ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠶᠢᠨ ᠵᠠᠷᠯᠠᠯ
ᠨᠡᠶᠢᠲᠡᠯᠡᠭᠰᠡᠨ ᠴᠠᠭ᠄
2024/3/8
      ᠮᠠᠨ ᠤ ᠲᠣᠪᠴᠢᠶ᠎ᠠ ᠤᠯᠤᠰ ᠤᠨ ᠢᠳᠡᠭᠡᠨ ᠤ ᠠᠮᠤᠷ ᠲᠦᠪᠰᠢᠨ ᠤ ᠥᠯᠢᠭᠡᠷ ᠠᠪᠴᠤ ᠬᠢᠨᠠᠨ ᠬᠡᠮᠵᠢᠬᠦ ᠰᠢᠰᠲ᠋ᠧᠮ ᠠᠴᠠ ᠥᠪᠥᠷ ᠮᠣᠩᠭᠤᠯ ᠤᠨ ᠪᠢ ᠨᠦᠥᠸ᠋ ᠪᠠᠶᠢᠴᠠᠭᠠᠨ ᠬᠡᠮᠵᠢᠬᠦ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠭᠠᠷᠭᠠᠭᠰᠠᠨ 4 ᠬᠤᠪᠢ ᠬᠢᠷᠢ ᠲᠡᠩᠴᠡᠬᠦ ᠦᠭᠡᠢ ᠬᠤᠭᠤᠯᠠᠨ ᠤ ᠰᠠᠪᠠ ᠬᠡᠷᠡᠭᠰᠡᠯ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠠᠪᠴᠤ᠂ ᠣᠲᠣ ᠬᠢᠷᠢ ᠲᠡᠩᠴᠡᠬᠦ ᠦᠭᠡᠢ ᠬᠤᠭᠤᠯᠠᠨ ᠤ ᠰᠠᠪᠠ ᠬᠡᠷᠡᠭᠰᠡᠯ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠭᠠᠵᠠᠷ ᠤᠨ ᠬᠤᠭᠤᠯᠠᠨ ᠤ ᠰᠠᠯᠠᠭᠠᠨ ᠤ ᠬᠤᠶᠠᠳᠤᠭᠠᠷ ᠬᠤᠭᠤᠯᠠᠨ ᠭᠡᠷ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠴᠠᠭᠠᠨ ᠠᠶᠠᠭ᠎ᠠ᠂ ᠬᠥᠬᠡ ᠬᠦᠪᠡᠭᠡ ᠲᠠᠢ ᠫᠢᠯᠠ᠂ ᠬᠤᠪᠢᠶᠠᠷᠢ ᠬᠤᠭᠤᠯᠠᠨ ᠤ ᠫᠢᠯᠠ᠂ ᠲᠡᠷᠢᠭᠦᠯᠡᠭᠴᠢ ᠴᠡᠴᠡᠭ ᠤᠨ ᠨᠣᠭᠤᠭᠠᠨ ᠠᠶᠠᠭ᠎ᠠ︔ ᠦᠯᠢᠭᠡᠷ ᠠᠪᠤᠭᠰᠠᠨ ᠡᠳᠦᠷ ᠬᠤᠭᠤᠴᠠᠭ᠎ᠠ᠄ 2023-11-20︔ ᠥᠯᠢᠭᠡᠷ ᠠᠪᠬᠤ ᠰᠠᠭᠤᠷᠢ ᠲᠤᠭ᠎ᠠ᠄/︔ 600 ᠬᠤᠭᠤᠯᠠ ᠬᠤᠪᠢᠶᠠᠬᠤ ᠲᠠᠪᠠᠭ᠂ ᠴᠠᠭᠠᠨ ᠠᠶᠠᠭ᠎ᠠ᠂ ᠬᠥᠬᠡ ᠬᠥᠪᠡᠭᠡ ᠲᠠᠢ ᠲᠠᠪᠠᠭ᠂ ᠲᠡᠷᠢᠭᠦᠯᠡᠭᠴᠢ 200 ᠴᠡᠴᠡᠭ ᠤᠨ ᠨᠣᠭᠤᠭᠠᠨ ᠠᠶᠠᠭ᠎ᠠ ᠪᠣᠶ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠪᠢᠯᠢᠭ ᠢᠶᠤᠨ ᠤ ᠨᠡᠶᠢᠯᠡᠮᠡᠯ ᠤᠬᠢᠶᠠᠯᠭ᠎ᠠ ᠶᠢᠨ ᠡᠳ᠋ ︵ᠠᠷᠪᠠᠨ ᠬᠤᠶᠠᠷ ᠠᠯᠺᠢᠯᠲᠤ ᠪᠧᠨ᠋ᠽᠧᠨ ᠬᠦᠬᠦᠷᠯᠢᠭ ᠬᠦᠴᠢᠯ ᠤᠨ ᠨᠠᠲᠷᠢ ᠪᠠᠷ ᠪᠤᠳᠤᠨ᠎ᠠ︶᠂ ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠥᠭᠡᠮᠨᠡᠷᠡᠯ ᠤᠨ ᠲᠥᠷᠥᠯ ᠵᠦᠢᠯ ᠨᠢ GB 14934 ︱ 2016 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠠᠷᠢᠭᠤᠳᠬᠠᠬᠤ ᠬᠤᠭᠤᠯᠠ ︵ᠤᠮᠳᠠᠭᠠᠨ︶ ᠬᠡᠷᠡᠭᠰᠡᠯ︾ ᠤᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠪᠢ ᠨᠦᠥᠸ᠋ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠃      ︵ᠬᠤᠶᠠᠷ︶ ᠬᠢᠷᠢ ᠲᠡᠩᠴᠡᠬᠦ ᠦᠭᠡᠢ ᠬᠤᠭᠤᠯᠠᠨ ᠤ ᠰᠠᠪᠠ ᠬᠡᠷᠡᠭᠰᠡᠯ ᠢ ᠰᠢᠢᠳᠪᠦᠷᠢᠯᠡᠭᠰᠡᠨ ᠪᠠᠶᠢᠳᠠᠯ      ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠭᠠᠵᠠᠷ ᠤᠨ ᠬᠤᠭᠤᠯᠠᠨ ᠤ ᠰᠠᠯᠠᠭ᠎ᠠ ᠶᠢᠨ ᠬᠤᠶᠠᠳᠤᠭᠠᠷ ᠬᠤᠭᠤᠯᠠᠨ ᠲᠢᠩᠬᠢᠮ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠤ ᠥᠯᠥ ᠨᠡᠶᠢᠴᠡᠬᠦ ᠬᠤᠭᠤᠯᠠᠨ ᠫᠢᠯᠠ ᠶᠢ ᠦᠢᠯᠡᠳᠪᠦᠷᠢᠯᠡᠨ ᠡᠵᠡᠩᠨᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠭᠤᠷᠪᠠᠳᠤᠭᠠᠷ ᠵᠦᠢᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠳᠬᠡᠯ ᠥᠭᠪᠡ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ      ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠭᠠᠵᠠᠷ ᠤᠨ ᠬᠤᠭᠤᠯᠠᠨ ᠤ ᠰᠠᠯᠠᠭᠠᠨ ᠤ ᠬᠤᠶᠠᠳᠤᠭᠠᠷ ᠬᠤᠭᠤᠯᠠᠨ ᠭᠡᠷ ᠠᠴᠠ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠲᠤᠰᠢᠶᠠᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠪᠠᠶᠢᠴᠠᠭᠠᠵᠤ ᠰᠢᠯᠭᠠᠨ ᠠᠪᠤᠭᠰᠠᠨ ᠪᠠᠶᠢᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                        ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ                     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                        2023 ᠣᠨ ᠤ 12 ᠰᠠᠷ᠎ᠠ ᠶᠢᠨ 1 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号