ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠬᠡᠦᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠮᠥᠨ᠂ | ᠬᠡᠦᠬᠡᠳ ᠤᠳ ᠬᠠᠤᠯᠢ ᠶᠣᠰᠣᠭᠠᠷ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠤᠳ ᠤᠨ | ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠲᠦᠭ ᠲᠦᠮᠡᠨ | ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠶᠤᠮ᠃ ᠮᠠᠨ ᠤ ᠤᠯᠤᠰ ᠤᠨ ᠬᠤᠲᠠ | ᠬᠥᠳᠡᠭᠡᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ᠂ | ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠤ ᠳᠤᠮᠳᠠ ᠨᠡᠮᠡᠭᠳᠡᠵᠦ᠂ 2023 ᠣᠨ ᠳᠤ | ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭᠠᠳᠬᠠᠯ ᠳᠤ ᠣᠷᠣᠯᠴᠠᠭᠰᠠᠨ | ᠬᠡᠦᠬᠡᠳ ᠤᠨ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ | ᠪᠠᠲᠤᠯᠠᠬᠤ ᠳᠤ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠶᠢᠨ᠎ᠠ᠃ | ᠭᠡᠪᠡᠴᠦ ᠡᠭᠦᠨ ᠤ ᠬᠠᠮᠲᠤ ᠪᠠᠰᠠ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠳᠤ ᠭᠠᠷ ᠭᠦᠢᠴᠡᠳᠬᠡᠯ ᠣᠯᠠᠨ᠂ | ᠶᠠᠪᠤᠴᠠ ᠤᠷᠲᠤ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠳᠣᠷᠣᠢ᠂ | ᠣᠨᠴᠠ ᠵᠠᠷᠢᠮ ᠬᠤᠲᠠ ᠪᠠᠶᠢᠩᠭᠤ ᠰᠠᠭᠤᠭ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ | ᠬᠢᠵᠠᠭᠠᠷᠯᠠᠯ ᠢ ᠬᠠᠷᠠᠬᠠᠨ ᠪᠦᠷᠢᠮᠦᠰᠦᠨ ᠴᠢᠯᠦᠭᠡᠲᠡᠢ ᠪᠣᠯᠭᠠᠭᠠᠳᠤᠢ ᠵᠡᠷᠭᠡ ᠠᠰᠠᠭᠤᠳᠠᠯ ᠤᠳ ᠣᠷᠣᠰᠢᠵᠤ ᠪᠠᠶᠢᠭ᠎ᠠ | ᠪᠣᠯᠬᠤᠷ ᠬᠠᠮᠲᠤ ᠶᠢᠨ ᠲᠠᠨᠢᠯᠲᠠ ᠪᠠᠨ ᠴᠢᠨᠠᠭᠰᠢᠳᠠ ᠤᠯᠠᠮ ᠨᠢᠭᠲᠠᠷᠠᠭᠤᠯᠵᠤ᠂ ᠰᠠᠯᠠᠭ᠎ᠠ ᠮᠥᠴᠢᠷ ᠤᠳ ᠤᠨ ᠨᠡᠶᠢᠯᠡᠮᠡᠯ | ᠬᠦᠴᠦᠨ ᠢ ᠪᠣᠶ ᠪᠣᠯᠭᠠᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠲᠦᠪᠰᠢᠨ ᠢ ᠴᠢᠨᠠᠭᠰᠢᠳᠠ ᠤᠯᠠᠮ | ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠬᠡᠦᠬᠡᠳ ᠤᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ | ᠠᠰᠢᠭ ᠢ ᠬᠠᠮᠠᠭᠠᠯᠠᠬᠤ ᠶᠢᠨ ᠲᠥᠯᠥᠭᠡ᠂ ᠪᠢᠳᠡ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠪᠥᠬᠦ ᠤᠯᠤᠰ ᠤᠨ ᠡᠮᠡᠭᠲᠡᠶᠢᠴᠦᠳ ᠤᠨ | ᠬᠤᠯᠪᠣᠭᠠᠨ ᠤ ᠠᠯᠪᠠᠨ ᠲᠢᠩᠬᠢᠮ ᠲᠠᠢ ᠬᠠᠮᠲᠤᠷᠠᠨ ︽ᠬᠡᠦᠬᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ | ᠢ ᠰᠤᠳᠤᠯᠤᠨ ᠲᠤᠭᠤᠷᠪᠢᠵᠠᠢ᠃ | ᠬᠤᠶᠠᠷ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ | ︽ᠮᠡᠳᠡᠭᠳᠡᠯ︾ ᠳᠤ ᠳᠠᠷᠠᠭᠠᠬᠢ ᠰᠡᠳᠬᠢᠮᠵᠢ ᠶᠢ ᠵᠢᠷᠤᠮᠯᠠᠪᠠ᠄ ᠨᠢᠭᠡ ᠳᠤ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠎ᠠ᠃ ︽︿14·5﹀ ᠶᠢᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠯᠡᠭᠡ︾ | ᠳᠤ ᠳᠤᠷᠠᠳᠤᠭᠰᠠᠨ ᠵᠢᠯ ᠪᠦᠷᠢ 95% ᠠᠴᠠ ᠳᠡᠭᠡᠭᠰᠢᠬᠢ ᠶᠢ ᠳᠠᠭᠠᠳᠬᠠᠯ ᠳᠤ ᠣᠷᠣᠭᠤᠯᠬᠤ ᠨᠣᠷᠮ᠎ᠠ ᠶᠢᠨ | ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80% ᠠᠴᠠ ᠳᠡᠭᠡᠭᠰᠢᠬᠢ ᠨᠢᠷᠠᠢ | ᠬᠡᠦᠬᠡᠳ ᠤᠳ ᠢ ᠲᠥᠷᠥᠭᠰᠡᠨ ᠵᠢᠯ ᠳᠤ ᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠲᠣᠳᠣᠷᠬᠠᠢ | ᠳᠤᠷᠠᠳᠪᠠ᠃ ︽14·5︾ ᠶᠢᠨ ᠬᠤᠭᠤᠴᠠᠭᠠᠨ ᠤ ᠡᠴᠦᠰ ᠪᠣᠯᠬᠤ ᠳᠤ᠂ ᠬᠡᠦᠬᠡᠳ ᠤᠨ ᠳᠠᠭᠠᠳᠬᠠᠯ ᠳᠤ ᠣᠷᠣᠯᠴᠠᠬᠤ | ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠦᠨ᠎ᠡ᠃ ᠬᠤᠶᠠᠷ ᠲᠤ ᠦᠢᠯᠡᠴᠢᠯᠡᠭᠡ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠬᠡᠦᠬᠡᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ | ᠬᠠᠷᠢᠴᠠᠩᠭᠤᠢ ᠪᠠᠷ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠤᠷᠢᠲᠠᠯ ᠳᠤ᠂ ᠨᠢᠷᠠᠢ ᠬᠡᠦᠬᠡᠳ ᠤᠨ ᠳᠠᠭᠠᠳᠬᠠᠯ ᠳᠤ | ᠣᠷᠣᠯᠴᠠᠬᠤ ᠴᠤᠪᠤᠷᠠᠯ ᠢ ᠭᠤᠣᠯᠳᠠᠯᠭ᠎ᠠ ᠲᠠᠢ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢᠨ | ᠭᠤᠭᠴᠤᠭ᠎ᠠ ᠶᠢ ᠴᠣᠮᠬᠠᠯᠠᠨ᠂ ᠦᠢᠯᠡᠴᠢᠯᠡᠭᠡ ᠪᠠᠨ ᠰᠠᠶᠢᠵᠢᠷᠠᠭᠤᠯᠵᠤ᠂ ᠴᠢᠭᠯᠡᠯᠲᠡ ᠴᠢᠨᠠᠷᠲᠠᠢ ᠪᠠᠷ ᠠᠵᠢᠯ ᠤᠨ | ᠱᠠᠭᠠᠷᠳᠠᠯᠭ᠎ᠠ ᠳᠤᠷᠠᠳᠤᠨ᠎ᠠ᠃ ᠭᠤᠷᠪᠠ ᠳᠤ ᠲᠥᠪ ᠶᠣᠰᠣ ᠶᠢ ᠵᠢᠷᠤᠮᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ | ︽ᠮᠡᠳᠡᠭᠳᠡᠯ︾ ᠨᠢ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠬᠤ ᠪᠠ | ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ | ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ︾ ᠢ ᠴᠢᠨᠠᠭᠰᠢᠳᠠ ᠤᠯᠠᠮ ᠪᠠᠬᠢᠵᠢᠭᠦᠯᠦᠨ ᠲᠡᠭᠦᠯᠳᠡᠷᠵᠢᠭᠦᠯᠬᠦ ᠶᠢᠨ | ᠬᠠᠮᠲᠤ ᠣᠷᠣᠨ ᠨᠤᠲᠤᠭ ᠤᠨ ᠬᠠᠶᠢᠨ ᠰᠦᠪᠡᠭᠴᠢᠯᠡᠯᠲᠡ ᠪᠠ ᠰᠢᠨᠡᠴᠢᠯᠡᠯᠲᠡ ᠶᠢ ᠵᠣᠷᠢᠭᠵᠢᠭᠤᠯᠤᠨ᠎ᠠ᠃ | ︽ᠮᠡᠳᠡᠭᠳᠡᠯ︾ ᠨᠢ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠬᠦ᠂ ᠨᠢᠷᠠᠢ | ᠬᠡᠦᠬᠡᠳ ᠤᠨ ᠳᠠᠭᠠᠳᠬᠠᠯ ᠳᠤ ᠣᠷᠣᠯᠴᠠᠬᠤ ᠴᠤᠪᠤᠷᠠᠯ ᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ | ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠬᠦ᠂ | ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠬᠤ᠂ ᠰᠢᠮᠳᠠᠭᠤᠯᠤᠨ ᠵᠢᠯᠤᠭᠤᠳᠴᠤ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠪᠡ᠃ | ᠨᠢᠭᠡ ᠳᠤ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠦᠨ᠎ᠡ᠃ ᠡᠯ᠎ᠡ ᠱᠠᠲᠤᠨ ᠤ | ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ ᠤᠨ | ᠬᠤᠯᠪᠤᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠪᠠᠨ ᠦᠨᠡᠨ ᠬᠦ ᠡᠷᠴᠢᠮᠵᠢᠭᠦᠯᠦᠨ᠎ᠡ᠃ | ᠬᠤᠶᠠᠷ ᠲᠤ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠤᠪᠤᠷᠠᠯ ᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠢ | ᠱᠠᠭᠠᠷᠳᠠᠨ ︽ᠲᠥᠷᠥᠭᠰᠡᠨ ᠤ ᠳᠠᠷᠠᠭᠠᠬᠢ ᠠᠵᠢᠯ ᠶᠠᠪᠤᠳᠠᠯ ᠤᠳ ᠢ ᠨᠢᠭᠡ ᠯᠠ ᠠᠵᠢᠯ ᠶᠠᠪᠤᠳᠠᠯ ᠪᠣᠯᠭᠠᠨ︾ | ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ᠂ ᠣᠷᠣᠨ ᠨᠤᠲᠤᠭ ᠤᠨ ᠲᠥᠷᠥᠭᠰᠡᠨ ᠤ ᠠᠨᠠᠭᠠᠬᠤ ᠶᠢᠨ | ᠭᠡᠷᠡᠴᠢᠯᠡᠯ ᠢᠶᠠᠷ ᠨᠢ ᠨᠢᠷᠠᠢ ᠬᠡᠦᠬᠡᠳ ᠢ ᠳᠠᠭᠠᠳᠬᠠᠯ ᠳᠤ ᠣᠷᠣᠭᠤᠯᠬᠤ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ | ᠭᠤᠷᠪᠠ ᠳᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ | ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠦᠨ᠎ᠡ᠃ ᠭᠠᠳᠠᠷ ᠣᠷᠣᠨ ᠤ ᠡᠷᠦᠬᠡ ᠠᠮᠠ ᠲᠠᠢ ᠬᠡᠦᠬᠡᠳ ᠤᠨ | ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠲᠠᠢ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ | ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠤᠷᠮᠠᠰᠢᠭᠤᠯᠵᠤ ᠬᠢᠵᠠᠭᠠᠷᠯᠠᠬᠤ ᠠᠷᠭ᠎ᠠ | ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢᠨ | ᠬᠥᠭᠵᠢᠯᠲᠡ ᠶᠢ ᠳᠡᠮᠵᠢᠵᠦ᠂ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠂ ᠡᠮᠴᠢᠯᠡᠭᠡᠨ ᠤ | ᠦᠢᠯᠡᠴᠢᠯᠡᠭᠡ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠳᠥᠷᠪᠡ ᠳᠤ ᠰᠠᠯᠠᠭ᠎ᠠ ᠮᠥᠴᠢᠷ ᠤᠳ ᠤᠨ ᠳ᠋ᠠᠶᠢᠲ᠋ᠠ | ᠬᠤᠪᠢᠶᠠᠯᠴᠠᠬᠤ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠳ ᠡᠯᠪᠡᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ | ᠲᠥᠷᠥᠯ ᠤᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ | ᠡᠵᠡᠮᠰᠢᠵᠦ᠂ ᠳᠠᠭᠠᠳᠬᠠᠭᠤᠯᠬᠤ ᠶᠣᠰᠣᠲᠠᠢ ᠶᠢ ᠨᠢ ᠴᠥᠮ ᠳᠠᠭᠠᠳᠬᠠᠭᠤᠯᠬᠤ ᠬᠡᠷᠡᠭᠲᠡᠢ᠃ ᠲᠠᠪᠤ ᠳᠤ ᠰᠢᠮᠳᠠᠭᠤᠯᠤᠨ | ᠵᠢᠯᠤᠭᠤᠳᠴᠤ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠣᠷᠣᠨ ᠤ ᠪᠠᠨ ᠬᠡᠦᠬᠡᠳ ᠢ | ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠢ | ᠲᠣᠬᠢᠷᠠᠭᠤᠯᠬᠤ ᠪᠠ ᠰᠢᠮᠳᠠᠭᠤᠯᠬᠤ ᠶᠢ ᠰᠠᠶᠢᠲᠤᠷ ᠬᠢᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃ | ᠭᠤᠷᠪᠠ᠂ ᠲᠠᠷᠠᠭᠠᠴᠢ ᠶᠢᠨ ᠠᠵᠢᠯ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ | ᠬᠤᠯᠪᠤᠭ᠎ᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤ ᠪᠠᠷ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠢ ᠵᠢᠯᠣᠭᠤᠳᠤᠨ ᠰᠢᠮᠳᠠᠭᠤᠯᠵᠤ ᠪᠠᠶᠢᠭᠠᠳ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠦᠬᠡᠳ ᠢ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ | ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠬᠡᠦᠬᠡᠳ ᠤᠨ | ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ | | | |