱᠠᠲᠤᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠵᠤ᠂ ᠳᠡᠭᠡᠳᠦ ᠱᠠᠲᠤᠨ ᠤ ᠪᠠ ᠲᠣᠰ ᠱᠠᠲᠤᠨ ᠤ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠤᠳᠤᠬᠤ ᠤᠴᠢᠷ ᠶᠠᠪᠤᠳᠠᠯ ᠢ ᠭᠦᠢᠴᠡᠳᠬᠡᠨ᠎ᠡ᠃      ︵ᠭᠤᠷᠪᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠣᠲᠣᠷᠠᠬᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠶᠢᠨ ᠲᠣᠬᠢᠷᠠᠭᠤᠯᠤᠯᠲᠠ ᠶᠢᠨ ᠲᠥᠰᠥᠯ ᠢ ᠰᠤᠳᠤᠯᠤᠨ ᠲᠣᠭᠲᠠᠭᠠᠨ᠎ᠠ︔ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠣᠭᠲᠠᠭᠠᠯ ᠶᠣᠰᠣᠭᠠᠷ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠶᠢ ᠬᠠᠮᠢᠶᠠᠷᠤᠨ᠎ᠠ︔ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠨ᠎ᠠ︔ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠬᠤ︔ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃      ︵ᠳᠥᠷᠪᠡ︶ ᠪᠥᠬᠦ ᠲᠣᠭᠤᠷᠢᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠣᠭᠤᠷᠢᠭ ᠤᠨ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ︔ ᠲᠣᠰ ᠱᠠᠲᠤᠨ ᠤ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠪᠠᠩᠬᠢ ᠶᠢᠨ ᠲᠠᠩᠰᠠᠨ ᠡᠷᠦᠬᠡ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠬᠢᠨᠠᠨ ᠬᠠᠮᠢᠶᠠᠷᠤᠯᠲᠠ ᠶᠢ  ᠬᠡᠷᠡᠭᠵᠢᠭᠦᠯᠦᠨ᠎ᠡ᠃      ︵ᠲᠠᠪᠤ︶ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠤᠯᠤᠰ ᠤᠨ ᠳᠦᠷᠢᠮ ᠪᠠ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ︔ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃      ︵ᠵᠢᠷᠭᠤᠭ᠎ᠠ︶ ᠪᠥᠬᠦ ᠲᠣᠭᠤᠷᠢᠭ ᠤᠨ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠢᠭᠡᠳ ᠲᠣᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠠᠴᠠ ᠰᠠᠯᠭᠠᠨ ᠥᠭᠬᠦ ᠵᠣᠭᠤᠰ ᠢ ᠭᠦᠢᠴᠡᠳᠬᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ︔  ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠬᠡᠷᠡᠭᠵᠢᠭᠦᠯᠵᠦ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠪᠠ ᠲᠤᠰᠬᠠᠢ ᠵᠦᠢᠯ ᠤᠨ ᠨᠥᠭᠡᠴᠡ ᠪᠡᠯᠡ ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠲᠤᠯᠤᠭ᠎ᠠ︶ ᠪᠥᠬᠦ ᠲᠣᠭᠤᠷᠢᠭ ᠤᠨ ᠨᠢᠭᠲᠠᠯᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠬᠤ ᠥᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠵᠤ᠂ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃      ︵ᠨᠠᠢᠮᠠ︶ ᠪᠥᠬᠦ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ  ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ︵ᠶᠢᠰᠦ︶ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠣᠲᠣᠭᠠᠳᠤ ᠡᠵᠡᠮᠳᠡᠯ ᠢ ᠬᠢᠨᠠᠨ ᠵᠢᠯᠤᠭᠤᠳᠬᠤ ᠪᠠ ᠵᠢᠷᠤᠮᠵᠢᠭᠤᠯᠤᠨ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠪᠠ ᠰᠠᠨᠠᠭᠤᠯᠭ᠎ᠠ ᠶᠢ ᠳᠤᠷᠠᠳᠤᠨ᠎ᠠ᠃      ︵ᠠᠷᠪᠠ︶ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠭᠤᠯᠤᠨ ᠬᠠᠮᠵᠢᠯᠴᠠᠬᠤ ᠬᠠᠮᠢᠶ᠎ᠠ ᠪᠦᠬᠦᠢ ᠠᠷᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠣᠭᠤᠷᠢᠭ ᠤᠨ ᠱᠠᠲᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠶᠢ ᠲᠣᠭᠲᠠᠭᠠᠨ᠎ᠠ︔ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠵᠢᠷᠤᠮᠵᠢᠭᠤᠯᠤᠨ᠎ᠠ᡾︔ ᠬᠠᠮᠢᠶ᠎ᠠ ᠪᠦᠬᠦᠢ ᠰᠠᠯᠠᠭ᠎ᠠ ᠮᠥᠴᠢᠷ ᠢ ᠳᠠᠭᠠᠭᠤᠯᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠭᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢᠨ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠠᠵᠢᠯ ᠢ ᠪᠦᠷᠢᠨᠰᠢᠭᠦᠯᠦᠨ᠎ᠡ᠃      ︵ᠠᠷᠪᠠᠨ ᠨᠢᠭᠡ︶ ᠲᠣᠭᠤᠷᠢᠭ ᠤᠨ ᠬᠠᠷᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠯ ᠶᠣᠰᠣᠭᠠᠷ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠤᠨ᠎ᠠ︔ ᠪᠥᠬᠦ ᠲᠣᠭᠤᠷᠢᠭ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠥᠬᠦ ᠲᠣᠭᠤᠷᠢᠭ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠤᠷᠢᠭ ᠤᠨ ᠲᠣᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠤᠷᠤᠯᠭ᠎ᠠ ᠶᠢ ᠬᠤᠷᠢᠶᠠᠨ᠎ᠠ︔ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠣᠷᠣᠨ ᠲᠤᠭ᠎ᠠ ᠬᠢᠨ᠎ᠡ᠃ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠣᠭᠤᠷᠢᠭ ᠤᠨ ᠲᠣᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣᠬᠢᠴᠢᠯᠠᠭᠰᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ︔ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠳᠤ ᠲᠤᠰᠢᠶᠠᠭᠰᠠᠨ ᠠᠰᠢᠭ ᠣᠯᠵᠠᠪᠤᠷᠢ ᠶᠢ ᠵᠣᠬᠢᠶᠠᠨ ᠪᠠᠶᠢᠭᠤᠯᠤᠨ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠬᠤᠶᠠᠷ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ  ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠪᠦᠬᠦ ᠲᠠᠯ᠎ᠠ ᠶᠢᠨ ᠵᠠᠰᠠᠭ ᠤᠨ ᠶᠠᠪᠤᠳᠠᠯ᠂ ᠨᠠᠮ ᠤᠨ ᠠᠵᠢᠯ ᠤᠨ ᠠᠵᠢᠯ ᠢ ᠬᠠᠷᠢᠭᠤᠴᠠᠨ᠎ᠠ︔ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠳᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ︔ ᠡᠬᠡ ᠪᠢᠴᠢᠭ ᠲᠤᠭᠤᠷᠪᠢᠬᠤ᠂ ᠲᠥᠷᠥ ᠶᠢᠨ ᠪᠣᠳᠣᠯᠭ᠎ᠠ ᠶᠢ ᠰᠤᠳᠤᠯᠬᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃      ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠯᠪᠠᠨ ᠭᠡᠷ᠃ ᠪᠥᠬᠦ ᠲᠣᠭᠤᠷᠢᠭ ᠬᠢᠭᠡᠳ ᠲᠣᠭᠤᠷᠢᠭ ᠤᠨ ᠲᠣᠰ ᠱᠠᠲᠤᠨ ᠤ ᠣᠨ ᠤ ᠲᠥᠰᠥᠪ ᠤᠨ ᠲᠥᠰᠥᠯ ᠢ ᠨᠠᠶᠢᠷᠠᠭᠤᠯᠤᠨ ᠵᠣᠬᠢᠶᠠᠬᠤ ᠪᠠ ᠲᠥᠰᠥᠪ ᠤᠨ ᠲᠣᠬᠢᠷᠠᠭᠤᠯᠤᠯᠲᠠ ᠶᠢᠨ ᠶᠠᠪᠤᠳᠠᠯ ᠢ ᠭᠦᠢᠴᠡᠳᠬᠡᠬᠦ ᠶᠢ ᠬᠠᠷᠢᠭᠤᠴᠠᠵᠤ᠂ ᠪᠥᠬᠦ ᠲᠣᠭᠤᠷᠢᠭ ᠤᠨ ᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠵᠢᠴᠢ ᠮᠡᠳᠡᠭᠦᠯᠦᠯᠲᠡ ᠶᠢ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠶᠡᠷᠦᠩᠬᠡᠢ ᠲᠥᠰᠥᠪ ᠤᠨ ᠨᠢᠭᠲᠠᠯᠠᠨ ᠪᠤᠳᠤᠭᠴᠢ ᠶᠢᠨ ᠲᠣᠭᠠᠴᠠᠭ᠎ᠠ ᠬᠢᠵᠦ᠂ ᠨᠠᠶᠢᠷᠠᠭᠤᠯᠤᠨ ᠵᠣᠬᠢᠶᠠᠬᠤ ᠰᠠᠯᠠᠭ᠎ᠠ ᠮᠥᠴᠢᠷ ᠤᠳ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢ ᠬᠢᠨᠠᠨ ᠡᠵᠡᠮᠳᠡᠬᠦ ᠪᠠ ᠪᠦᠷᠢᠳᠬᠡᠨ ᠵᠠᠳᠠᠯᠬᠤ︔ ᠲᠣᠭᠤᠷᠢᠭ ᠤᠨ ᠱᠠᠲᠤᠨ ᠤ ᠡᠳ᠋ ᠤᠨ ᠵᠠᠰᠠᠭ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠠᠩᠰᠠᠨ ᠡᠷᠦᠬᠡ ᠶᠢ ᠨᠢᠭᠡᠳᠦᠯᠲᠡᠢ ᠬᠠᠮᠢᠶᠠᠷᠤᠨ᠎ᠠ︔ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ᠂ ᠪᠣᠯᠪᠠᠰᠤᠷᠠᠯ ᠤᠨ ᠵᠠᠷᠤᠳᠠᠯ ᠵᠡᠷᠭᠡ ᠠᠯᠪᠠᠨ ᠶᠠᠪᠤᠳᠠᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠨ᠎ᠠ︔ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠲᠠᠷᠢᠶᠠᠯᠠᠩ᠂ ᠮᠠᠯ ᠠᠵᠤ ᠠᠬᠤᠢ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠬᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠡᠨᠧᠷᠭᠢ᠂ ᠵᠠᠰᠠᠮᠠᠯ ᠵᠠᠮ᠂ ᠠᠶᠤᠯᠭᠦᠢ ᠦᠢᠯᠡᠳᠪᠦᠷᠢᠯᠡᠯ᠂ ᠦᠢᠯᠡᠴᠢᠯᠡᠭᠡᠨ ᠤ ᠦᠢᠯᠡᠰ᠂ ᠬᠤᠳᠠ ᠬᠥᠳᠡᠭᠡ ᠶᠢᠨ ᠪᠠᠷᠠᠭᠠᠨ ᠤ ᠭᠦᠢᠯᠭᠡᠭᠡ᠂ ᠬᠥᠳᠡᠭᠡ ᠲᠣᠰᠬᠤᠨ ᠤ ᠬᠠᠩᠭᠠᠨ ᠪᠣᠷᠤᠯᠠᠭᠤᠯᠭ᠎ᠠ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠰᠥᠪ ᠤᠨ ᠠᠵᠢᠯ ᠢ ᠬᠠᠷᠢᠭᠤᠴᠠᠨ᠎ᠠ᠃      ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ︵ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠨᠣᠮᠧᠷ︶ ᠤ 7 ᠳ᠋ᠤᠭᠠᠷ ᠠᠰᠠᠷ᠃      ᠠᠵᠢᠯᠯᠠᠬᠤ ᠴᠠᠭ᠄ ᠠᠵᠢᠯᠯᠠᠬᠤ ᠡᠳᠦᠷ 9᠄00 ︱ 12᠄00 13᠄30 ︱ 17᠄00      ᠰᠢᠤᠳᠠᠨ ᠳ᠋ᠤᠭᠠᠷ᠄ 010030      ᠰᠢᠤᠳᠠᠨ ᠬᠠᠶᠢᠷᠴᠠᠭ᠄ nmghmqczj@163.com      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠷᠢᠭᠤᠴᠠᠯᠭᠠᠲᠠᠨ᠄ ᠶᠢᠨ ᠭᠦᠸᠧ ᠴᠢᠶᠠᠩ      ᠬᠠᠷᠢᠯᠴᠠᠬᠤ ᠤᠲᠠᠰᠤ᠄ 0471 ︱ 3821090      ᠳᠣᠲᠣᠭᠠᠳᠤ ᠰᠠᠯᠠᠭ᠎ᠠ ᠲᠠᠰᠤᠭ ︱ ᠲᠥᠰᠥᠪ ᠢ ᠨᠠᠶᠢᠷᠠᠭᠤᠯᠤᠨ ᠬᠢᠨᠠᠬᠤ ᠲᠥᠪ ᠤᠨ ᠬᠠᠷᠢᠭᠤᠴᠠᠯᠭᠠᠲᠠᠨ᠄ ᠢᠦᠢ ᠵᠢᠶᠠ      ᠬᠠᠷᠢᠯᠴᠠᠬᠤ ᠤᠲᠠᠰᠤ᠄ 0471 ︱ 6381076      ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠲᠥᠯᠥᠬᠦ ᠲᠥᠪ ᠤᠨ ᠬᠠᠷᠢᠭᠤᠴᠠᠯᠭᠠᠲᠠᠨ᠄ ᠵᠠᠩ ᠵᠢᠩ ᠳ᠋ᠦᠩ      ᠬᠠᠷᠢᠯᠴᠠᠬᠤ ᠤᠲᠠᠰ᠊᠄ 0471-3821080      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号