ᠲᠥᠯᠥᠭᠡᠯᠡᠭᠴᠢᠳ ᠠ᠋᠄ | ᠤᠳᠤ ᠪᠢ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠭᠤᠷᠪᠠᠨ ᠵᠢᠯ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠡᠰᠡᠭ ᠬᠤᠭᠤᠴᠠᠭ᠎ᠠ | ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠶᠢ ᠰᠡᠷᠭᠦᠭᠡᠨ ᠬᠥᠭᠵᠢᠭᠦᠯᠬᠦ ᠨᠢᠭᠡ ᠵᠢᠯ ᠮᠥᠨ᠃ ᠪᠢᠳᠡ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠲᠣᠭᠤᠷᠢᠭ ᠤᠨ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠣᠷᠣᠨ ᠤ ᠲᠥᠪ ᠢ ᠬᠦᠴᠦᠷᠬᠡᠭᠵᠢᠭᠦᠯᠬᠦ︾ | ᠢᠨᠵᠧᠨᠧᠷᠢᠩ ᠤᠨ ᠲᠣᠭᠤᠷᠢᠨ ᠳᠤ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠮᠠᠰᠢ | ᠤᠯᠠᠨ ᠲᠡᠦᠬᠡᠨ ᠠᠴᠠ ᠦᠯᠡᠳᠡᠭᠳᠡᠭᠰᠡᠨ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ | ᠮᠠᠰᠢ ᠤᠯᠠᠨ ᠦᠨᠳᠦᠰᠦ ᠪᠠᠨ ᠪᠠᠲᠤᠳᠬᠠᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠠᠵᠢᠯ ᠢ ᠠᠬᠢᠭᠤᠯᠵᠤ᠂ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ ᠵᠢᠱᠢᠯᠲᠡ ᠪᠠᠷ | ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 357 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 19 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠨᠡᠮᠡᠭᠳᠡᠯ ᠤᠨ ᠬᠤᠷᠳᠤᠴᠠ 12% ᠳᠤ ᠬᠥᠷᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 59 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35% ᠪᠠᠷ ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 347 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢ 10.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠶᠢᠯᠢ ᠶᠢᠨ ᠣᠷᠣᠯᠭ᠎ᠠ ᠶᠢ ᠠᠳᠠᠯᠢ | ᠬᠤᠭᠤᠴᠠᠭᠠᠨ ᠤ ᠬᠢ ᠠᠴᠠ 8% ᠪᠠᠷ ᠨᠡᠮᠡᠭᠳᠡᠭᠦᠯᠪᠡ︔ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 56217 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ | ᠨᠡᠮᠡᠭᠳᠡᠪᠡ᠃ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠡᠷᠢᠭᠦᠨ ᠳᠤ ᠲᠠᠯᠪᠢᠬᠤ ᠪᠠᠷ ᠴᠢᠷᠮᠠᠶᠢᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠲᠤᠭ᠎ᠠ ᠶᠢᠨ ᠬᠤᠶᠠᠷ ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ 10 ᠵᠢᠯ | ᠰᠢᠬᠠᠮ ᠤᠨ ᠰᠢᠨ᠎ᠡ ᠲᠡᠮᠳᠡᠭᠯᠡᠯ ᠢ ᠡᠭᠦᠳᠴᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ | ᠨᠡᠮᠡᠭᠳᠡᠯ ᠤᠨ ᠬᠤᠷᠳᠤᠴᠠ ᠪᠠ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠳᠡᠭᠡᠭᠰᠢᠯᠡᠨ ᠳᠡᠪᠰᠢᠬᠦ ᠶᠢ | ᠪᠡᠶᠡᠯᠡᠭᠦᠯᠪᠡ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠬᠦᠴᠦᠨ ᠢᠶᠠᠨ ᠲᠥᠪᠯᠡᠷᠡᠭᠦᠯᠦᠨ ᠰᠢᠨ᠎ᠡ ᠶᠢ ᠡᠭᠦᠳᠬᠦ᠂ ᠠᠵᠤ ᠦᠢᠯᠡᠰ ᠢ ᠪᠣᠶᠢᠵᠢᠭᠤᠯᠬᠤ ᠶᠢ | ᠠᠳᠬᠤᠵᠤ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ ᠨᠡᠩ ᠯᠠᠪᠳᠠᠭᠤᠨ ᠪᠠᠲᠤᠲᠠᠢ ᠪᠣᠯᠭᠠᠪᠠ | ᠡᠨᠡ ᠨᠢᠭᠡ ᠵᠢᠯ ᠳᠤ᠂ ᠪᠢᠳᠡ ᠠᠵᠤ ᠦᠢᠯᠡᠰᠵᠢᠯᠲᠡ ᠶᠢᠨ ᠰᠡᠳᠬᠢᠬᠦᠢ ᠪᠠ ᠵᠠᠬ᠎ᠠ ᠳᠡᠯᠭᠡᠭᠦᠷᠴᠢᠯᠡᠯᠲᠡ ᠶᠢᠨ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠦᠲᠦᠴᠡ ᠶᠢ ᠲᠣᠬᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ | ᠭᠤᠣᠯ ᠰᠢᠪᠲᠤᠯᠤᠯᠲᠠ ᠶᠢᠨ ᠴᠢᠭᠯᠡᠯ ᠪᠣᠯᠪᠠ᠃ | ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠤᠷᠠᠨ | ᠴᠤᠭᠯᠠᠷᠠᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ | ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠤᠷᠤᠰᠬᠠᠯ ᠤᠨ ᠬᠡᠮᠵᠢᠶ᠎ᠡ ᠶᠢ ᠲᠠᠲᠠᠵᠤ ᠠᠷᠭ᠎ᠠ ᠤᠬᠠᠭᠠᠨ | ᠵᠦᠩᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠤᠨ ᠰᠢᠨ᠎ᠡ ᠭᠠᠵᠠᠷ ᠤᠨ ᠲᠡᠮᠳᠡᠭ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠵᠤ᠂ ᠡᠬᠢ ᠪᠠᠶᠠᠯᠢᠭ ᠢ ᠰᠣᠯᠢᠬᠤ ᠪᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠣᠷᠣᠭᠤᠯᠤᠨ | ᠠᠪᠴᠢᠷᠠᠵᠤ᠂ ᠵᠥᠪᠬᠡᠨ 68 ᠡᠳᠦᠷ ᠤᠨ ᠴᠠᠭ ᠢ ᠬᠡᠷᠡᠭᠯᠡᠵᠦ ᠪᠠᠶᠢᠭᠠᠳ ᠡᠷᠭᠢᠯᠲᠡ ᠶᠢᠨ ᠥᠨᠴᠥᠭ ᠤᠨ ᠵᠡᠭᠡᠯᠢ | ᠭᠤᠳᠤᠮᠵᠢ ᠶᠢᠨ ᠵᠤᠭᠠᠴᠠᠯ ᠤᠨ ᠶᠠᠪᠠᠭᠠᠨ ᠵᠡᠭᠡᠯᠢ ᠶᠢ ᠴᠣᠭᠴᠠᠯᠠᠨ᠎ᠠ᠃ ᠰᠢᠨᠬᠤᠸᠠ MALL ᠬᠤᠪᠴᠠᠰᠤ ᠵᠠᠰᠠᠯ ᠤᠨ | ᠠᠵᠢᠯ ᠡᠬᠢᠯᠡᠵᠦ᠂ ᠴᠢᠩᠳᠣᠣ ᠫᠢᠸᠤ᠋ ᠶᠢᠨ ᠪᠠᠭᠠᠷ᠂ ᠵᠦᠥᠸ᠋ ᠶᠠ ᠵᠡᠷᠭᠡ 108 ᠨᠡᠷᠡᠲᠦ ᠲᠡᠮᠳᠡᠭ ᠶᠡᠭᠡ ᠪᠠᠷ ᠣᠷᠣᠵᠤ | ᠢᠷᠡᠭᠡᠳ᠂ ᠲᠤᠬᠠᠢ ᠶᠢᠨ ᠵᠢᠯ ᠳᠤ ᠬᠤᠳᠠᠯᠳᠤᠭᠠᠴᠢᠨ ᠤᠷᠢᠬᠤ᠂ ᠲᠤᠬᠠᠢ ᠶᠢᠨ ᠵᠢᠯ ᠳᠤ ᠪᠦᠲᠦᠭᠡᠨ ᠪᠠᠶᠢᠭᠤᠯᠬᠤ᠂ | ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠡᠢ᠃ ᠲᠢᠶᠠᠨ ᠶᠤᠸᠠᠨ ᠤ ᠪᠥᠬᠦ | ᠪᠥᠮᠪᠥᠷᠴᠡᠭ ᠤᠨ ᠲᠠᠸᠠᠷ ᠤᠨ ᠳᠡᠯᠭᠡᠨ ᠦᠵᠡᠭᠦᠯᠬᠦ ᠠᠷᠠᠯᠵᠢᠶᠠᠨ ᠤ ᠲᠥᠪ ᠵᠢᠩᠬᠢᠨᠢ ᠪᠠᠷ ᠡᠵᠡᠩᠨᠡᠯᠲᠡ ᠳᠤ ᠣᠷᠣᠵᠤ᠂ | ᠭᠠᠳᠠᠭᠠᠳᠤ ᠠᠴᠠ ᠣᠷᠣᠭᠤᠯᠤᠭᠰᠠᠨ 2 ᠲᠦᠮᠡ ᠰᠢᠬᠠᠮ ᠵᠦᠢᠯ ᠤᠨ ᠨᠠᠷᠠᠲᠤ ᠲᠡᠮᠳᠡᠭᠲᠦ ᠲᠠᠸᠠᠷ ᠢ ᠣᠷᠣᠭᠤᠯᠪᠠ᠃ | ᠬᠤᠳᠠᠯᠳᠤᠭᠠᠨ ᠤ ᠲᠣᠭᠤᠷᠢᠭ ᠤᠨ ᠡᠳᠦᠷ ᠳᠤᠮᠳᠠᠴᠢ ᠶᠢᠨ ᠬᠥᠮᠥᠨ ᠤ ᠲᠤᠭ᠎ᠠ ᠬᠡᠮᠵᠢᠶ᠎ᠡ 10 ᠲᠦᠮᠡᠨ ᠬᠥᠮᠥᠨ | ᠤᠳᠠᠭ᠎ᠠ ᠶᠢ ᠳᠠᠪᠠᠵᠤ᠂ ᠪᠥᠬᠦ ᠵᠢᠯ ᠤᠨ ᠡᠵᠡᠩᠨᠡᠯᠲᠡ ᠶᠢᠨ ᠬᠡᠮᠵᠢᠶ᠎ᠡ 140 ᠳ᠋ᠦᠩᠰᠢᠭᠤᠷ ᠲᠥᠭᠦᠷᠢᠭ ᠢ ᠳᠠᠪᠠᠵᠤ᠂ | ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠪᠡ᠃ ᠬᠠᠶᠢᠯᠠᠷ ᠤᠨ ᠪᠠᠷᠠᠭᠤᠨ ᠵᠡᠭᠡᠯᠢ ᠶᠢᠨ ᠮᠠᠰᠢᠨ | ᠲᠡᠷᠭᠡᠨ ᠤ ᠬᠤᠳᠠᠯᠳᠤᠭᠠᠨ ᠤ ᠲᠣᠭᠤᠷᠢᠭ ᠤᠨ ᠰᠢᠩᠭᠡᠯᠢᠭ ᠢᠶᠠᠨ ᠰᠤᠯᠠᠯᠠᠨ ᠰᠢᠪᠠᠭᠤ ᠰᠣᠯᠢᠵᠤ᠂ 8 ᠲᠦᠮᠡᠨ ᠲᠡᠭᠰᠢ | ᠳᠥᠷᠪᠡᠯᠵᠢᠨ ᠮᠧᠲᠷ ᠤᠨ ᠯᠤ᠋ ᠮᠧᠩ ᠭᠦᠸᠧ ᠲᠠᠢ ᠠᠰᠠᠷ ᠢ ᠠᠮᠢᠯᠠᠭᠤᠯᠤᠨ ᠮᠠᠰᠢᠨ ᠲᠡᠷᠭᠡᠨ ᠤ ᠶᠡᠷᠦᠩᠬᠡᠶᠢᠯᠡᠭᠰᠡᠨ | ᠴᠣᠭᠴᠠ ᠶᠢᠨ ᠲᠥᠷᠥᠯ ᠵᠦᠢᠯ ᠢ ᠪᠣᠶ ᠪᠣᠯᠭᠠᠵᠤ᠂ ᠵᠢᠢ ᠬᠤ᠂ ᠠᠢ ᠠᠨ ᠵᠡᠷᠭᠡ 11 ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠨᠠᠷᠠᠲᠤ ᠲᠡᠮᠳᠡᠭᠲᠦ ᠶᠢ ᠣᠷᠣᠭᠤᠯᠤᠨ ᠠᠪᠴᠢᠷᠠᠵᠤ᠂ 5 ᠤᠳᠠᠭ᠎ᠠ ᠲᠣᠮᠣ ᠬᠡᠯᠪᠡᠷᠢ ᠶᠢᠨ ᠮᠠᠰᠢᠨ ᠲᠡᠷᠭᠡᠨ ᠤ | ᠦᠵᠡᠭᠦᠯᠦᠯᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠵᠢᠯ ᠤᠨ ᠮᠠᠰᠢᠨ ᠲᠡᠷᠭᠡᠨ ᠤ ᠠᠵᠤ ᠦᠢᠯᠡᠰ ᠤᠨ | ᠪᠣᠷᠣᠯᠠᠭᠤᠯᠤᠯᠲᠠ ᠶᠢᠨ ᠬᠡᠮᠵᠢᠶ᠎ᠡ 140 ᠳ᠋ᠦᠩᠰᠢᠭᠤᠷ ᠲᠥᠭᠦᠷᠢᠭ ᠲᠤ ᠬᠥᠷᠪᠡ᠃ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠪᠣᠷᠣᠯᠠᠭᠤᠯᠤᠯᠲᠠ ᠶᠢᠨ ᠬᠡᠮᠵᠢᠶ᠎ᠡ 20 ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠬᠤᠲᠠ ᠶᠢᠨ | ᠪᠣᠷᠣᠯᠠᠭᠤᠯᠤᠯᠲᠠ ᠶᠢᠨ ᠬᠡᠮᠵᠢᠶ᠎ᠡ ᠶᠢᠨ 60% ᠶᠢ ᠡᠵᠡᠯᠡᠪᠡ᠃ ᠲᠧᠰᠯᠠ᠂ ᠰᠢᠶᠣᠣ ᠮᠢ ᠵᠡᠷᠭᠡ ᠥᠪᠡᠷᠲᠡᠭᠡᠨ ᠵᠠᠰᠠᠬᠤ | ᠣᠷᠣᠨ ᠤ 2023 ᠣᠨ ᠤ ᠠᠩᠬᠠᠨ ᠤ ᠪᠦᠯᠦᠭ ᠤᠨ ᠠᠩᠬᠠᠨ ᠤ ᠳᠡᠯᠭᠡᠭᠦᠷ ᠲᠤ ᠠᠮᠵᠢᠯᠲᠠ ᠲᠠᠢ ᠪᠠᠷ | ᠰᠣᠩᠭᠤᠭᠳᠠᠪᠠ᠃ | ᠲᠠᠷᠢᠶᠠᠯᠠᠩ ᠰᠣᠶᠣᠯ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ | ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠪᠥᠬᠦ ᠣᠷᠣᠨ ᠪᠦᠰᠡ ᠶᠢᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠶᠢ ᠪᠡᠶᠡᠯᠡᠭᠦᠯᠵᠦ᠂ ᠵᠡᠭᠦᠨ ᠤᠰᠤᠲᠤ ᠲᠣᠰᠬᠤᠨ ᠢ ᠥᠭᠡᠷᠡᠴᠢᠯᠡᠨ ᠲᠠᠰ ᠳᠡᠪᠰᠢᠭᠦᠯᠵᠦ᠂ ᠵᠣᠯ ᠵᠢᠷᠭᠠᠯ ᠤᠨ | ᠪᠤᠯᠠᠭ᠂ ᠡᠷᠲᠡᠨ ᠤ ᠮᠣᠳᠣᠨ ᠤ ᠠᠭᠤᠳᠠᠮ ᠲᠠᠯᠠᠪᠠᠶ ᠵᠡᠷᠭᠡ 4 ᠰᠦᠯᠵᠢᠶᠡᠨ ᠤ ᠤᠯᠠᠭᠠᠨ ᠦᠵᠡᠮᠵᠢ ᠶᠢᠨ ᠴᠡᠭ ᠢ | ᠪᠠᠶᠢᠭᠤᠯᠪᠠ᠃ 140 ᠮᠦ ᠡᠷᠲᠡᠨ ᠤ ᠬᠦᠢᠯᠡᠰᠦᠨ ᠬᠦᠷᠢᠶᠡᠯᠡᠩ ᠢ ᠠᠮᠢᠯᠠᠭᠤᠯᠵᠤ᠂ ᠤᠯᠤᠰ ᠤᠨ 3A ᠳᠡᠰ ᠤᠨ | ᠵᠤᠭᠠᠴᠠᠯ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠪᠠᠶᠢᠭᠤᠯᠵᠤ᠂ 6 ᠰᠣᠳᠣᠨ ᠵᠤᠭᠠᠴᠠᠯ ᠤᠨ ᠱᠤᠭᠤᠮ ᠢ | ᠭᠠᠷᠭᠠᠵᠤ᠂ ᠬᠦᠢᠯᠡᠰᠦᠨ ᠴᠡᠴᠡᠭ ᠤᠨ ᠨᠠᠶᠢᠷ᠂ ᠲᠡᠭᠦᠬᠦ ᠨᠠᠶᠢᠷ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠢᠭᠡ | ᠲᠣᠰᠬᠤᠨ ᠳᠤ ᠨᠢᠭᠡ ᠪᠦᠲᠦᠭᠡᠭᠳᠡᠬᠦᠨ᠂ ᠰᠤᠪᠤᠳ ᠰᠤᠪᠤᠳ ᠢ ᠬᠡᠯᠬᠢᠶ᠎ᠡ ᠪᠠᠷ ᠬᠤᠯᠪᠣᠵᠤ᠂ ᠪᠦᠬᠦ ᠲᠠᠯ᠎ᠠ ᠶᠢᠨ ᠬᠥᠳᠡᠭᠡ | ᠠᠵᠤ ᠠᠬᠤᠢ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠠᠩᠬ᠎ᠠ ᠠᠯᠬᠤᠮ | ᠪᠦᠷᠢᠯᠳᠦᠭᠦᠯᠪᠡ᠃ ᠤᠰᠤᠲᠤ ᠶᠢᠨ ᠬᠦᠢᠯᠡᠰᠦᠨ ᠮᠣᠳᠣᠨ ᠤ ᠰᠦᠷᠦᠭ ︽ᠪᠦᠬᠦ ᠤᠯᠤᠰ ᠤᠨ ᠬᠠᠮᠤᠭ ᠤᠨ ᠭᠤᠶᠣ | ᠡᠷᠲᠡᠨ ᠤ 100 ᠮᠣᠳᠣᠨ ᠤ ᠰᠦᠷᠦᠭ︾ ᠲᠤ ᠰᠣᠩᠭᠤᠭᠳᠠᠨ ᠣᠷᠣᠵᠤ᠂ ᠮᠤᠨᠢ ᠠᠭᠤᠯᠠ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠵᠢᠵᠢᠭ ᠪᠠᠯᠭᠠᠰᠤ ᠨᠢ ︽ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠪᠠ ︽ᠲᠦᠷᠦᠭᠦᠸ | ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ | ᠲᠣᠰᠬᠤᠨ ᠪᠠᠯᠭᠠᠰᠤ︾ ᠳᠤ ᠰᠣᠩᠭᠤᠭᠳᠠᠨ ᠣᠷᠣᠵᠤ᠂ ᠶᠦᠮ ᠤᠨ ᠪᠠᠶᠢᠰᠢᠩ ᠤᠨ ᠪᠠᠯᠭᠠᠰᠤ᠂ ᠵᠡᠭᠦᠨ ᠤᠰᠤᠲᠤ | ᠲᠣᠰᠬᠤᠨ᠂ ᠢ ᠹᠠᠩ ᠲᠣᠰᠬᠤᠨ ᠲᠣᠰ ᠲᠣᠰ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ︾ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠲᠣᠰᠬᠤᠨ︾ ︽ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ ᠦᠨᠡᠯᠡᠭᠳᠡᠪᠡ᠃ ᠪᠥᠬᠦ ᠵᠢᠯ ᠳᠤ ᠵᠢᠭᠤᠯᠴᠢᠯᠠᠯ ᠤᠨ | ᠵᠣᠴᠢᠯᠠᠭ᠎ᠠ 1000 ᠲᠦᠮᠡᠨ ᠬᠥᠮᠥᠨ ᠤᠳᠠᠭ᠎ᠠ ᠶᠢ ᠳᠠᠪᠠᠵᠤ᠂ 78 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ | ᠪᠡᠶᠡᠯᠡᠭᠦᠯᠪᠡ᠃ | ᠠᠵᠤ ᠦᠢᠯᠡᠰ ᠤᠨ ᠬᠦᠷᠢᠶᠡᠯᠡᠩ ᠤᠨ ᠪᠠᠶᠢᠷᠢᠰᠢᠭᠤᠯᠤᠯᠲᠠ ᠰᠢᠨ᠎ᠡ ᠪᠠᠶᠢᠳᠠᠯ ᠢ ᠨᠡᠭᠡᠭᠡᠪᠡ᠃ ︽ᠨᠢᠭᠡ ᠲᠡᠩᠭᠡᠯᠢᠭ | ᠬᠤᠶᠠᠷ ᠬᠦᠷᠢᠶᠡᠯᠡᠩ︾ ᠤᠨ ᠲᠣᠭᠤᠷᠢᠨ ᠳᠤ᠂ ᠰᠢᠨᠬᠤᠸᠠ ᠪᠠᠷᠠᠭᠤᠨ ᠵᠡᠭᠡᠯᠢ ᠳᠠᠭᠠᠤ ᠶᠢᠨ 13 ᠲᠦᠮᠡᠨ ᠲᠡᠭᠰᠢ | ᠳᠥᠷᠪᠡᠯᠵᠢᠨ ᠮᠧᠲᠷ ᠤᠨ ᠰᠤᠯᠠ ᠪᠠᠶᠢᠭ᠎ᠠ ᠠᠰᠠᠷ ᠪᠠᠶᠢᠰᠢᠩ ᠢ ᠠᠮᠢᠯᠠᠭᠤᠯᠵᠤ᠂ ᠡᠷᠡᠭᠦᠯ ᠮᠡᠨᠳᠦ ᠶᠢᠨ ᠲᠣᠮᠣ ᠠᠵᠤ | ᠦᠢᠯᠡᠰ ᠤᠨ ᠬᠦᠷᠢᠶᠡᠯᠡᠩ ᠪᠠ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ | ᠠᠮᠵᠢᠯᠲᠠ ᠲᠠᠢ ᠪᠠᠷ ᠪᠠᠶᠢᠭᠤᠯᠪᠠ᠃ ᠸᠧᠢ ᠭᠤᠸ ᠪᠦᠯᠦᠭᠯᠡᠯ᠂ ᠬᠤᠸᠠ ᠷᠦᠨ ᠡᠮ ᠤᠨ ᠦᠢᠯᠡᠰ ᠵᠡᠷᠭᠡ 21 ᠠᠮᠢᠳᠤ | ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠦᠷᠦᠭᠦᠸ ᠵᠢᠯ ᠤᠨ | ᠪᠣᠷᠣᠯᠠᠭᠤᠯᠤᠯᠲᠠ ᠶᠢᠨ ᠬᠡᠮᠵᠢᠶ᠎ᠡ ᠨᠢ 15 ᠳ᠋ᠦᠩᠰᠢᠭᠤᠷ ᠲᠥᠭᠦᠷᠢᠭ ᠲᠤ ᠬᠥᠷᠪᠡ᠃ ᠪᠡᠭᠡᠵᠢᠩ ᠤᠨ ᠰᠢᠨ ᠯᠧ ᠺᠧ | ᠲᠣᠭᠠᠨ ᠤ ᠰᠢᠨᠵᠢᠯᠡᠬᠦ ᠤᠬᠠᠭᠠᠨ ᠤ ᠺᠣᠮᠫᠠᠨᠢ᠂ ᠯᠢᠦᠢ ᠵᠢᠶᠧ ᠰᠢᠨ᠎ᠡ ᠡᠨᠧᠷᠭᠢ ᠶᠢᠨ ᠰᠤᠷᠪᠤᠯᠵᠢ ᠵᠡᠷᠭᠡ 31 ᠳᠡᠭᠡᠳᠦ | ᠲᠠᠰ ᠤᠨ ᠲᠣᠭᠠᠴᠢᠯᠠᠭᠰᠠᠨ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ 15 ᠳ᠋ᠦᠩᠰᠢᠭᠤᠷ ᠲᠥᠭᠦᠷᠢᠭ ᠢ ᠳᠠᠪᠠᠵᠤ᠂ 2530 ᠬᠥᠮᠥᠨ ᠳᠤ ᠠᠵᠢᠯ ᠣᠯᠭᠤᠵᠤ᠂ ᠶᠡᠷᠦᠩᠬᠡᠢ | ᠬᠡᠯᠲᠡᠰ ᠤᠨ ᠠᠵᠤ ᠠᠬᠤᠢ ᠶᠠᠭ ᠥᠷᠨᠢᠨ ᠬᠥᠭᠵᠢᠵᠦ ᠪᠠᠶᠢᠨ᠎ᠠ᠃ | ︵ᠬᠤᠶᠠᠷ︶ ᠣᠷᠴᠢᠨ ᠠᠬᠤᠢ ᠶᠢ ᠶᠡᠬᠡᠪᠡᠷ ᠰᠢᠯᠢᠳᠡᠭᠵᠢᠭᠦᠯᠵᠦ᠂ ᠬᠥᠭᠵᠢᠯᠲᠡ ᠶᠢ ᠠᠬᠢᠭᠤᠯᠤᠨ᠂ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠪᠠᠳᠠᠷᠠᠭᠤᠯᠪᠠ | ᠡᠨᠡ ᠨᠢᠭᠡ ᠵᠢᠯ ᠳᠤ᠂ ᠪᠢᠳᠡ ᠲᠦᠷᠦᠯ ᠵᠦᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠪᠦᠬᠦ ᠬᠦᠴᠦᠨ ᠢᠶᠠᠷ ᠬᠥᠭᠵᠢᠭᠡᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢ ᠨᠡᠩ ᠰᠠᠷᠠᠭᠤᠯ ᠳᠠᠷᠳᠠᠩ ᠪᠣᠯᠭᠠᠪᠠ᠃ | | ᠴᠢᠬᠤᠯᠠ ᠶᠡᠭᠡ ᠵᠦᠢᠯᠡᠰ ᠢᠶᠠᠷ ᠪᠦᠲᠦᠮᠵᠢᠲᠡᠶ ᠪᠡᠯᠡ ᠣᠷᠣᠭᠤᠯᠤᠯᠲᠠ ᠶᠢ ᠲᠠᠶᠢᠴᠢᠯᠠᠨ᠎ᠠ᠃ ︽ᠬᠡᠷᠡᠭᠴᠡᠭᠡ ᠪᠠᠷ | ᠨᠢ ᠲᠣᠭᠲᠠᠭᠠᠬᠤ︾᠂ ︽ᠴᠠᠭ ᠲᠤᠬᠠᠢ ᠳᠤᠨᠢ ᠰᠦᠯᠵᠢᠶᠡᠨ ᠳᠤ ᠭᠠᠷᠭᠠᠬᠤ︾ ᠪᠦᠬᠦ ᠶᠠᠪᠤᠴᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠬᠡᠷᠡᠭᠵᠢᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ 64 ᠭᠤᠣᠯᠳᠠᠯᠭ᠎ᠠ ᠲᠠᠢ ᠵᠦᠢᠯᠡᠰ ᠢ | ᠲᠣᠭᠲᠠᠭᠤᠨ ᠢᠶᠠᠷ ᠬᠡᠷᠡᠭᠵᠢᠭᠦᠯᠵᠦ᠂ ᠵᠢᠯ ᠳᠤ 45 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ ︽ᠬᠤᠳᠠᠯᠳᠤᠭᠠᠴᠢᠨ ᠤᠷᠢᠵᠤ ᠪᠡᠯᠡ ᠲᠠᠲᠠᠬᠤ ᠪᠡᠷᠬᠡ ᠰᠡᠳᠦᠪ ᠢ ᠰᠢᠢᠳᠪᠦᠷᠢᠯᠡᠬᠦ ᠣᠨ︾ ᠳᠤ | ᠰᠠᠭᠤᠷᠢᠯᠠᠨ᠂ ᠠᠷᠠᠯᠵᠢᠶᠠᠴᠢᠨ ᠢᠶᠠᠷ ᠬᠤᠳᠠᠯᠳᠤᠭᠠᠴᠢᠨ ᠤᠷᠢᠬᠤ᠂ ᠬᠡᠯᠬᠢᠶᠡᠯᠡᠨ ᠬᠤᠳᠠᠯᠳᠤᠭᠠᠴᠢᠨ ᠤᠷᠢᠬᠤ ᠶᠢ | ᠤᠷᠲᠤᠳᠬᠠᠵᠤ᠂ ᠪᠥᠬᠦ ᠵᠢᠯ ᠳᠤ 180 ᠠᠵᠤ ᠠᠬᠤᠶᠢᠯᠠᠯ ᠢ ᠵᠣᠯᠭᠠᠭᠤᠯᠵᠤ᠂ ᠯᠢᠦᠢ ᠯᠢᠦ ᠢᠷᠡᠭᠡᠳᠦᠢ ᠵᠡᠷᠭᠡ 91 | ᠠᠵᠤ ᠠᠬᠤᠶᠢᠯᠠᠯ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠯᠡᠯᠴᠡᠭᠡᠷ ᠲᠣᠭᠲᠠᠵᠤ᠂ ᠬᠡᠯᠡᠯᠴᠡᠭᠡᠷ ᠤᠨ ᠪᠡᠯᠡ | ᠣᠷᠣᠭᠤᠯᠤᠯᠲᠠ ᠶᠢᠨ ᠲᠤᠭ᠎ᠠ 180 ᠳ᠋ᠦᠩᠰᠢᠭᠤᠷ ᠲᠥᠭᠦᠷᠢᠭ ᠢ ᠳᠠᠪᠠᠵᠤ᠂ ᠳ᠋ᠠᠯᠢᠶᠠᠨ ᠤ ᠨᠣᠭᠤᠭᠠᠨ ᠡᠨᠧᠷᠭᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠬᠤ ᠵᠡᠷᠭᠡ 80 ᠲᠥᠷᠥᠯ ᠵᠦᠢᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠨᠡᠶᠢᠲᠡ 35 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠪᠣᠳᠠᠲᠠᠶᠢᠵᠢᠭᠤᠯᠪᠠ᠃ | ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ ᠠᠰᠢᠭ ᠬᠦᠷᠲᠡᠭᠡᠵᠦ ᠬᠥᠭᠵᠢᠯᠲᠡ ᠶᠢᠨ ᠠᠮᠢᠳᠤᠯᠢᠭ | ᠬᠦᠴᠦᠨ ᠢ ᠪᠠᠳᠠᠷᠠᠭᠤᠯᠤᠨ᠎ᠠ᠃ ᠠᠵᠤ ᠠᠬᠤᠶᠢᠯᠠᠯ ᠳᠤ 2876 ᠲᠦᠮᠡᠨ ᠲᠥᠭᠦᠷᠢᠭ ᠤᠨ ᠭᠠᠶᠢᠯᠢ ᠶᠢ ᠦᠯᠡᠳᠡᠭᠡᠨ | ᠲᠤᠯᠭᠠᠨ ᠪᠤᠴᠠᠭᠠᠬᠤ ᠭᠠᠷ ᠭᠦᠢᠴᠡᠳᠬᠡᠯ ᠬᠢᠵᠦ᠂ 5.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠣᠯᠬᠤ ᠪᠠᠷ | ᠴᠢᠷᠮᠠᠶᠢᠪᠠ᠃ ᠪᠥᠬᠦ ᠵᠢᠯ ᠳᠤ ᠰᠢᠨ᠎ᠡ ᠪᠠᠷ ᠨᠡᠮᠡᠭᠳᠡᠭᠰᠡᠨ ᠨᠢᠭᠡᠳᠦᠯᠲᠡᠢ ᠦᠢᠯᠡᠴᠢᠯᠡᠭᠡᠨ ᠤ ᠦᠢᠯᠡᠰ ᠤᠨ ᠨᠢᠭᠡᠴᠢ 103 | ᠪᠣᠯᠵᠤ᠂ ᠪᠥᠬᠦ ᠬᠤᠲᠠ ᠶᠢᠨ ᠲᠡᠷᠢᠭᠦᠨ ᠳᠤ ᠣᠷᠣᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 1096 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠴᠥᠮ ᠪᠠᠷᠢᠮᠵᠢᠶᠠᠵᠢᠭᠤᠯᠤᠨ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ 872 | ᠵᠦᠢᠯ ᠤᠨ ᠡᠯᠧᠺᠲᠷᠣᠨ ᠦᠨᠡᠮᠯᠡᠯ ᠢ ᠬᠤᠯᠪᠣᠭᠳᠠᠭᠤᠯᠬᠤ ᠪᠠ ︽ᠦᠨᠡᠮᠯᠡᠯ ᠢ ᠬᠡᠯᠲᠦᠷᠢᠭᠦᠯᠬᠦ ᠠᠯᠪᠠᠨ ᠭᠡᠷ︾ ᠢ | ᠪᠡᠶᠡᠯᠡᠭᠦᠯᠪᠡ᠃ 1300 ᠠᠵᠤ ᠠᠬᠤᠶᠢᠯᠠᠯ ᠨᠢ ᠠᠵᠤ ᠠᠬᠤᠶᠢᠯᠠᠯ ᠢ ᠬᠠᠪᠰᠤᠷᠤᠨ ᠡᠷᠭᠢᠯᠡᠬᠦ ᠲᠤᠰᠬᠠᠢ ᠴᠣᠩᠬᠤ ᠪᠠᠷ | ᠳᠡᠮᠵᠢᠨ ᠨᠢᠭᠡ ᠯᠡ ᠥᠷᠲᠡᠭᠡᠨ ᠤ ᠮᠠᠶ᠋ᠢᠭ ᠢᠶᠠᠷ ᠨᠡᠭᠡᠭᠡᠨ ᠡᠷᠭᠢᠯᠡᠬᠦ ᠶᠢ ᠪᠡᠶᠡᠯᠡᠭᠦᠯᠵᠦ᠂ ︽ᠥᠪᠥᠷ ᠮᠣᠩᠭᠤᠯ ᠤᠨ ᠠᠵᠤ | ᠠᠬᠤᠶᠢᠯᠠᠯ ᠢ ᠨᠡᠪᠲᠡᠷᠡᠭᠦᠯᠬᠦ︾ ᠲᠠᠪᠴᠠᠩ ᠤᠨ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ | ᠪᠠ ᠲᠠᠪᠤᠨ ᠣᠳᠣᠨ ᠤ ᠰᠠᠶᠢᠨ ᠦᠨᠡᠯᠡᠯᠲᠡ ᠶᠢᠨ ᠨᠣᠷᠮ᠎ᠠ ᠨᠢ ᠴᠥᠮ 100% ᠳᠤ ᠬᠥᠷᠪᠡ᠃ ᠨᠡᠶᠢᠭᠡᠮ | ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠨᠡᠶᠢᠳᠡᠮ ᠪᠦᠷᠬᠦᠭᠦᠯᠵᠦ᠂ 66 | ᠵᠦᠢᠯ ᠤᠨ ᠵᠠᠰᠠᠭ ᠤᠨ ᠶᠠᠪᠤᠳᠠᠯ ᠤᠨ ᠵᠦᠢᠯᠡᠰ ᠢ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ | ᠦᠢᠯᠡᠴᠢᠯᠡᠭᠡ ᠳᠤ ᠣᠷᠣᠭᠤᠯᠵᠤ᠂ ᠠᠵᠤ ᠠᠬᠤᠶᠢᠯᠠᠯ ᠢ ᠬᠠᠮᠠᠭᠠᠯᠠᠨ ᠰᠢᠯᠢᠳᠡᠭ ᠬᠤᠳᠠᠯᠳᠤᠭᠠᠴᠢᠨ ᠤ ᠦᠢᠯᠡᠴᠢᠯᠡᠭᠡᠨ ᠤ | ᠲᠥᠪ ᠢ ᠵᠦᠩᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠲᠤ ᠡᠷᠦᠬᠡ ᠠᠮᠠ ᠣᠷᠣᠭᠤᠯᠵᠤ᠂ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠶᠢ | ︽ᠨᠢᠭᠡ ᠣᠳᠣᠨ ᠲᠠᠰ ᠤᠨ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠤ ᠳ᠋ᠤᠭᠠᠷ︾ ᠢᠶᠠᠷ ᠦᠨᠡᠯᠡᠪᠡ᠃ ᠪᠥᠬᠦ | ᠵᠢᠯ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠶᠢᠲᠡ 9474 ᠰᠢᠨ᠎ᠡ ᠪᠠᠷ ᠨᠡᠮᠡᠭᠳᠡᠭᠦᠯᠵᠦ᠂ ᠠᠳᠠᠯᠢ | ᠬᠤᠭᠤᠴᠠᠭᠠᠨ ᠤ ᠬᠢ ᠠᠴᠠ 38% ᠪᠠᠷ ᠨᠡᠮᠡᠭᠳᠡᠪᠡ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠨᠢ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢ ᠲᠤᠶᠢᠯ ᠤᠨ ᠰᠠᠨᠠᠭ᠎ᠠ ᠠᠮᠤᠷ᠂ ᠨᠠᠩ ᠢᠲᠡᠭᠡᠯ ᠲᠠᠢ ᠪᠣᠯᠭᠠᠵᠠᠢ᠃ | ᠴᠠᠭ ᠤᠨ ᠥᠩᠭᠡᠲᠦ ᠬᠡᠷᠡᠭᠯᠡᠭᠡ ᠬᠤᠲᠠ ᠶᠢᠨ ᠬᠤᠸᠠᠷ ᠫᠤᠤᠵᠢᠩ ᠢ ᠨᠣᠴᠣᠭᠠᠨ᠎ᠠ᠃ ᠠᠷᠠᠳ ᠲᠤ ᠠᠰᠢᠭ | ᠬᠦᠷᠲᠡᠭᠡᠵᠦ ᠪᠣᠷᠤᠯᠠᠭᠤᠯᠭ᠎ᠠ ᠶᠢ ᠠᠬᠢᠭᠤᠯᠬᠤ ᠲᠣᠮᠣ ᠬᠡᠯᠪᠡᠷᠢ ᠶᠢᠨ ᠠᠵᠢᠯᠯᠠᠭ᠎ᠠ ᠶᠢ 9 ᠤᠳᠠᠭ᠎ᠠ ᠥᠷᠨᠢᠭᠦᠯᠵᠦ᠂ 20 | ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ︽ᠬᠠᠪᠤᠷ ᠤᠨ ᠤᠯᠠᠷᠢᠯ ᠤᠨ ᠴᠠᠭᠠᠨ ᠰᠠᠷ᠎ᠠ ᠶᠢᠨ | ᠪᠠᠶᠠᠷ·5·1 ᠤ ᠪᠠᠷᠠᠭ᠎ᠠ ᠬᠤᠳᠠᠯᠳᠤᠨ ᠠᠪᠬᠤ ᠪᠠᠶᠠᠷ︾᠂ ᠠᠩᠬᠠᠳᠤᠭᠠᠷ ᠬᠤᠭᠤᠴᠠᠭᠠᠨ ᠤ ᠴᠢᠩᠳᠣᠣ ᠶᠢᠨ ᠫᠢᠸᠤ᠋ ᠶᠢᠨ | ᠳᠠᠭᠤᠤ ᠬᠥᠭᠵᠢᠮ ᠤᠨ ᠨᠠᠶᠢᠷ᠂ ︽ᠵᠠᠭᠤᠨ ᠵᠢᠯ ᠤᠨ ᠵᠦᠩ ᠱᠠᠨ ᠵᠠᠮ·ᠤᠯᠤᠰ ᠤᠨ ᠪᠠᠶᠠᠷ ᠢ ᠤᠭᠲᠤᠬᠤ︾᠂ ᠵᠢᠯ | ᠠᠯᠭᠠᠰᠠᠭᠰᠠᠨ ᠨᠠᠷᠭᠢᠯ ᠦᠳᠡᠰᠢ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠲᠥᠪ ᠤᠨ ᠲᠧᠯᠸᠢᠰ | ᠬᠤᠷᠢᠶ᠎ᠠ ᠠᠴᠠ ᠤᠷᠢᠳ ᠬᠤᠵᠢᠳ 4 ᠤᠳᠠᠭ᠎ᠠ ᠮᠡᠳᠡᠭᠡᠯᠡᠵᠦ᠂ ᠵᠢᠯ ᠠᠯᠭᠠᠰᠠᠭᠰᠠᠨ ᠰᠥᠨᠢ ᠶᠢᠨ ᠲᠤᠰ ᠡᠳᠦᠷ ᠲᠤ | ᠵᠦᠩ ᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠤᠨ ᠬᠥᠮᠥᠰ ᠤᠨ ᠤᠷᠤᠰᠬᠠᠯ ᠤᠨ ᠬᠡᠮᠵᠢᠶ᠎ᠡ ᠶᠢ 116 | ᠲᠦᠮᠡᠨ ᠬᠥᠮᠥᠨ ᠤᠳᠠᠭ᠎ᠠ ᠠᠴᠠ ᠳᠠᠪᠠᠭᠤᠯᠪᠠ᠃ ᠥᠷᠭᠡᠨ ᠭᠤᠳᠤᠮᠵᠢ ᠠᠮᠲᠠᠲᠤ ᠢᠳᠡᠭᠡᠨ ᠤ ᠵᠡᠭᠡᠯᠢ᠂ ᠬᠠᠭᠤᠴᠢᠨ | ᠬᠤᠳᠠ ᠶᠢᠨ ᠬᠤᠶᠢᠲᠤ ᠡᠭᠦᠳᠡᠨ ᠤ ᠰᠢᠷᠠᠮᠠᠯ ᠤᠨ ᠵᠡᠭᠡᠯᠢ ᠶᠢ ᠲᠡᠰ ᠳᠡᠪᠰᠢᠭᠦᠯᠦᠨ ᠪᠠᠶᠢᠭᠤᠯᠵᠤ᠂ ᠬᠤᠳᠠᠯᠳᠤᠭᠠᠨ ᠤ | ᠡᠷᠦᠭᠡ ᠶᠢᠨ ᠡᠵᠡᠩᠨᠡᠯᠲᠡ ᠶᠢᠨ ᠣᠷᠣᠯᠭ᠎ᠠ 2019 ᠣᠨ ᠤ ᠬᠢ ᠠᠴᠠ 60% ᠢ ᠳᠠᠪᠠᠵᠤ᠂ ᠪᠦᠬᠦ ᠤᠯᠤᠰ ᠤᠨ | ᠠᠩᠬᠠᠳᠠᠭᠴᠢ ︽ᠤᠯᠠᠨ ᠢᠶᠠᠷ ᠢᠶᠠᠨ ᠠᠮᠲᠠᠲᠤ ᠢᠳᠡᠭᠡᠨ ᠤ ᠵᠡᠭᠡᠯᠢ ᠶᠢ ᠦᠨᠡᠯᠡᠬᠦ︾ ᠪᠠᠷ ᠦᠨᠡᠯᠡᠭᠳᠡᠪᠡ᠃ ᠵᠦᠩᠱᠠᠨ | ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ | ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠣᠷᠣᠨ︾ ᠪᠣᠯᠭᠠᠨ ᠪᠠᠶᠢᠭᠤᠯᠵᠤ᠂ ᠯᠣᠸ ᠰᠦᠢ ᠶᠤᠸᠠᠨ | ︽ᠥᠪᠥᠷ ᠮᠣᠩᠭᠤᠯ ᠤᠨ ᠬᠠᠭᠤᠴᠢᠨ ᠨᠠᠷᠠᠲᠤ︾ ᠪᠠᠷ ᠦᠨᠡᠯᠡᠭᠳᠡᠵᠦ᠂ ᠮᠧᠩ ᠯᠢᠶᠠᠩ ᠢᠳᠡᠭᠡᠨ ᠤ ᠬᠢᠵᠠᠭᠠᠷᠲᠤ | ᠺᠣᠮᠫᠠᠨᠢ ᠶᠢᠨ ᠦᠢᠯᠡᠳᠬᠦᠨ ᠨᠢ ᠥᠪᠡᠷᠲᠡᠭᠡᠨ ᠵᠠᠰᠠᠬᠤ ᠣᠷᠣᠨ ᠤ ︽ᠮᠧᠩ︾ ᠥᠰᠥᠭ ᠤᠨ ᠲᠡᠮᠳᠡᠭ ᠤᠨ ᠭᠡᠷᠡᠴᠢᠯᠡᠯ ᠢ | ᠭᠥᠷᠳᠡᠪᠡ᠃ ᠰᠥᠨᠢ ᠶᠢᠨ ᠵᠠᠬ᠎ᠠ ᠳᠡᠯᠭᠡᠭᠦᠷ ᠢᠶᠠᠷ ᠲᠣᠭᠤᠷᠢᠬᠤ᠂ ᠠᠮᠲᠠᠲᠤ ᠢᠳᠡᠭᠡᠨ ᠢᠳᠡᠬᠦ᠂ ᠵᠡᠭᠡᠯᠢ ᠭᠤᠳᠤᠮᠵᠢ ᠶᠢᠨ | ᠦᠵᠡᠮᠵᠢ ᠰᠣᠨᠢᠷᠬᠠᠬᠤ᠂ ᠬᠤᠲᠣᠩ ᠠᠷᠠᠳ ᠤᠨ ᠲᠣᠭᠤᠷᠢᠭ ᠨᠢ ᠬᠤᠲᠠ ᠶᠢᠨ ᠠᠷᠠᠳ ᠤᠨ ᠰᠡᠯᠡᠭᠦᠴᠡᠯ ᠤᠨ | ᠬᠡᠷᠡᠭᠯᠡᠭᠡᠨ ᠤ ᠲᠡᠷᠢᠭᠦᠨ ᠰᠣᠩᠭᠤᠯᠲᠠ ᠪᠣᠯᠤᠭᠰᠠᠨ ᠪᠠᠶᠢᠨ᠎ᠠ᠃ | ︵ᠭᠤᠷᠪᠠ︶ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠴᠢᠳᠠᠮᠵᠢ ᠶᠢ ᠴᠢᠩᠭᠠᠳᠬᠠᠬᠤ ᠪᠠᠷ ᠬᠦᠴᠦᠯᠡᠨ | ᠴᠢᠷᠮᠠᠶᠢᠵᠤ᠂ ᠬᠤᠲᠠ ᠬᠥᠳᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠠᠩᠰᠠ ᠡᠪᠬᠡᠮᠡᠯ ᠢ ᠳᠡᠭᠡᠭᠰᠢᠯᠡᠭᠦᠯᠦᠨ᠎ᠡ | ᠡᠨᠡ ᠨᠢᠭᠡ ᠵᠢᠯ ᠳᠤ᠂ ᠪᠢᠳᠡ ᠬᠤᠳᠠ ᠬᠥᠳᠡᠭᠡ ᠶᠢᠨ ᠪᠠᠶᠢᠷᠢᠰᠢᠭᠤᠯᠤᠯᠲᠠ ᠶᠢᠨ ︽ᠬᠠᠲᠠᠭᠤ ᠣᠷᠴᠢᠨ | ᠲᠣᠭᠤᠷᠢᠨ︾ ᠢ ᠰᠢᠯᠢᠳᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ︽ᠵᠥᠭᠡᠯᠡᠨ ᠪᠣᠳᠠᠲᠤ | ᠬᠦᠴᠦᠨ︾ ᠢ ᠳᠡᠭᠡᠭᠰᠢᠯᠡᠭᠦᠯᠵᠦ᠂ ᠬᠤᠳᠠ ᠶᠢᠨ ᠲᠣᠭᠤᠷᠢᠭ ᠤᠨ ᠳᠠᠭᠠᠭᠠᠴᠠ᠂ ᠳᠠᠶᠢᠴᠢᠯᠠᠬᠤ ᠬᠦᠴᠦᠨ᠂ ᠨᠥᠯᠥᠭᠡᠯᠡᠬᠦ | ᠬᠦᠴᠦᠨ ᠦᠷᠭᠦᠯᠵᠢᠯᠡᠨ ᠴᠢᠩᠭᠠᠷᠠᠪᠠ᠃ | ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠡᠩ ᠨᠠᠷᠢᠯᠢᠭ ᠪᠣᠯᠭᠠᠨ᠎ᠠ᠃ ᠤᠷᠢᠳᠠᠪᠠᠷ ᠲᠥᠯᠥᠪᠵᠢᠭᠦᠯᠬᠦ ᠶᠢ | ᠪᠠᠷᠢᠮᠲᠠᠯᠠᠵᠤ᠂ ᠭᠤᠷᠪᠠᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ | ᠠᠩᠬ᠎ᠠ ᠠᠯᠬᠤᠮ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ᠃ ᠵᠠᠮ ᠤᠨ ᠲᠣᠣᠷ ᠤᠨ ᠰᠢᠰᠲ᠋ᠥᠮ ᠲᠠᠰᠤᠷᠠᠯᠲᠠ | ᠦᠭᠡᠢ ᠲᠡᠭᠦᠯᠳᠡᠷᠵᠢᠵᠦ᠂ ᠪᠠᠶᠠᠨᠨᠠᠭᠤᠷ ᠤᠨ ᠲᠦᠷᠭᠡᠨ ᠤ ᠵᠠᠮ ᠤᠨ ᠬᠤᠲᠣᠩ ᠠᠷᠠᠳ ᠤᠨ ᠲᠣᠭᠤᠷᠢᠭ ᠤᠨ ᠬᠡᠰᠡᠭ ᠤᠨ | ᠪᠦᠬᠦ ᠱᠤᠭᠤᠮ ᠢ ᠨᠠᠪᠲᠠᠷᠡᠭᠦᠯᠵᠦ᠂ ᠰᠢᠨ᠎ᠡ ᠪᠠᠷ ᠥᠩᠭᠡᠷᠡᠬᠦ ᠠᠷᠪᠠᠨ ᠨᠠᠢᠮᠠᠳᠤᠭᠠᠷ ᠵᠠᠮ ᠵᠡᠷᠭᠡ 8 ᠵᠤᠷᠪᠤᠰ ︽ᠲᠠᠰᠤᠷᠬᠠᠢ | ᠵᠠᠮ︾ ᠢ ᠨᠠᠪᠲᠠᠷᠡᠭᠦᠯᠵᠦ᠂ ᠰᠢᠶᠠᠨ ᠤ ᠵᠠᠰᠠᠭ ᠤᠨ ᠣᠷᠳᠣᠨ ᠵᠡᠭᠡᠯᠢ ᠵᠡᠷᠭᠡ 7 ᠵᠤᠷᠪᠤᠰ ᠵᠠᠮ ᠢ ᠴᠡᠭᠴᠡᠯᠡᠨ | ᠰᠠᠶᠢᠵᠢᠷᠠᠭᠤᠯᠵᠤ᠂ 30 ᠵᠤᠷᠪᠤᠰ ᠵᠡᠭᠡᠯᠢ ᠭᠤᠳᠤᠮᠵᠢ ᠶᠢᠨ ᠡᠪᠳᠡᠷᠡᠭᠰᠡᠨ ᠵᠠᠮ ᠢ ᠰᠡᠯᠪᠢᠨ ᠵᠠᠰᠠᠪᠠ᠃ ᠬᠠᠶᠢᠮᠢᠶᠠᠨ | ᠬᠤᠲᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ 60 ᠬᠠᠷᠮᠠᠨ ᠴᠡᠴᠡᠷᠯᠢᠭ᠂ 35 ᠺᠢᠯᠣᠮᠧᠲᠷ ᠤᠨ | ᠨᠣᠭᠤᠭᠠᠨ ᠵᠠᠮ ᠢ ᠰᠢᠨ᠎ᠡ ᠪᠠᠷ ᠪᠠᠶᠢᠭᠤᠯᠪᠠ᠃ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠠᠳᠠᠯ ᠠᠬᠤᠢ ᠶᠢᠨ ᠬᠠᠮᠢᠶᠠᠷᠤᠯᠲᠠ ᠳᠤ ᠣᠷᠣᠯᠴᠠᠬᠤ ᠰᠢᠨ᠎ᠡ ᠵᠠᠭᠪᠤᠷ ᠢ ᠰᠦᠪᠡᠭᠴᠢᠯᠡᠵᠦ᠂ ᠠᠳᠠᠯ | ᠠᠬᠤᠢ ᠦᠭᠡᠢ ᠬᠤᠷᠢᠶᠠᠯᠠᠯ ᠳᠤ ᠦᠢᠯᠡᠴᠢᠯᠡᠭᠡ ᠬᠠᠮᠢᠶᠠᠷᠤᠯᠲᠠ ᠶᠢ ᠪᠦᠷᠢᠨ ᠪᠦᠷᠬᠦᠭᠦᠯᠬᠦ ᠶᠢ 53 ᠬᠠᠭᠤᠴᠢᠨ | ᠬᠤᠷᠢᠶᠠᠯᠠᠯ ᠢ ᠥᠭᠡᠷᠡᠴᠢᠯᠡᠨ ᠳᠡᠭᠡᠭᠰᠢᠯᠡᠭᠦᠯᠵᠦ᠂ 1.88 ᠲᠦᠮᠡᠨ ᠡᠷᠦᠬᠡ ᠳᠤ ᠠᠰᠢᠭ ᠬᠦᠷᠲᠡᠭᠡᠵᠦ᠂ ᠬᠥᠬᠡᠬᠤᠲᠠ ᠶᠢᠨ | ᠪᠣᠯᠣᠳ ᠲᠡᠮᠦᠷ ᠤᠨ ᠬᠤᠷᠢᠶᠠᠯᠠᠯ ᠢ ︽ᠪᠥᠬᠦ ᠤᠯᠤᠰ ᠤᠨ 5 ᠬᠠᠭᠤᠴᠢᠨ ᠬᠤᠷᠢᠶᠠᠯᠠᠯ ᠢ ᠥᠭᠡᠷᠡᠴᠢᠯᠡᠨ | ᠪᠠᠶᠢᠭᠤᠯᠤᠭᠰᠠᠨ ᠠᠮᠵᠢᠯᠲᠠ ᠣᠯᠣᠭᠰᠠᠨ ᠨᠡᠶᠢᠲᠡᠯᠢᠭ ᠬᠡᠷᠡᠭ ᠤᠨ ᠵᠢᠱᠢᠶ᠎ᠡ︾ ᠪᠠᠷ ᠪᠥᠬᠦ ᠤᠯᠤᠰ ᠲᠤ ᠳᠡᠯᠭᠡᠷᠡᠭᠦᠯᠵᠦ᠂ | ᠪᠠᠪᠸᠢ ᠨᠡᠶᠢᠭᠡᠮ ᠲᠣᠭᠤᠷᠢᠭ ᠢ ᠮᠠᠨ ᠤ ᠬᠤᠲᠠ ᠶᠢᠨ ᠴᠣᠷ ᠤᠨ ᠭᠠᠭᠴᠠ ᠤᠯᠤᠰ ᠤᠨ ᠲᠠᠰ ᠤᠨ ︽ᠪᠦᠷᠢᠨ ᠪᠦᠲᠦᠨ | ᠨᠡᠶᠢᠭᠡᠮ ᠲᠣᠭᠤᠷᠢᠭ︾ ᠤᠨ ᠲᠤᠷᠰᠢᠯᠲᠠ ᠶᠢᠨ ᠴᠡᠭ ᠪᠣᠯᠭᠠᠵᠤ᠂ ᠰᠠᠨ ᠵᠢᠶᠠ ᠬᠤᠷᠢᠶᠠᠯᠠᠯ᠂ ᠶᠠᠨᠱᠠ ᠰᠠᠷᠭᠠᠢ ᠴᠡᠴᠡᠭ ᠤᠨ | ᠬᠦᠷᠢᠶᠡᠯᠡᠩ᠂ ᠰᠣᠶᠣᠯ ᠤᠨ ᠲᠣᠮᠣ ᠬᠦᠷᠢᠶᠡᠯᠡᠩ ᠵᠡᠷᠭᠡ ᠶᠢ ᠪᠥᠬᠦ ᠬᠤᠲᠠ ᠶᠢᠨ ᠬᠠᠭᠤᠴᠢᠨ ᠬᠤᠷᠢᠶᠠᠯᠠᠯ ᠢ | ᠥᠭᠡᠷᠡᠴᠢᠯᠡᠨ ᠪᠠᠶᠢᠭᠤᠯᠤᠭᠰᠠᠨ ᠰᠣᠳᠣᠨ ᠵᠢᠱᠢᠶ᠎ᠡ ᠦᠵᠡᠭᠦᠯᠬᠦ ᠬᠤᠷᠢᠶᠠᠯᠠᠯ ᠪᠣᠯᠭᠠᠪᠠ᠃ | ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠨᠡᠩ ᠬᠦᠴᠦᠲᠡᠢ ᠪᠣᠯᠭᠠᠨ᠎ᠠ᠃ ᠲᠡᠦᠬᠡᠨ ᠠᠴᠠ ᠦᠯᠡᠳᠡᠭᠳᠡᠵᠦ | ᠢᠷᠡᠭᠰᠡᠨ ︽ᠬᠦᠴᠢᠷ ᠠᠰᠠᠭᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ︽ᠬᠦᠴᠢᠷ | ᠠᠰᠠᠭᠤᠳᠠᠯ︾᠂ ᠬᠤᠳᠠ ᠶᠢᠨ ︽ᠬᠦᠴᠢᠷ ᠠᠰᠠᠭᠤᠳᠠᠯ︾ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠪᠡ᠃ ᠵᠦᠩ | ᠬᠤᠸᠠᠨ ᠬᠤᠷᠢᠶᠠᠯᠠᠯ ᠤᠨ ᠨᠤᠷᠠᠬᠤ ᠠᠶᠤᠯᠲᠠᠢ ᠠᠰᠠᠷ ᠢ ᠨᠢᠭᠡ ᠯᠡ ᠵᠢᠯ ᠤᠨ ᠬᠤᠭᠤᠴᠠᠭᠠᠨ ᠳᠤ ᠤᠤᠯ ᠤᠨ ᠨᠤᠷᠠᠭᠠᠵᠤ | ᠤᠤᠯ ᠤᠨ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠰᠢᠶᠠᠨ ᠹᠦ᠋ ᠵᠢᠶᠧ ᠵᠡᠭᠡᠯᠢ ᠳᠠᠭᠠᠤ ᠶᠢᠨ ᠬᠤᠷᠢᠶᠠᠯᠠᠯ ᠤᠨ ︽ᠤᠰᠤ | ᠬᠡᠷᠡᠭᠯᠡᠬᠦ ᠳᠤ ᠬᠦᠴᠢᠷᠲᠡᠢ︾᠂ ᠴᠢᠩ ᠶᠦᠨ ᠵᠢᠩ ᠶᠤᠸᠠᠨ ᠴᠡᠴᠡᠷᠯᠢᠭ ᠤᠨ ︽ᠦᠨᠡᠮᠯᠡᠯ ᠠᠪᠬᠤ ᠳᠤ ᠬᠦᠴᠢᠷᠲᠡᠢ︾᠂ ᠨᠢᠦ | ᠵᠢᠶᠧ ᠵᠡᠭᠡᠯᠢ ᠳᠠᠭᠠᠤ ᠶᠢᠨ ᠪᠠ ᠭᠦᠸᠧ ᠶᠤᠸᠠᠨ ᠪᠠᠷᠠᠭᠤᠨ ᠵᠠᠮ ᠤᠨ ︽ᠤᠰᠤ ᠳᠣᠷᠣᠭᠰᠢ ᠣᠷᠣᠬᠤ ᠳᠤ ᠬᠦᠴᠢᠷᠲᠡᠢ︾ | ᠵᠡᠷᠭᠡ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠪᠡ᠃ ᠴᠠᠭᠠᠨ ᠪᠠᠶᠢᠰᠢᠩ᠂ ᠱᠢ ᠯᠡ ᠮᠧᠨ ᠭᠧᠩ᠂ ᠲᠤᠤ ᠶᠤᠸᠠᠨ | ᠱᠦᠢ ᠰᠢᠶᠧ ᠶᠢᠨ ᠬᠤᠶᠠᠳᠤᠭᠠᠷ ᠬᠤᠭᠤᠴᠠᠭ᠎ᠠ ᠵᠡᠷᠭᠡ 10 ᠦᠯᠡᠳᠡᠭᠳᠡᠯ ᠲᠦᠷᠦᠯ ᠵᠦᠢᠯ ᠤᠨ ᠪᠣᠭᠤᠮᠢ ᠶᠢ ᠡᠪᠳᠡᠵᠦ᠂ | ᠠᠯᠬᠤᠮ ᠠᠯᠬᠤᠮ ᠢᠶᠠᠷ ᠠᠵᠢᠯ ᠢᠶᠠᠨ ᠡᠬᠢᠯᠡᠭᠦᠯᠪᠡ᠃ 5 ᠵᠢᠯ ᠦᠷᠭᠦᠯᠵᠢᠯᠡᠭᠰᠡᠨ ᠰᠢᠶᠠᠩ ᠱᠣ ᠯᠢᠩ ᠰᠢ ᠲᠣᠭᠤᠷᠢᠭ | ᠵᠡᠷᠭᠡ 8 ︽ᠵᠠᠮ ᠬᠠᠷᠢᠯᠴᠠᠭᠠᠨ ᠤ ᠪᠠᠲᠤᠯᠠᠭᠠᠲᠤ ᠠᠰᠠᠷ︾ ᠤᠨ ᠲᠦᠷᠦᠯ ᠵᠦᠢᠯ ᠤᠨ 6678 ᠢᠵᠢ ᠭᠡᠷ ᠪᠠᠶᠢᠰᠢᠩ ᠢ | ᠠᠮᠵᠢᠯᠲᠠ ᠲᠠᠢ ᠲᠤᠰᠢᠶᠠᠨ ᠥᠭᠴᠦ᠂ ᠥᠷᠭᠡᠨ ᠤᠯᠠᠨ ᠲᠦᠮᠡᠨ ᠤ ᠠᠮᠤᠭᠤᠯᠠᠩ ᠰᠠᠭᠤᠬᠤ ᠵᠡᠭᠦᠳᠦ ᠶᠢ | ᠲᠡᠷᠭᠡᠯᠰᠢᠭᠦᠯᠪᠡ᠃ ᠭᠠᠯ ᠤᠨᠲᠠᠷᠠᠭᠠᠬᠤ ᠰᠢᠯᠭᠠᠯᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ 161 ᠵᠦᠢᠯ ᠤᠨ | ᠠᠰᠠᠭᠤᠳᠠᠯ ᠢ ᠴᠡᠭᠴᠡᠯᠡᠨ ᠥᠭᠡᠷᠡᠴᠢᠯᠡᠪᠡ᠃ ᠶᠡᠭᠡ ᠪᠠᠶᠢᠰᠢᠩ ᠤᠨ ᠦᠢᠯᠡᠳᠪᠦᠷᠢ ᠶᠢᠨ ᠪᠠᠶᠢᠷᠢ᠂ ᠠᠵᠢᠯᠴᠢᠨ | ᠲᠠᠷᠢᠶᠠᠴᠢᠨ ᠴᠡᠷᠢᠭ ᠤᠨ ᠵᠠᠮ ᠤᠨ ᠪᠠᠶᠢᠰᠢᠩ ᠵᠡᠷᠭᠡ ᠨᠡᠯᠢᠶᠡᠳ ᠤᠷᠳᠤ ᠬᠤᠭᠤᠴᠠᠭ᠎ᠠ ᠪᠠᠷ ᠶᠠᠪᠤᠭᠳᠠᠭᠰᠠᠨ᠂ | ᠬᠤᠳᠠ ᠶᠢᠨ ᠳᠦᠷᠢ ᠲᠥᠷᠬᠦ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠭᠰᠡᠨ ᠪᠠᠷᠢᠯᠭ᠎ᠠ ᠨᠤᠭᠤᠳ ᠢ | ᠨᠤᠷᠠᠭᠠᠵᠤ᠂ ᠤᠷᠳᠤ ᠬᠤᠭᠤᠴᠠᠭ᠎ᠠ ᠪᠠᠷ ᠦᠯᠡᠳᠡᠭᠳᠡᠵᠦ ᠢᠷᠡᠭᠰᠡᠨ ᠨᠢᠭᠡ ᠪᠦᠯᠦᠭ ︽ᠪᠡᠷᠬᠡ ᠠᠰᠠᠭᠤᠳᠠᠯ︾ ᠢ | ᠦᠨᠳᠦᠰᠦᠨ ᠠᠴᠠ ᠨᠢ ᠰᠢᠢᠳᠪᠦᠷᠢᠯᠡᠪᠡ᠃ | ᠬᠤᠲᠠ ᠶᠢᠨ ᠬᠠᠮᠢᠶᠠᠷᠤᠯᠲᠠ ᠶᠢ ᠨᠡᠩ ᠢᠯᠡᠭᠦᠦ ᠳᠤᠯᠠᠭᠠᠬᠠᠨ ᠪᠠᠶᠢᠯᠭᠠᠨ᠎ᠠ᠃ ᠪᠠᠶᠢᠭᠤᠯᠬᠤ ᠪᠠ ᠬᠠᠮᠢᠶᠠᠷᠬᠤ ᠶᠢ | ᠵᠡᠷᠭᠡᠪᠡᠷ ᠴᠢᠬᠤᠯᠠᠴᠢᠯᠠᠬᠤ᠂ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ 12 ᠵᠦᠢᠯ ᠤᠨ ᠬᠤᠳᠠ ᠶᠢᠨ ᠶᠠᠪᠤᠳᠠᠯ ᠤᠨ | ᠬᠠᠮᠠᠭᠠᠯᠠᠯᠲᠠ ᠶᠢᠨ ᠵᠦᠢᠯᠡᠰ ᠢ ᠨᠠᠷᠢᠯᠢᠭᠵᠢᠭᠤᠯᠤᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠳᠤ | ᠣᠷᠣᠭᠤᠯᠵᠤ᠂ ᠶᠢᠨ ᠬᠠᠢ ᠵᠠᠮ᠂ ᠬᠥᠬᠡᠬᠤᠲᠠ ᠠᠴᠠ ᠦᠴᠦᠸᠠᠨ ᠬᠦᠷᠬᠦ ᠵᠠᠮ᠂ ᠠᠮᠢ ᠠᠬᠤᠢ ᠶᠢᠨ ᠵᠠᠮ ᠢ ᠴᠡᠭᠴᠡᠯᠡᠨ | ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ ᠪᠦᠬᠦ ᠬᠤᠳᠠ ᠳᠤ ᠡᠩ ᠲᠡᠷᠢᠭᠦᠨ ᠳᠤ ᠬᠠᠤᠯᠢ | ᠬᠡᠷᠡᠭᠵᠢᠭᠦᠯᠬᠦ ᠬᠦᠴᠦᠨ ᠢ ᠵᠡᠭᠡᠯᠢ ᠭᠤᠳᠤᠮᠵᠢ ᠳᠤ ᠪᠠᠭᠤᠯᠭᠠᠵᠤ᠂ 376 ᠬᠤᠳᠠ ᠶᠢᠨ ᠬᠠᠮᠢᠶᠠᠷᠤᠯᠲᠠ ᠶᠢ ᠠᠬᠢᠭᠤᠯᠵᠤ᠂ | ᠵᠠᠬ᠎ᠠ ᠳᠡᠯᠭᠡᠭᠦᠷ ᠤᠨ ᠺᠠᠳ᠋ᠷ ᠦᠨᠳᠦᠰᠦᠨ ᠱᠠᠲᠤᠨ ᠤ ᠵᠠᠰᠠᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ᠶᠦᠮ ᠤᠨ ᠪᠠᠶᠢᠰᠢᠩ ᠤᠨ ᠨᠡᠶᠢᠭᠡᠮ ᠲᠣᠭᠤᠷᠢᠭ ᠤᠨ ᠨᠢᠭᠡ ᠮᠥᠴᠡ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ | ᠲᠣᠭᠤᠷᠢᠭ ᠪᠣᠯᠣᠨ 5 ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠢ | ᠪᠠᠶᠢᠭᠤᠯᠵᠤ᠂ ᠤᠰᠤ ᠪᠠᠷ ᠤᠬᠢᠶᠠᠬᠤ 4 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ᠃ ᠵᠦᠩᠱᠠᠨ ᠪᠠᠷᠠᠭᠤᠨ | ᠵᠠᠮ ᠤᠨ ᠬᠢᠨ ᠪᠦᠬᠦ ᠬᠤᠳᠠ ᠶᠢᠨ ᠠᠩᠬᠠᠳᠠᠭᠴᠢ ᠣᠶᠤᠨᠲᠤ ᠲᠡᠷᠭᠡ ᠵᠣᠭᠰᠤᠭᠠᠬᠤ ᠶᠢ ᠬᠥᠲᠥᠯᠥᠨ ᠵᠢᠯᠤᠭᠤᠳᠬᠤ | ᠰᠢᠰᠲ᠋ᠧᠮ ᠢ ᠪᠠᠶᠢᠭᠤᠯᠵᠤ᠂ ᠲᠡᠷᠭᠡᠨ ᠵᠣᠭᠰᠣᠭᠠᠯ ᠤᠨ ᠳᠤᠮᠳᠠᠴᠢ ᠠᠰᠢᠭᠯᠠᠯᠲᠠ ᠶᠢᠨ ᠨᠤᠷᠮ᠎ᠠ ᠶᠢ 27% ᠪᠠᠷ | ᠳᠡᠭᠡᠭᠰᠢᠯᠡᠭᠦᠯᠪᠡ᠃ 22 ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 3215 ᠲᠡᠷᠭᠡᠨ ᠵᠣᠭᠰᠣᠭᠠᠯ ᠢ | ᠰᠢᠨ᠎ᠡ ᠪᠠᠷ ᠨᠡᠮᠡᠭᠳᠡᠭᠦᠯᠵᠦ᠂ 1124 ᠴᠠᠬᠢᠯᠭᠠᠨ ᠴᠡᠨᠡᠭᠯᠡᠬᠦ ᠪᠠᠭᠠᠨ᠎ᠠ ᠲᠣᠬᠢᠷᠠᠭᠤᠯᠵᠤ᠂ 7322 ᠲᠡᠷᠭᠡᠨ ᠵᠣᠭᠰᠣᠭᠠᠯ ᠢ | ᠰᠤᠯᠠᠯᠠᠵᠠᠢ᠃ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ 1 ᠬᠤᠭ | ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ 200 ᠬᠤᠭ ᠨᠣᠪᠰᠢ ᠶᠢ | ᠲᠥᠷᠥᠯ ᠬᠤᠪᠢᠶᠠᠨ ᠲᠠᠯᠪᠢᠬᠤ ᠴᠡᠭ ᠢ ᠲᠠᠰ ᠳᠡᠪᠰᠢᠭᠦᠯᠦᠨ ᠥᠭᠡᠷᠡᠴᠢᠯᠡᠵᠦ᠂ 9 ᠬᠤᠭ ᠨᠣᠪᠰᠢ ᠶᠢ ᠲᠥᠷᠥᠯ | ᠬᠤᠪᠢᠶᠠᠭᠰᠠᠨ ᠥᠯᠢᠭᠡᠷ ᠳᠠᠭᠤᠷᠢᠶᠠᠯ ᠬᠤᠷᠢᠶᠠᠯᠠᠯ ᠢ ᠡᠭᠦᠳᠦᠨ ᠪᠠᠶᠢᠭᠤᠯᠵᠤ᠂ ᠬᠠᠮᠢᠶᠠᠷᠤᠯᠲᠠ ᠶᠢᠨ ᠵᠠᠭᠪᠤᠷ ᠢ ᠨᠠᠩ | ᠨᠠᠷᠢᠯᠢᠭ ᠪᠣᠯᠭᠠᠪᠠ᠃ | ᠠᠮᠢ ᠠᠬᠤᠢ ᠶᠢᠨ ᠰᠠᠭᠤᠷᠢ ᠥᠩᠭᠡ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃ ᠬᠤᠶᠠᠳᠤᠭᠠᠷ | ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ | ᠠᠰᠠᠭᠤᠳᠠᠯ ᠤᠨ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ | ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠭᠦᠨᠵᠡᠭᠡᠢ ᠥᠷᠨᠢᠭᠦᠯᠪᠡ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠤᠨ ᠠᠵᠢᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ ᠰᠠᠮᠠᠭᠤᠷᠠᠬᠤ︾ ᠶᠢ | ᠭᠦᠨᠵᠡᠭᠡᠶᠢᠷᠡᠭᠦᠯᠦᠨ ᠠᠬᠢᠭᠤᠯᠵᠤ᠂ 11 ᠭᠠᠵᠠᠷ ᠢ ᠪᠢᠲᠡᠭᠦᠮᠵᠢᠯᠡᠨ ᠪᠥᠭᠯᠡᠬᠦ ᠪᠠ ᠤᠰᠤ ᠵᠠᠯᠠᠬᠤ ᠠᠮᠠᠰᠠᠷ ᠢ ᠬᠠᠤᠯᠢ | ᠶᠣᠰᠣᠭᠠᠷ ᠬᠦᠴᠦᠨ ᠦᠭᠡᠢ ᠪᠣᠯᠭᠠᠵᠤ᠂ 3 ᠭᠠᠵᠠᠷ ᠤᠨ ᠭᠤᠣᠯ ᠤᠨ ᠵᠠᠮ ᠢ ᠨᠤᠷᠠᠭᠠᠪᠠ᠃ ᠬᠥᠷᠥᠰᠥ ᠰᠢᠷᠣᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠤᠯᠢ ᠠᠴᠠ ᠵᠥᠷᠢᠴᠡᠭᠰᠡᠨ 153 | ᠵᠢᠷᠤᠭ ᠢ ᠴᠡᠭᠴᠡᠯᠡᠨ ᠵᠠᠰᠠᠵᠤ᠂ ᠮᠠᠨ ᠤ ᠬᠤᠲᠠ ᠶᠢᠨ ᠠᠩᠬᠠᠳᠠᠭᠴᠢ ᠣᠷᠴᠢᠨ ᠲᠣᠭᠤᠷᠢᠨ ᠤ ᠪᠣᠬᠢᠷᠲᠤᠯ ᠤᠨ | ᠡᠷᠡᠭᠦᠦ ᠶᠢᠨ ᠬᠡᠷᠡᠭ ᠢ ᠲᠠᠩᠨᠠᠨ ᠢᠯᠡᠷᠡᠭᠦᠯᠪᠡ᠃ ︽ᠬᠠᠶᠠᠭᠳᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠤᠶᠢᠷ ᠵᠠᠮ ᠤᠨ ᠪᠠᠭ᠎ᠠ ᠰᠤᠷᠭᠠᠭᠤᠯᠢ ᠵᠡᠷᠭᠡ 17 ᠨᠢᠭᠡᠴᠢ | ︽ᠬᠠᠶᠠᠭᠳᠠᠯ ᠦᠭᠡᠢ ᠡᠰ︾ ᠢ ᠡᠭᠦᠳᠦᠨ ᠪᠠᠶᠢᠭᠤᠯᠬᠤ ᠨᠡᠷᠡᠰ ᠲᠤ ᠰᠣᠩᠭᠤᠭᠳᠠᠪᠠ᠃ ︽ᠣᠶ ᠰᠢᠭᠤᠢ ᠶᠢᠨ | ᠳᠠᠷᠤᠭ᠎ᠠ ᠶᠢᠨ ᠳᠦᠷᠢᠮ︾ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ ᠤ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ | ᠬᠤᠲᠠ︾ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠶᠦᠮ ᠤᠨ ᠪᠠᠶᠢᠰᠢᠩ ᠤᠨ ᠪᠠᠯᠭᠠᠰᠤ ︽ᠥᠪᠡᠷᠲᠡᠭᠡᠨ ᠵᠠᠰᠠᠬᠤ | ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠪᠠᠷ ᠦᠨᠡᠯᠡᠭᠳᠡᠪᠡ᠃ | ᠬᠥᠳᠡᠭᠡ ᠲᠣᠰᠬᠤᠨ ᠤ ᠳᠦᠷᠰᠦ ᠪᠠᠶᠢᠳᠠᠯ ᠨᠡᠩ ᠡᠶᠡᠪᠡᠷᠭᠦᠦ ᠰᠠᠶᠢᠬᠠᠨ ᠪᠣᠯᠭᠠᠨ᠎ᠠ᠃ ᠤᠯᠠᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ | ᠬᠡᠷᠡᠭᠲᠡᠢ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠠᠨ ᠠᠮᠠ ᠵᠡᠷᠭᠡ 5 ᠲᠣᠰᠬᠤᠨ ᠤ 5092 | ᠡᠷᠦᠬᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠳᠠᠭᠤᠰᠬᠠᠵᠤ᠂ ᠨᠡᠶᠢᠲᠡ 1. | 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠠᠭᠤᠯᠠ ᠳᠠᠭᠠᠤ ᠶᠢᠨ 6 ᠲᠣᠰᠬᠤᠨ ᠤ ᠪᠣᠬᠢᠷ ᠤᠰᠤᠨ ᠤ | ᠬᠤᠭᠤᠯᠠᠢ ᠶᠢᠨ ᠲᠣᠣᠷ ᠤᠨ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤᠨ ᠤ | ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ 3 ᠵᠤᠷᠪᠤᠰ ᠬᠥᠳᠡᠭᠡ ᠶᠢᠨ ᠵᠠᠮ ᠢ | ᠥᠭᠡᠷᠡᠴᠢᠯᠡᠨ ᠰᠠᠶᠢᠵᠢᠷᠠᠭᠤᠯᠵᠤ᠂ 59 ᠰᠠᠭᠤᠷᠢ ᠬᠠᠶᠠᠭᠳᠠᠮᠠᠯ ᠬᠠᠭᠤᠴᠢᠨ ᠰᠤᠯᠠ ᠪᠠᠶᠢᠭ᠎ᠠ ᠬᠦᠯᠡᠮᠵᠢ ᠶᠢᠨ | ᠲᠠᠷᠢᠶᠠᠯᠠᠭ᠎ᠠ ᠶᠢ ᠰᠡᠷᠭᠦᠭᠡᠵᠦ᠂ ᠵᠡᠭᠦᠨ ᠤᠰᠤᠲᠤ ᠲᠣᠰᠬᠤᠨ ︽ᠭᠤᠷᠪᠠᠳᠤᠭᠠᠷ ᠪᠦᠯᠦᠭ ᠤᠨ ᠪᠥᠬᠦ ᠤᠯᠤᠰ ᠤᠨ | ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠳᠤ ᠰᠣᠩᠭᠤᠭᠳᠠᠪᠠ᠃ ᠣᠨᠴᠠᠯᠢᠭᠲᠤ ᠠᠵᠤ | ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠥᠨᠳᠦᠷᠯᠢᠭ ᠤᠨ | ᠬᠦᠢᠯᠡᠰᠦᠨ ᠴᠥᠮ᠎ᠡ ᠶᠢᠨ ᠰᠢᠭᠦᠳᠡᠷᠢ ᠶᠢᠨ ᠺᠣᠮᠫᠠᠨᠢ ᠲᠠᠢ ᠬᠠᠮᠲᠤᠷᠠᠯᠴᠠᠵᠤ᠂ ᠤᠰᠤᠲᠤ ᠶᠢᠨ ᠬᠦᠢᠯᠡᠰᠦᠨ ᠴᠥᠮ᠎ᠡ ᠶᠢᠨ | ᠰᠢᠭᠦᠳᠡᠷᠢ᠂ ᠬᠠᠲᠠᠭᠠᠮᠠᠯ ᠬᠦᠢᠯᠡᠰᠦᠨ ᠳᠠᠷᠤᠰᠢ ᠶᠢᠨ ᠦᠢᠯᠡᠳᠪᠦᠷᠢᠯᠡᠯ ᠤᠨ ᠱᠠᠨ ᠰᠢ ᠶᠢᠨ ᠹᠥ᠋ᠨ ᠵᠢᠦ ᠪᠦᠯᠦᠭᠯᠡᠯ ᠲᠠᠢ | ᠬᠠᠮᠲᠤᠷᠠᠯᠴᠠᠵᠤ᠂ ᠹᠥ᠋ᠨ ᠵᠢᠦ ᠠᠷᠢᠬᠢᠨ ᠤ ᠳᠡᠭᠡᠳᠦ ᠳᠡᠰ ᠤᠨ ᠰᠣᠳᠣᠨ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ | ᠳᠡᠯᠭᠡᠭᠦᠷ ᠢ ᠲᠥᠯᠥᠪᠵᠢᠭᠦᠯᠦᠨ᠎ᠡ᠃ ᠲᠠᠪᠤᠨ ᠥᠩᠭᠡᠲᠦ ᠵᠢᠵᠢᠭ ᠤᠳᠪᠠᠯᠠ ᠪᠠ ᠮᠥᠬᠦᠬᠦ ᠰᠢᠬᠠᠭᠰᠠᠨ ᠬᠤᠪᠣᠷ ᠴᠤᠬᠠᠭ | ᠡᠮ ᠤᠨ ᠮᠠᠲ᠋ᠧᠷᠢᠶᠠᠯ ᠢ ᠥᠷᠭᠡᠳᠬᠡᠨ ᠪᠣᠶᠢᠵᠢᠭᠤᠯᠬᠤ ᠶᠢ ᠳᠡᠯᠭᠡᠷᠡᠭᠦᠯᠵᠦ᠂ ᠲᠣᠰᠬᠤᠨ ᠤ ᠠᠷᠠᠳ ᠤᠨ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠪᠠᠷ ᠲᠠᠶᠢᠴᠢᠯᠠᠨ᠎ᠠ᠃ ᠨᠢᠭᠡ ᠲᠠᠰᠤᠯᠭ᠎ᠠ ᠲᠣᠰᠬᠤᠨ ᠳᠤ ᠥᠪᠡᠷᠲᠡᠭᠡᠨ | ᠵᠠᠰᠠᠬᠤ ᠣᠷᠣᠨ ᠤ ᠠᠩᠬᠠᠨ ᠤ ᠪᠦᠯᠦᠭ ︽ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ | ᠨᠡᠶᠢᠲᠡᠯᠢᠭ ᠥᠯᠢᠭᠡᠷ ᠳᠠᠭᠤᠷᠢᠶᠠᠯ ᠲᠣᠰᠬᠤᠨ︾ ᠢᠶᠠᠷ ᠦᠨᠡᠯᠡᠭᠳᠡᠪᠡ᠃ | ︵ᠳᠥᠷᠪᠡ︶ ᠳᠤᠲᠠᠭᠤᠳᠠᠯ ᠢ ᠨᠥᠬᠦᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠬᠦᠴᠦᠯᠡᠨ | ᠴᠢᠷᠮᠠᠶᠢᠵᠤ᠂ ᠨᠡᠶᠢᠭᠡᠮ ᠤᠨ ᠦᠢᠯᠡᠰ ᠢ ᠦᠷᠭᠦᠯᠵᠢᠯᠡᠨ ᠳᠠᠪᠰᠢᠭᠤᠯᠪᠠ | ᠡᠨᠡ ᠨᠢᠭᠡ ᠵᠢᠯ ᠳᠤ᠂ ᠪᠢᠳᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠲᠤᠪᠤᠶᠢᠯᠭᠠᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠡᠳᠬᠢᠯ ᠲᠠᠯᠪᠢᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ 5 | ᠵᠦᠢᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ | ᠨᠡᠶᠢᠭᠡᠮ ᠤᠨ ᠪᠠᠲᠤᠯᠠᠭ᠎ᠠ ᠪᠠᠲᠤ ᠴᠢᠩᠭ᠎ᠠ ᠪᠥᠭᠡᠳ ᠬᠦᠴᠦᠨ ᠲᠡᠭᠦᠯᠳᠡᠷ ᠪᠠᠶᠢᠨ᠎ᠠ᠃ ᠬᠤᠲᠠ ᠪᠠᠯᠭᠠᠰᠤᠨ ᠤ | 7562 ᠬᠥᠮᠥᠨ ᠳᠤ ᠰᠢᠨ᠎ᠡ ᠪᠠᠷ ᠠᠵᠢᠯ ᠣᠯᠭᠤᠵᠤ᠂ 6000 ᠰᠢᠬᠠᠮ ᠣᠶᠤᠲᠠᠳ ᠤᠨ ᠠᠳᠠᠯ ᠦᠢᠯᠡᠰ | ᠴᠣᠭᠴᠠᠯᠠᠨ ᠠᠵᠢᠯ ᠣᠯᠵᠤ᠂ 2684 ᠲᠦᠮᠡᠨ ᠲᠥᠭᠦᠷᠢᠭ ᠤᠨ ᠠᠮᠢᠳᠤᠯᠢᠭ ᠠᠵᠢᠯ ᠣᠯᠭᠤᠯᠲᠠ ᠶᠢᠨ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠣᠯᠭᠤᠵᠤ᠂ 2100 ᠭᠠᠷᠤᠢ ᠬᠥᠮᠥᠨ ᠤᠳᠠᠭ᠎ᠠ ᠠᠵᠢᠯ ᠣᠯᠭᠤᠯᠲᠠ ᠶᠢᠨ ᠤᠷ᠎ᠠ | ᠴᠢᠳᠠᠪᠤᠷᠢ ᠵᠡᠷᠭᠡ ᠪᠣᠯᠪᠠᠰᠤᠷᠠᠭᠤᠯᠤᠯ ᠢ ᠥᠷᠨᠢᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠴᠡᠷᠢᠭ ᠠᠴᠠ ᠬᠠᠯᠠᠭᠳᠠᠭᠰᠠᠳ ᠤᠨ 64 | ᠦᠢᠯᠡᠴᠢᠯᠡᠭᠡᠨ ᠤ ᠦᠷᠳᠡᠭᠡ ᠳᠤ ︽ᠲᠠᠪᠤ ᠶᠢ ᠪᠦᠷᠢᠳᠦᠭᠦᠯᠬᠦ︾ ᠪᠠᠷᠢᠮᠵᠢᠶ᠎ᠠ ᠶᠢ ᠨᠡᠶᠢᠳᠡᠮ ᠬᠡᠷᠡᠭᠵᠢᠭᠦᠯᠪᠡ᠃ ᠾᠦᠢ ᠳ᠋ᠧ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠵᠡᠷᠭᠡ 5 ᠭᠠᠵᠠᠷ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠶᠢ ᠠᠰᠢᠭᠯᠠᠯᠲᠠ ᠳᠤ ᠣᠷᠣᠭᠤᠯᠵᠤ᠂ 599 ᠡᠪᠡᠳᠴᠢᠲᠡᠨ ᠤ ᠣᠷᠣ ᠬᠠᠩᠭᠠᠵᠤ᠂ | ︽ᠨᠢᠭᠡ ᠮᠥᠴᠡ︾ ᠶᠢᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ | ᠲᠣᠭᠤᠷᠢᠭ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠢ ᠾᠧ ᠰᠢᠶᠠᠩ ᠨᠡᠶᠢᠭᠡᠮ ᠲᠣᠭᠤᠷᠢᠭ ᠲᠤ ︽ᠪᠥᠬᠦ | ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ | ᠪᠣᠶᠢᠵᠢᠭᠤᠯᠬᠤ ᠲᠤᠷᠰᠢᠯᠲᠠ︾ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠲᠤᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ︽ᠥᠪᠡᠷᠲᠡᠭᠡᠨ ᠵᠠᠰᠠᠬᠤ ᠣᠷᠣᠨ ᠤ ᠰᠢᠯᠢᠳᠡᠭ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ | ᠲᠤᠰᠠᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠨᠢᠭᠡᠴᠢ︾ ᠪᠠᠷ ᠦᠨᠡᠯᠡᠭᠳᠡᠪᠡ᠃ | ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠡᠩᠴᠡᠭᠦᠷᠢᠲᠡᠢ ᠪᠠᠶᠢᠯᠭᠠᠨ᠎ᠠ᠃ ᠣᠷᠣᠨ ᠤ | ᠲᠥᠪ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠳᠥᠷᠪᠡᠨ ᠰᠤᠷᠭᠠᠭᠤᠯᠢ ᠲᠠᠪᠤᠨ ᠬᠦᠷᠢᠶᠡᠯᠡᠩ︾ ᠢ ᠪᠠᠶᠢᠭᠤᠯᠤᠨ ᠳᠠᠭᠤᠰᠬᠠᠵᠤ᠂ 4860 | ᠰᠣᠷᠣᠭᠴᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠪᠡ᠃ ᠶᠢᠰᠦᠨ ᠵᠢᠯ ᠤᠨ ᠳᠦᠷᠢᠮᠲᠦ 3 ᠰᠤᠷᠭᠠᠭᠤᠯᠢ ᠶᠢ | ᠪᠠᠶᠢᠭᠤᠯᠬᠤ ᠶᠢ ᠠᠬᠢᠭᠤᠯᠵᠤ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ | ᠰᠤᠷᠭᠠᠭᠤᠯᠢ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ ᠠᠩᠬᠠᠨ ᠤ ᠪᠦᠯᠦᠭ ᠰᠤᠷᠤᠭᠴᠢ ᠡᠯᠰᠡᠬᠦ | ᠡᠭᠦᠷᠭᠡ ᠪᠠᠨ ᠪᠡᠶᠡᠯᠡᠭᠦᠯᠵᠦ᠂ ᠬᠠᠢ ᠯᠢᠶᠠᠩ ᠰᠤᠷᠭᠠᠨ ᠬᠥᠮᠦᠵᠢᠯ ᠤᠨ ᠪᠦᠯᠦᠭᠯᠡᠯ ᠢ ᠣᠷᠣᠭᠤᠯᠤᠨ ᠨᠠᠢᠮᠠᠳᠤᠭᠠᠷ | ᠳᠤᠮᠳᠠᠳᠤ ᠰᠤᠷᠭᠠᠭᠤᠯᠢ᠂ ᠲᠠᠢ ᠫᠢᠩ ᠵᠡᠭᠡᠯᠢ ᠶᠢᠨ ᠪᠠᠭ᠎ᠠ ᠰᠤᠷᠭᠠᠭᠤᠯᠢ ᠯᠤᠭ᠎ᠠ ᠨᠠᠷᠠᠲᠤ ᠰᠤᠷᠭᠠᠭᠤᠯᠢ ᠶᠢᠨ ᠬᠠᠮᠲᠤ ᠶᠢᠨ | ᠴᠣᠭᠴᠠ ᠶᠢ ᠪᠠᠶᠢᠭᠤᠯᠵᠤ᠂ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠬᠠᠷᠢᠶᠠᠲᠤ | ᠰᠤᠷᠭᠠᠭᠤᠯᠢ ᠶᠢᠨ ᠲᠥᠰᠥᠯ ᠢ ᠵᠢᠷᠤᠵᠤ ᠲᠥᠯᠥᠪᠯᠡᠬᠦ᠂ ᠭᠠᠷ ᠭᠦᠢᠴᠡᠳᠬᠡᠯ ᠭᠦᠢᠴᠡᠳᠬᠡᠬᠦ ᠶᠢ ᠲᠦᠯᠬᠢᠨ ᠠᠬᠢᠭᠤᠯᠬᠤ | ᠠᠵᠢᠯ ᠢ ᠪᠡᠶᠡᠯᠡᠭᠦᠯᠵᠦ᠂ ᠬᠠᠷᠢᠶᠠᠲᠤ ᠣᠷᠣᠨ ᠤ ᠪᠠᠷᠠᠭᠤᠨ ᠬᠤᠶᠢᠲᠤ ᠬᠡᠰᠡᠭ ᠤᠨ ᠰᠢᠯᠢᠳᠡᠭ ᠰᠤᠷᠭᠠᠨ ᠬᠥᠮᠦᠵᠢᠯ ᠤᠨ | ᠳᠤᠲᠠᠭᠤᠳᠠᠯ ᠢ ᠪᠦᠲᠦᠮᠵᠢᠲᠡᠶ ᠪᠠᠷ ᠨᠥᠬᠦᠪᠦᠷᠢᠯᠡᠵᠦ᠂ ᠮᠠᠨ ᠤ ᠲᠤᠭᠤᠷᠢᠭ ᠤᠨ ︽ᠶᠢᠰᠦᠨ ᠵᠢᠯ ᠤᠨ ᠳᠦᠷᠢᠮᠲᠦ | ᠰᠤᠷᠭᠠᠭᠤᠯᠢ︾ ᠶᠢᠨ ᠦᠭᠡᠢ ᠪᠠᠶᠢᠭᠰᠠᠨ ᠠᠴᠠ ᠪᠠᠨ ᠪᠠᠶᠢᠬᠤ ᠪᠣᠯᠤᠭᠰᠠᠨ ᠲᠡᠦᠬᠡᠨ ᠬᠤᠪᠢᠷᠠᠯᠲᠠ ᠶᠢ ᠪᠡᠶᠡᠯᠡᠭᠦᠯᠪᠡ᠃ | 70 ᠪᠠᠭᠰᠢ ᠶᠢ ᠢᠯᠡ ᠪᠠᠷ ᠡᠯᠰᠡᠵᠦ᠂ 20 ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 14 ᠵᠠᠯᠠᠭᠤ | ᠳᠡᠳ᠋ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠰᠢᠯᠢᠨ ᠰᠣᠩᠭᠤᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠰᠠᠭᠤᠷᠢ ᠶᠢ ᠲᠠᠯᠪᠢᠪᠠ᠃ | ᠡᠮ ᠡᠮᠨᠡᠯᠭᠡ ᠶᠢᠨ ᠦᠢᠯᠡᠴᠢᠯᠡᠭᠡ ᠦᠷᠭᠦᠯᠵᠢᠯᠡᠨ ᠳᠡᠭᠡᠭᠰᠢᠯᠡᠨ᠎ᠡ᠃ ᠬᠤᠲᠣᠩ ᠠᠷᠠᠳ ᠤᠨ ᠲᠣᠭᠤᠷᠢᠭ ᠤᠨ | ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ | ᠬᠤᠷᠢᠶ᠎ᠠ ᠶᠢᠨ ᠨᠢᠭᠲᠠ ᠬᠡᠯᠪᠡᠷᠢ ᠶᠢᠨ ᠬᠤᠳᠠ ᠶᠢᠨ ᠡᠮᠨᠡᠯᠭᠡ ᠶᠢᠨ ᠪᠦᠯᠦᠭᠯᠡᠯ ᠲᠠᠢ ᠭᠡᠷ᠎ᠡ ᠲᠣᠭᠲᠠᠵᠤ ᠫᠠᠶᠢᠰᠠ ᠡᠯᠭᠦᠵᠦ᠂ | ᠪᠦᠬᠦ ᠲᠤᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠨᠡᠯᠭᠡ ᠶᠢᠨ | ᠬᠤᠯᠪᠣᠭᠠᠲᠤ ᠪᠣᠯᠣᠳ ᠲᠡᠮᠦᠷ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠦᠩ ᠳ᠋ᠣᠣ ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠭᠠᠨ ᠲᠡᠰ | ᠳᠡᠪᠰᠢᠭᠦᠯᠵᠦ᠂ ᠬᠠᠶᠢᠰᠢ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ | ᠥᠷᠭᠡᠳᠬᠡᠨ ᠪᠠᠶᠢᠭᠤᠯᠵᠤ᠂ ︽ᠪᠦᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠡᠮᠡᠭᠲᠡᠶᠢᠴᠦᠳ ᠤᠨ ᠵᠢᠱᠢᠶᠡᠴᠢ | ᠠᠵᠢᠯ ᠤᠨ ᠪᠠᠶᠢᠷᠢ︾ ᠶᠢᠨ ᠢᠷᠠᠭᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠤᠷᠰᠢᠯᠲᠠ ᠶᠢᠨ ᠲᠠᠰᠤᠭ ᠤᠨ | CMA ᠶᠢᠨ ᠰᠢᠰᠲ᠋ᠧᠮ ᠢ ᠮᠠᠭᠠᠳᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠭᠡᠨᠡᠳᠲᠡ ᠡᠭᠦᠰᠦᠭᠰᠡᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠡᠮᠬᠢ ᠵᠢᠷᠤᠮ ᠲᠠᠢ | ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠲᠠᠬᠢᠨ ᠬᠢᠨᠠᠬᠤ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠪᠡ᠃ | ᠦᠨᠳᠦᠰᠦᠨ ᠱᠠᠲᠤᠨ ᠤ ᠵᠠᠰᠠᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠲᠠᠰ ᠤᠨ ︽ᠤᠯᠠᠭᠠᠨ ᠠᠨᠠᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠣᠯ ᠰᠡᠳᠦᠪᠲᠦ | ᠴᠡᠴᠡᠷᠯᠢᠭ ᠪᠠ 42 ︽ᠤᠯᠠᠭᠠᠨ ᠠᠨᠠᠷ︾ ᠤᠨ ᠥᠷᠲᠡᠭᠡ ᠶᠢ ᠪᠠᠶᠢᠭᠤᠯᠵᠤ᠂ ᠲᠦᠩ ᠳ᠋ᠣᠣ ᠬᠤᠶᠢᠲᠤ ᠵᠡᠭᠡᠯᠢ ᠶᠢᠨ | ᠨᠡᠶᠢᠭᠡᠮ ᠲᠣᠭᠤᠷᠢᠭ ᠢ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠨᠢᠭᠡᠴᠢ︾ ᠭᠡᠵᠦ ᠨᠡᠷᠡᠶᠢᠳᠴᠦ᠂ ᠯᠠᠯᠤ ᠶᠢᠨ ᠶᠡᠭᠡ ᠰᠦᠮ᠎ᠡ ᠶᠢ ︽ᠪᠥᠬᠦ ᠲᠤᠭᠤᠷᠢᠭ ᠲᠤ ᠮᠠᠨ ᠤ | ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠵᠢᠱᠢᠶ᠎ᠡ ᠦᠵᠡᠭᠦᠯᠬᠦ | ᠲᠤᠷᠰᠢᠯᠲᠠ ᠶᠢᠨ ᠴᠡᠭ︾ ᠢᠶᠠᠷ ᠦᠨᠡᠯᠡᠪᠡ᠃ ᠰᠢᠨ᠎ᠡ ᠪᠠᠷ ᠨᠡᠮᠡᠭᠳᠡᠭᠰᠡᠨ 7 ᠨᠡᠶᠢᠭᠡᠮ ᠲᠣᠭᠤᠷᠢᠭ ᠢ ᠰᠢᠯᠢᠳᠡᠭᠵᠢᠭᠦᠯᠦᠨ᠂ | ᠣᠶᠤᠨᠲᠤ ᠲᠠᠪᠴᠠᠩ ᠤᠨ ᠲᠤᠷᠰᠢᠯᠲᠠ ᠶᠢᠨ ᠴᠡᠭ ᠤᠨ 10 ᠨᠡᠶᠢᠭᠡᠮ ᠲᠣᠭᠤᠷᠢᠭ ᠢ ᠪᠠᠶᠢᠭᠤᠯᠵᠤ᠂ ᠨᠡᠶᠢᠭᠡᠮ | ᠲᠣᠭᠤᠷᠢᠭ ᠤᠨ ᠠᠵᠢᠯᠲᠠᠨ ᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠳᠤᠭᠠᠷ ᠲᠠᠰ︾ ᠤᠨ ᠣᠯᠭᠤᠮᠵᠢ ᠶᠢ | ᠪᠦᠬᠦᠨ ᠢ ᠨᠠᠶᠢᠳᠠᠪᠤᠷᠢᠵᠢᠭᠤᠯᠤᠨ᠂ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠤ ᠠᠵᠢᠯ ᠤᠨ ᠨᠥᠬᠦᠪᠦᠷᠢ ᠶᠢ | 2000 ᠲᠥᠭᠦᠷᠢᠭ ᠪᠠᠶᠢᠭᠰᠠᠨ ᠠᠴᠠ 3698 ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠧᠨ ᠲᠧᠩ ᠨᠡᠶᠢᠭᠡᠮ | ᠲᠣᠭᠤᠷᠢᠭ ᠢ ︽ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠴᠣᠭᠴᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ︾ ᠲᠤ ᠰᠣᠩᠭᠤᠵᠤ᠂ ᠰᠢ ᠴᠠ ᠹᠠᠩ᠂ ᠭᠤᠸ ᠯᠦᠨ ᠲᠧ | ᠵᠡᠷᠭᠡ 3 ᠨᠡᠶᠢᠭᠡᠮ ᠲᠣᠭᠤᠷᠢᠭ ᠢ ︽ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠵᠢᠱᠢᠶ᠎ᠡ ᠦᠵᠡᠭᠦᠯᠬᠦ ᠪᠠ | ᠴᠢᠳᠠᠪᠤᠷᠢ ᠶᠢ ᠳᠡᠭᠡᠭᠰᠢᠯᠡᠭᠦᠯᠬᠦ ᠨᠡᠶᠢᠭᠡᠮ ᠲᠣᠭᠤᠷᠢᠭ︾ ᠢᠶᠠᠷ ᠦᠨᠡᠯᠡᠪᠡ᠃ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ | ᠭᠡᠷ ᠪᠠᠶᠢᠰᠢᠩ᠂ ᠰᠤᠷᠭᠠᠭᠤᠯᠢ ᠶᠢᠨ ᠭᠡᠷ ᠪᠠᠶᠢᠰᠢᠩ᠂ ᠬᠤᠳᠠᠯᠳᠤᠭᠠᠨ ᠤ ᠲᠣᠭᠤᠷᠢᠭ ᠵᠡᠷᠭᠡ ᠲᠤᠰᠬᠠᠢ ᠵᠦᠢᠯ ᠤᠨ | ᠠᠶᠤᠯᠭᠦᠢ ᠶᠢᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ 1731 ᠳᠠᠯᠳᠠ ᠭᠡᠮ ᠢ ᠳᠠᠷᠠᠭᠠᠯᠠᠨ | ᠪᠠᠶᠢᠴᠠᠭᠠᠵᠤ ᠴᠡᠭᠴᠡᠯᠡᠨ ᠵᠠᠰᠠᠵᠤ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠨᠡᠯᠢᠶᠡᠳ ᠶᠡᠭᠡ ᠠᠳᠡᠯ ᠵᠢᠴᠢ | ᠲᠡᠭᠦᠨ ᠠᠴᠠ ᠳᠡᠭᠡᠭᠰᠢᠬᠢ ᠠᠳᠡᠯ ᠭᠠᠷᠤᠭᠰᠠᠨ ᠦᠭᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ 7 | ᠭᠠᠵᠠᠷ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠰᠠᠨ ᠵᠠᠬ᠎ᠠ ᠳᠡᠯᠭᠡᠭᠦᠷ ᠤᠨ ᠰᠢᠯᠭᠠᠨ ᠪᠠᠶᠢᠴᠠᠭᠠᠯᠲᠠ ᠶᠢ | ᠥᠩᠭᠡᠷᠡᠭᠡᠵᠦ᠂ ᠸᠠᠨ ᠬᠤᠶ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ︽ᠥᠪᠡᠷᠲᠡᠭᠡᠨ ᠵᠠᠰᠠᠬᠤ ᠣᠷᠣᠨ ᠤ | ᠨᠢᠭᠡᠳᠦᠭᠡᠷ ᠪᠦᠯᠦᠭ ᠤᠨ ᠵᠢᠷᠤᠮᠵᠢᠭᠰᠠᠨ ᠲᠠᠷᠢᠶᠠᠯᠠᠩ ᠤᠨ ᠪᠥᠭᠡᠮ ᠤᠨ ᠵᠠᠬ᠎ᠠ ᠳᠡᠯᠭᠡᠭᠦᠷ︾ ᠪᠣᠯᠭᠠᠨ ᠡᠭᠦᠳᠦᠨ | ᠪᠠᠶᠢᠭᠤᠯᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠳᠠᠪᠠᠭᠤᠯᠤᠨ | ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠪᠦᠬᠦ ᠬᠤᠳᠠ ᠶᠢᠨ | ᠠᠩᠬᠠᠳᠠᠭᠴᠢ ︽ᠬᠥᠬᠡᠬᠤᠲᠠ ᠶᠢᠨ ᠵᠢᠷᠤᠮ ᠤᠨ ᠴᠠᠭᠳᠠᠭ᠎ᠠ︾ ᠶᠢᠨ ᠡᠩᠨᠡᠭᠡ ᠶᠢ ᠪᠠᠶᠢᠭᠤᠯᠵᠤ᠂ ︽ᠥᠪᠡᠷᠲᠡᠭᠡᠨ ᠵᠠᠰᠠᠬᠤ | ᠣᠷᠣᠨ ᠤ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠲᠡᠷᠢᠭᠦᠨ ᠤ ᠡᠩᠨᠡᠭᠡ︾ ᠪᠠᠷ ᠦᠨᠡᠯᠡᠭᠳᠡᠪᠡ᠃ | ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠯ᠎ᠡ | ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ 124 ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠬᠦᠨ ᠢ | ᠠᠷᠢᠯᠭᠠᠵᠤ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ︽ᠥᠪᠡᠷᠲᠡᠭᠡᠨ ᠵᠠᠰᠠᠬᠤ ᠣᠷᠣᠨ ᠤ | ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠠᠷᠢᠯᠭᠠᠬᠤ ᠲᠤᠰᠬᠠᠢ ᠠᠵᠢᠯ ᠤᠨ ᠬᠠᠮᠲᠤ ᠶᠢᠨ ᠬᠥᠬᠢᠭᠦᠯᠦᠯ︾ ᠢ ᠭᠥᠷᠳᠡᠵᠦ᠂ ᠰᠠᠨ ᠱᠦᠨ ᠳ᠋ᠢᠶᠠᠨ ᠨᠡᠶᠢᠭᠡᠮ | ᠲᠣᠭᠤᠷᠢᠭ ᠥᠪᠡᠷᠲᠡᠭᠡᠨ ᠵᠠᠰᠠᠬᠤ ᠣᠷᠣᠨ ᠤ ︽ᠹᠧᠩ ᠴᠢᠶᠣᠤ ᠶᠢᠨ ᠲᠤᠷᠰᠢᠯᠭ᠎ᠠ︾ ᠶᠢᠨ ᠵᠢᠱᠢᠶ᠎ᠡ ᠦᠵᠡᠭᠦᠯᠬᠦ ᠨᠡᠶᠢᠭᠡᠮ | ᠲᠣᠭᠤᠷᠢᠭ ᠢᠶᠠᠷ ᠦᠨᠡᠯᠡᠭᠳᠡᠵᠦ᠂ ᠬᠤᠲᠣᠩ ᠠᠷᠠᠳ ᠤᠨ ᠲᠣᠭᠤᠷᠢᠭ ︽ᠠᠮᠤᠷ ᠠᠮᠤᠭᠤᠯᠠᠩ ᠥᠪᠥᠷ ᠮᠣᠩᠭᠤᠯ ᠤᠨ | ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ︾ ᠢᠶᠠᠷ ᠦᠨᠡᠯᠡᠭᠳᠡᠪᠡ᠃ | ᠡᠯ᠎ᠡ ᠵᠦᠢᠯ ᠤᠨ ᠠᠵᠢᠯ ᠦᠢᠯᠡᠰ ᠴᠡᠴᠡᠭᠯᠡᠨ ᠬᠥᠭᠵᠢᠪᠡ᠃ ᠪᠥᠬᠦ ᠵᠢᠯ ᠳᠤ ᠳᠡᠭᠡᠳᠦ ᠰᠢᠨ᠎ᠡ ᠮᠡᠷᠭᠡᠵᠢᠯ ᠤᠨ 6 | ᠠᠵᠤ ᠠᠬᠤᠶᠢᠯᠠᠯ ᠢ ᠪᠣᠶᠢᠵᠢᠭᠤᠯᠵᠤ᠂ ᠵᠥᠩ ᠬᠤᠸᠠᠨ ᠠᠵᠤ ᠦᠢᠯᠡᠳᠪᠦᠷᠢ ᠠᠷᠠᠯᠵᠢᠶ᠎ᠠ ᠨᠢ ᠤᠯᠤᠰ ᠤᠨ ᠲᠠᠰ ᠤᠨ | ︽ᠲᠤᠰᠬᠠᠢ ᠨᠠᠷᠢᠯᠢᠭ ᠣᠨᠴᠠ ᠰᠢᠨ᠎ᠡ ᠵᠢᠵᠢᠭ ᠠᠪᠤᠷᠭᠤ︾ ᠠᠵᠤ ᠠᠬᠤᠶᠢᠯᠠᠯ ᠢᠶᠠᠷ ᠦᠨᠡᠯᠡᠭᠳᠡᠵᠦ᠂ ᠨᠠ ᠱᠦᠨ | ᠪᠦᠯᠦᠭᠯᠡᠯ ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠬᠠᠮᠲᠤᠷᠠᠨ | ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠵᠢᠴᠢ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠪᠣᠳᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠪᠠ᠃ ︽ᠤᠯᠤᠰ ᠤᠨ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ︾ ᠢ ᠬᠢᠨᠠᠨ | ᠰᠢᠯᠭᠠᠬᠤ ᠠᠵᠢᠯ ᠢ ᠪᠡᠶᠡᠯᠡᠭᠦᠯᠵᠦ᠂ ᠣᠰᠣᠳᠣ ᠬᠠᠨ᠎ᠠ ᠶᠢᠨ ᠵᠢᠷᠤᠭ ᠢ ᠬᠠᠮᠠᠭᠠᠯᠠᠯᠲᠠ ᠶᠢᠨ ᠴᠢᠨᠠᠷᠲᠠᠢ ᠰᠡᠯᠪᠢᠨ ᠵᠠᠰᠠᠬᠤ | ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠤᠯᠠᠮᠵᠢᠯᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠥᠪᠥᠷ ᠮᠣᠩᠭᠤᠯ ᠤᠨ ᠰᠢᠨᠬᠤᠸᠠ ᠨᠣᠮ ᠤᠨ ᠳᠡᠯᠭᠡᠭᠦᠷ ᠢ ᠪᠦᠬᠦ ᠲᠠᠯ᠎ᠠ ᠪᠠᠷ ᠲᠡᠰ ᠳᠡᠪᠰᠢᠭᠦᠯᠦᠨ | ᠥᠭᠡᠷᠡᠴᠢᠯᠡᠵᠦ᠂ ᠪᠦᠬᠦ ᠠᠷᠠᠳ ᠤᠨ ᠶᠡᠷᠦᠩᠬᠡᠶᠢᠯᠡᠭᠰᠡᠨ ᠲᠠᠮᠢᠷ ᠤᠨ ᠴᠤᠭᠯᠠᠭᠠᠨ ᠵᠡᠷᠭᠡ 200 ᠭᠠᠷᠤᠢ ᠲᠣᠮᠣ ᠳᠤᠮᠳᠠ | ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠣᠭᠤᠷᠢᠭ ᠤᠨ ᠨᠣᠮ ᠤᠨ ᠰᠠᠩ | ︽ᠤᠯᠤᠰ ᠤᠨ ᠬᠤᠶᠠᠳᠤᠭᠠᠷ ᠳᠡᠰ ᠤᠨ ᠤᠯᠠᠨ ᠨᠡᠶᠢᠲᠡ ᠶᠢᠨ ᠨᠣᠮ ᠤᠨ ᠰᠠᠩ︾ ᠢᠶᠠᠷ ᠦᠨᠡᠯᠡᠭᠳᠡᠵᠦ᠂ ᠲᠣᠭᠤᠷᠢᠭ ᠤᠨ | ᠰᠣᠶᠣᠯ ᠲᠠᠮᠢᠷ ᠤᠨ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ︽ᠥᠪᠡᠷᠲᠡᠭᠡᠨ ᠵᠠᠰᠠᠬᠤ ᠣᠷᠣᠨ ᠤ ᠤᠯᠠᠨ | ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ︾ ᠪᠠᠷ ᠦᠨᠡᠯᠡᠭᠳᠡᠪᠡ᠃ ᠲᠣᠭᠤᠷᠢᠭ ᠤᠨ ᠡᠮᠡᠭᠲᠡᠶᠢᠴᠦᠳ ᠤᠨ | ᠬᠤᠯᠪᠣᠭ᠎ᠠ ᠨᠢ ︽ᠪᠥᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ︾ ᠪᠠᠷ ᠦᠨᠡᠯᠡᠭᠳᠡᠵᠦ᠂ | ᠤᠮᠠᠷᠠᠲᠤ ᠬᠢᠯᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠣᠭᠠᠲᠤ ᠬᠤᠷᠠᠯ ᠨᠢ ︽ᠠᠷᠪᠠᠨ ᠳᠥᠷᠪᠡᠳᠦᠭᠡᠷ | ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤ ᠰᠠᠶᠢᠨ ᠲᠤᠷᠠᠴᠤᠳ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ | ᠱᠠᠩᠨᠠᠯ︾ ᠢᠶᠠᠷ ᠦᠨᠡᠯᠡᠭᠳᠡᠵᠦ᠂ ᠬᠤᠸᠠᠨ ᠾᠧ ᠵᠡᠭᠡᠯᠢ ᠶᠢᠨ ᠬᠡᠷᠡᠭ ᠡᠷᠬᠢᠯᠡᠬᠦ ᠭᠠᠵᠠᠷ ᠵᠡᠷᠭᠡ 4 ᠨᠢᠭᠡᠴᠢ ᠨᠢ | ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ︾ ᠶᠢᠨ ᠢᠷᠠᠭᠤ ᠠᠯᠳᠠᠷ ᠢ ᠭᠥᠷᠳᠡᠵᠦ᠂ ᠬᠤᠳᠤᠩ ᠠᠷᠠᠳ ᠤᠨ | ᠲᠣᠭᠤᠷᠢᠭ ᠨᠢ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ︾ ᠪᠠᠷ ᠦᠨᠡᠯᠡᠭᠳᠡᠪᠡ᠃ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠬᠤ | ᠱᠠᠲᠤᠨ ᠤ ᠠᠵᠢᠯ ᠲᠡᠭᠦᠰ ᠠᠮᠵᠢᠯᠲᠠ ᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠳᠠᠭᠠᠳᠤ | ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ | ᠠᠵᠢᠯ ᠰᠢᠨ᠎ᠡ ᠦᠷ᠎ᠡ ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠦᠢᠯᠡᠰ ᠲᠤ ᠰᠢᠨ᠎ᠡ ᠳᠦᠷᠰᠦ | ᠪᠠᠶᠢᠳᠠᠯ ᠢᠯᠡᠷᠡᠪᠡ᠃ | ︵ᠲᠠᠪᠤ︶ ᠬᠦᠴᠦᠨ ᠢᠶᠠᠨ ᠲᠥᠪᠯᠡᠷᠡᠭᠦᠯᠦᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ | ᠡᠨᠡ ᠨᠢᠭᠡ ᠵᠢᠯ ᠳᠤ ᠪᠢᠳᠡ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠰᠤᠷᠲᠠᠯ ᠤᠨ ᠪᠠᠶᠢᠭᠤᠯᠤᠯᠲᠠ ᠪᠣᠯᠣᠨ ᠦᠢᠯᠡᠳᠦᠯ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠲᠦᠷᠭᠡᠳᠬᠡᠵᠡᠢ᠃ | ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ 303 ᠠᠰᠠᠭᠤᠳᠠᠯ ᠢ | ᠪᠦᠬᠦᠨ ᠢ ᠴᠡᠭᠴᠡᠯᠡᠨ ᠰᠠᠶᠢᠵᠢᠷᠠᠭᠤᠯᠵᠤ᠂ 989 ᠬᠤᠪᠢ ᠤᠯᠠᠨ ᠲᠦᠮᠡᠨ ᠤ ᠬᠦᠰᠡᠵᠦ ᠪᠠᠶᠢᠭ᠎ᠠ ᠵᠦᠢᠯᠡᠰ ᠢ | ᠰᠢᠢᠳᠪᠦᠷᠢᠯᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ | ᠯᠠᠪᠳᠠᠭᠤᠨ ᠪᠠᠲᠤᠲᠠᠢ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | 88 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 157 | ᠬᠤᠪᠢ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠵᠦ ᠥᠭᠭᠦᠭᠰᠡᠨ | ᠨᠤᠷᠮ᠎ᠠ ᠨᠢ ᠴᠥᠮ 100% ᠪᠣᠯᠪᠠ᠃ ᠬᠢᠨᠠᠨ ᠪᠤᠳᠤᠵᠤ ᠬᠢᠨᠠᠯᠲᠠ ᠲᠠᠯᠪᠢᠬᠤ ᠳᠤ ᠡᠳ᠋ ᠤᠨ ᠵᠠᠰᠠᠭ ᠤᠨ ᠪᠡᠯᠡ | ᠮᠥᠩᠭᠦ ᠶᠢᠨ ᠬᠤᠬᠢᠷᠠᠯ ᠢ 814.9 ᠲᠦᠮᠡᠨ ᠲᠥᠭᠦᠷᠢᠭ ᠡᠭᠡᠭᠦᠯᠦᠨ ᠠᠪᠴᠢᠷᠠᠵᠤ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠵᠤ ᠵᠢᠷᠤᠮᠵᠢᠭᠤᠯᠤᠭᠰᠠᠨ ᠪᠡᠯᠡ ᠮᠥᠩᠭᠦ 9572 ᠲᠦᠮᠡᠨ ᠲᠥᠭᠦᠷᠢᠭ ᠬᠦᠷᠴᠡᠢ᠃ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ ᠶᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠤᠯᠤᠰ ᠤᠨ ᠲᠡᠰ ᠤᠨ ᠤᠯᠠᠨ | ᠨᠡᠶᠢᠲᠡ ᠶᠢᠨ ᠪᠠᠶᠢᠭᠤᠯᠤᠮᠵᠢ ᠶᠢᠨ ᠠᠷᠪᠢᠯᠠᠨ ᠭᠠᠮᠨᠠᠬᠤ ᠬᠡᠯᠪᠡᠷᠢ ᠶᠢᠨ 11 ᠪᠠᠶᠢᠭᠤᠯᠭ᠎ᠠ ᠶᠢ ᠡᠭᠦᠳᠦᠨ ᠪᠠᠶᠢᠭᠤᠯᠵᠤ᠂ | ᠴᠠᠭᠠᠰᠤ ᠬᠡᠷᠡᠭᠯᠡᠬᠦ ᠦᠭᠡᠢ ᠬᠤᠷᠠᠯ ᠤᠨ ᠰᠢᠰᠲ᠋ᠧᠮ ᠢ ᠡᠭᠦᠳᠦᠨ ᠪᠠᠶᠢᠭᠤᠯᠵᠤ᠂ ᠰᠢᠪᠠᠳᠠᠨ ᠪᠠᠶᠢᠴᠠᠭᠠᠵᠤ ᠰᠢᠪᠠᠳᠠᠨ | ᠭᠦᠢᠴᠡᠳᠬᠡᠬᠦ ᠮᠡᠳᠡᠭᠡ ᠵᠠᠩᠭᠢᠵᠢᠯᠲᠠ ᠶᠢᠨ ᠲᠠᠪᠴᠠᠩ ᠢ ᠤᠷᠢᠳ ᠢᠶᠠᠷ ᠠᠰᠢᠭᠯᠠᠯᠲᠠ ᠳᠤ ᠣᠷᠣᠭᠤᠯᠵᠤ᠂ ᠵᠠᠰᠠᠭ ᠤᠨ | ᠣᠷᠳᠣᠨ ᠤ ᠰᠢᠰᠲ᠋ᠧᠮ ᠤᠨ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ ᠬᠤᠳᠤᠩ ᠠᠷᠠᠳ ᠤᠨ ᠲᠣᠭᠤᠷᠢᠭ ᠤᠨ ᠦᠷ᠎ᠡ | ᠪᠦᠲᠦᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠠᠴᠠ ᠪᠣᠯᠵᠤ᠂ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠠᠴᠠ ᠪᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠠᠴᠠ ᠪᠣᠯᠵᠤ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ | ᠪᠦᠯᠬᠦᠮᠳᠡᠨ ᠨᠢᠭᠡᠳᠴᠦ ᠪᠣᠳᠠᠲᠠᠢ ᠠᠵᠢᠯᠯᠠᠭᠰᠠᠨ ᠠᠴᠠ ᠪᠣᠯᠤᠭᠰᠠᠨ ᠶᠤᠮ᠃ ᠠᠳᠡ ᠪᠢ ᠬᠤᠳᠤᠩ ᠠᠷᠠᠳ ᠤᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ ᠪᠠ | ᠡᠯ᠎ᠡ ᠡᠲᠡᠭᠡᠳ ᠤᠨ ᠬᠥᠮᠥᠰ᠂ ᠬᠤᠳᠤᠩ ᠠᠷᠠᠳ ᠤᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ | ᠪᠦᠬᠦᠢ ᠨᠥᠬᠦᠳ᠂ ᠨᠠᠶᠢᠵᠠ ᠨᠠᠷ ᠲᠤ᠂ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠣᠳᠣᠬᠠᠨ ᠳᠤ ᠮᠠᠨ ᠤ ᠲᠤᠭᠤᠷᠢᠭ ᠤᠨ | ᠬᠥᠭᠵᠢᠯᠲᠡ ᠳᠤ ᠮᠥᠨ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ | ᠣᠯᠪᠠ᠃ ᠡᠨᠡ ᠨᠢ ᠭᠤᠣᠯᠳᠠᠭᠤ᠄ ᠠᠵᠤ ᠦᠢᠯᠡᠰ ᠤᠨ ᠪᠦᠲᠦᠴᠡ ᠰᠢᠯᠢᠳᠡᠭ ᠪᠢᠰᠢ᠂ ᠵᠦᠢᠯᠡᠰ ᠤᠨ ᠶᠡᠷᠦᠩᠬᠡᠢ ᠬᠡᠮᠵᠢᠶ᠎ᠡ | ᠶᠡᠭᠡ ᠪᠢᠰᠢ᠂ ᠠᠵᠤ ᠠᠬᠤᠢ ᠶᠢᠨ ᠨᠡᠮᠡᠭᠳᠡᠯ ᠤᠨ ᠰᠡᠯᠭᠦᠬᠦ ᠬᠦᠴᠦᠨ ᠬᠦᠷᠦᠯᠴᠡᠬᠦ ᠦᠭᠡᠢ᠂ ᠡᠳ᠋ ᠤᠨ ᠵᠠᠰᠠᠭ ᠤᠨ | ᠣᠷᠣᠯᠭ᠎ᠠ ᠶᠢᠨ ᠨᠡᠮᠡᠭᠳᠡᠯ ᠬᠦᠴᠦ ᠮᠡᠬᠦᠰᠳᠡᠵᠦ ᠪᠠᠶᠢᠬᠤ ᠵᠡᠷᠭᠡ ᠠᠰᠠᠭᠤᠳᠠᠯ ᠮᠥᠨ ᠲᠣᠪᠣᠶᠢᠮ᠎ᠠ ᠣᠷᠣᠰᠢᠵᠤ ᠪᠠᠶᠢᠨ᠎ᠠ | ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠬᠦᠷᠦᠯᠴᠡᠬᠦ ᠦᠭᠡᠢ᠂ ᠢᠯᠠᠩᠭᠤᠶ᠎ᠠ ᠳᠤᠮᠳᠠ ᠵᠢᠵᠢᠭ ᠠᠵᠤ | ᠠᠬᠤᠶᠢᠯᠠᠯ ᠤᠨ ᠬᠥᠭᠵᠢᠯᠲᠡ ᠨᠡᠯᠢᠶᠡᠳ ᠬᠦᠴᠢᠷᠳᠡᠯ ᠲᠠᠢ ᠪᠠᠶᠢᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ | ᠠᠷᠠᠳ ᠤᠨ ᠡᠵᠡᠩᠨᠡᠭᠰᠡᠨ ᠠᠵᠤ ᠠᠬᠤᠢ ᠶᠢᠨ ᠠᠮᠢᠳᠤᠯᠢᠭ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ | ᠴᠢᠬᠤᠯᠠᠲᠠᠢ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ ᠴᠥᠭᠡᠨ ᠪᠤᠰᠤ ᠥᠷᠢᠲᠦᠵᠦ᠂ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ ᠵᠡᠷᠭᠡ ᠰᠢᠯᠢᠳᠡᠭ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠨᠢ ᠤᠯᠠᠨ ᠲᠦᠮᠡᠨ ᠤ ᠬᠡᠷᠡᠭᠴᠡᠭᠡ ᠲᠠᠢ ᠮᠥᠨ ᠯᠡ ᠨᠡᠯᠢᠶᠡᠳ ᠶᠡᠭᠡ ᠵᠥᠷᠢᠶ᠎ᠡ ᠲᠠᠢ | ᠪᠠᠶᠢᠨ᠎ᠠ︔ ᠰᠢᠨ᠎ᠡ ᠶᠢ ᠡᠭᠦᠳᠬᠦ ᠤᠬᠠᠮᠰᠠᠷ ᠴᠢᠩᠭ᠎ᠠ ᠪᠢᠰᠢ᠂ ᠵᠠᠰᠠᠭ ᠤᠨ ᠣᠷᠳᠣᠨ ᠤ ᠰᠢᠰᠲ᠋ᠧᠮ ᠤᠨ ᠣᠨᠴᠠ ᠵᠠᠷᠢᠮ | ᠰᠠᠯᠠᠭ᠎ᠠ ᠮᠥᠴᠢᠷ ᠵᠠᠬ᠎ᠠ ᠳᠡᠯᠭᠡᠭᠦᠷᠴᠢᠯᠡᠬᠦ ᠤᠬᠠᠮᠰᠠᠷ ᠢᠶᠠᠷ ᠳᠤᠲᠠᠮᠠᠭ ᠪᠠᠶᠢᠵᠤ᠂ ᠬᠥᠭᠵᠢᠯᠲᠡ ᠶᠢᠨ ᠳᠤᠮᠳᠠᠬᠢ | ᠥᠷᠢᠰᠦᠯᠳᠦᠭᠡᠨ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠤᠯᠠᠨ ᠪᠢᠰᠢ ᠪᠠᠶᠢᠨ᠎ᠠ᠃ ᠪᠢᠳᠡ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨ ᠬᠦ | ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠦᠷᠭᠡᠨ ᠰᠢᠢᠳᠪᠦᠷᠢᠯᠡᠨ᠎ᠡ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠮᠥᠨ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ | ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠱᠤᠭᠤᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ | ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ | ᠪᠣᠯᠣᠨ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ | ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠰᠢᠨ᠎ᠡ ᠵᠠᠮ ᠢᠶᠠᠷ ᠵᠠᠮᠨᠠᠵᠤ᠂ ᠣᠷᠣᠨ ᠲᠠᠪᠰᠢᠯᠳᠠ ᠶᠢ | ᠲᠡᠮᠡᠴᠡᠨ ᠣᠯᠵᠤ᠂ ᠦᠨᠳᠦᠰᠦᠲᠡᠨ ᠤ ᠪᠦᠯᠬᠦᠮᠳᠡᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠡᠷᠢᠯᠬᠢᠯᠡᠵᠦ᠂ ᠬᠤᠳᠠ ᠶᠢᠨ ᠰᠢᠨᠡᠴᠢᠯᠡᠯᠲᠡ ᠶᠢ ᠠᠳᠬᠤᠵᠤ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠨᠡᠮᠡᠭᠳᠡᠭᠦᠯᠵᠦ᠂ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ︽ᠨᠢᠭᠡ ᠲᠤᠭᠤᠷᠢᠭ ᠨᠢᠭᠡ ᠪᠦᠰᠡ︾ | ᠳᠤ ᠰᠠᠭᠤᠷᠢᠯᠠᠵᠤ᠂ ︽ᠲᠦᠷᠪᠡᠨ ᠲᠤᠭᠤᠷᠢᠭ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠭᠤᠷᠢᠭ ᠤᠨ | ᠲᠥᠪ ᠤᠨ ᠣᠳᠣᠬᠢᠴᠢᠯᠠᠭᠰᠠᠨ ᠬᠡᠷᠡᠭᠯᠡᠭᠡᠨ ᠤ ᠲᠥᠪ ᠢ ᠪᠠᠶᠢᠭᠤᠯᠤᠨ᠎ᠠ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 8% ᠣᠷᠴᠢᠮ ᠢᠶᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 10% ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 18% ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠪᠦᠬᠦ ᠲᠤᠭ᠎ᠠ ᠶᠢ 12% ᠣᠷᠴᠢᠮ ᠢᠶᠠᠷ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 6% | ᠣᠷᠴᠢᠮ ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 6.5% ᠣᠷᠴᠢᠮ ᠢᠶᠠᠷ ᠨᠡᠮᠡᠭᠳᠡᠭᠦᠯᠦᠨ᠎ᠡ᠃ ᠮᠠᠨ ᠤ ᠬᠤᠲᠠ ᠶᠢᠨ ᠪᠠᠭᠤᠯᠭᠠᠭᠰᠠᠨ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ | ᠦᠨᠡᠨ ᠪᠣᠳᠠᠲᠠᠢ ᠠᠵᠢᠯᠯᠠᠵᠤ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ ᠢᠶᠠᠨ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ | ᠵᠦᠢᠯ ᠤᠨ ᠠᠵᠢᠯ ᠤᠨ ᠳᠤᠮᠳᠠ ᠪᠠᠨ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠯᠢᠪᠠ ᠠᠰᠢᠭᠲᠠᠢ ᠴᠠᠭ ᠲᠣᠬᠢᠶᠠᠯ ᠢ | ᠠᠮᠵᠢᠨ᠂ ᠠᠯᠢᠪᠠ ᠠᠰᠢᠭᠲᠠᠢ ᠨᠥᠬᠦᠴᠡᠯ ᠢ ᠠᠰᠢᠭᠯᠠᠨ᠂ ᠡᠷᠡᠰ ᠭᠤᠶᠢᠪᠢᠰᠢ ᠦᠭᠡᠢ ᠪᠠᠷ ᠬᠥᠭᠵᠢᠭᠦᠯᠬᠦ ᠪᠠᠷ ᠴᠢᠷᠮᠠᠶᠢᠵᠤ᠂ | ᠪᠤᠰᠢᠭᠤ ᠱᠠᠯᠠᠮᠠᠭᠠᠢ ᠪᠠᠷ ᠬᠡᠷᠡᠭᠵᠢᠭᠦᠯᠬᠦ ᠶᠢ ᠠᠳᠬᠤᠬᠤ ᠬᠡᠷᠡᠭᠲᠡᠢ᠃ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠨ᠎ᠡ᠃ | ︵ᠨᠢᠭᠡ︶ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠭᠦᠷ ᠢ ᠬᠦᠴᠦᠯᠡᠨ ᠴᠣᠭᠴᠠᠯᠠᠨ᠎ᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠰᠠᠨᠠᠯ︾ ᠤᠨ ᠠᠵᠠ ᠲᠣᠬᠢᠶᠠᠯ ᠢ ᠠᠳᠬᠤᠵᠤ᠂ ᠲᠥᠷᠥ ᠶᠢᠨ ᠪᠣᠳᠣᠯᠭ᠎ᠠ ᠪᠠᠷ ᠳᠡᠮᠵᠢᠵᠦ ᠬᠥᠲᠥᠯᠥᠨ | ᠵᠢᠯᠤᠭᠤᠳᠬᠤ ᠶᠢ ᠴᠢᠩᠭᠠᠷᠠᠭᠤᠯᠤᠨ᠂ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠶᠢᠨ ᠳᠠᠯᠳᠠ ᠬᠦᠴᠦᠨ ᠢ ᠠᠭᠤᠳᠠᠯᠵᠤ᠂ | ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠨᠡᠮᠡᠭᠳᠡᠭᠦᠯᠦᠨ᠎ᠡ᠃ | ᠪᠡᠯᠡ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠥᠷᠭᠡᠳᠬᠡᠨ᠎ᠡ᠃ ︽ᠲᠦᠮᠡᠨ ᠳ᠋ᠦᠩᠰᠢᠭᠤᠷ ᠤᠨ | ᠤᠯᠤᠰ ᠤᠨ ᠵᠢᠭᠡᠯᠡᠯᠭᠡ︾ ᠶᠢ ᠴᠢᠩᠭ᠎ᠠ ᠠᠩᠬᠠᠷᠴᠤ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ᠂ ᠦᠶᠡᠷ ᠢ | ᠰᠡᠷᠭᠡᠶᠢᠯᠡᠬᠦ ᠪᠠᠷᠢᠯᠭ᠎ᠠ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠤᠨ ᠨᠢᠭᠡ ᠪᠦᠯᠦᠭ | ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠪᠣᠭᠤᠳᠠᠯᠯᠠᠨ᠎ᠠ᠃ ᠳ᠋ᠧ ᠲᠦᠩ ᠶᠦᠨ ᠵᠥᠩ ᠹᠦ᠋ ᠵᠡᠷᠭᠡ | ᠶᠡᠷᠦᠩᠬᠡᠢ ᠪᠡᠯᠡ ᠣᠷᠣᠭᠤᠯᠤᠯᠲᠠ ᠨᠢ 166 ᠳ᠋ᠦᠩᠰᠢᠭᠤᠷ ᠲᠥᠭᠦᠷᠢᠭ ᠲᠤ ᠬᠦᠷᠦᠭᠰᠡᠨ 500 ᠲᠦᠮᠡᠨ | ᠲᠥᠭᠦᠷᠢᠭ ᠠᠴᠠ ᠳᠡᠭᠡᠭᠰᠢᠬᠢ 76 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠣᠨ ᠳᠤ | 40 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠷᠳᠣ ᠬᠤᠭᠤᠴᠠᠭᠠᠨ ᠤ | ᠳᠠᠮᠵᠢᠭᠤᠯᠬᠤ ᠬᠤᠭᠤᠯᠠᠢ ᠶᠢᠨ ᠲᠣᠣᠷ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠳᠡᠮᠵᠢᠪᠡ᠃ | ᠹᠧᠩ ᠶᠤᠸᠠᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ | ᠶᠡᠷᠦᠩᠬᠡᠢ ᠵᠠᠬᠢᠷᠭ᠎ᠠ ᠶᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠤᠮᠠᠷᠠᠲᠤ ᠶᠢᠨ ᠠᠷᠠᠯᠵᠢᠶᠠᠨ ᠤ | ᠭᠠᠵᠠᠷ ᠲᠤ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠵᠥᠩ ᠬᠤᠸᠠᠨ ᠠᠵᠤ ᠦᠢᠯᠡᠳᠪᠦᠷᠢ ᠠᠷᠠᠯᠵᠢᠶ᠎ᠠ ᠶᠢᠨ | ᠰᠢᠨ᠎ᠡ ᠭᠤᠷᠪᠠᠳᠤᠭᠠᠷ ᠰᠠᠮᠪᠠᠷ᠎ᠠ ᠳᠤ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃ ︽ᠨᠢᠰᠦᠮᠡᠯ ᠭᠠᠵᠠᠷ ᠤᠨ ᠠᠵᠤ | ᠠᠬᠤᠢ︾ ᠶᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢ ᠠᠭᠤᠰᠤᠯᠴᠠᠭᠤᠯᠤᠨ ᠪᠠᠲᠤᠯᠠᠬᠤ ᠵᠡᠷᠭᠡ | ᠨᠢᠭᠡ ᠪᠦᠯᠦᠭ ᠳᠡᠭᠡᠳᠦ ᠰᠢᠨ᠎ᠡ ᠠᠵᠤ ᠠᠬᠤᠶᠢᠯᠠᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠤᠳᠠᠯᠳᠤᠭᠠᠴᠢᠨ ᠤᠷᠢᠬᠤ ᠶᠢ ᠠᠳᠬᠤᠨ᠎ᠠ᠃ ︽ᠳᠥᠷᠪᠡᠨ | ᠶᠡᠭᠡ ᠠᠵᠤ ᠦᠢᠯᠡᠰ ᠤᠨ ᠪᠦᠯᠦᠭᠯᠡᠯ︾ ᠤᠨ ᠲᠣᠭᠤᠷᠢᠨ ᠳᠤ᠂ ᠪᠦᠬᠦᠯᠢ ᠬᠡᠯᠬᠢᠶᠡᠰᠦ ᠪᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠨᠢᠭᠡ ᠪᠦᠯᠦᠭ ᠲᠥᠪ | ᠥᠰᠥᠭ ᠤᠨ ᠲᠦᠷᠦᠭᠦᠸ᠂ ᠤᠯᠤᠰ ᠤᠨ ᠨᠠᠷᠠᠲᠤ ᠲᠡᠮᠳᠡᠭᠲᠦ᠂ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ᠂ | ᠶᠡᠷᠦᠩᠬᠡᠢ ᠬᠡᠯᠲᠡᠰ ᠤᠨ ᠠᠵᠤ ᠠᠬᠤᠢ ᠪᠠ ᠳ᠋ᠦᠩᠨᠡᠨ ᠪᠤᠳᠤᠬᠤ ᠲᠥᠪ ᠢ ᠣᠷᠣᠭᠤᠯᠤᠨ ᠠᠪᠴᠢᠷᠠᠨ᠎ᠠ᠃ ᠪᠥᠬᠦ ᠵᠢᠯ ᠳᠤ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 20 ᠨᠠᠶᠢᠳᠠᠪᠤᠷᠢᠵᠢᠭᠤᠯᠵᠤ᠂ ᠨᠡᠶᠢᠲᠡ 30 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ ᠾᠧᠨᠠᠨ ᠭᠤᠸᠠᠨ ᠴᠤᠤ᠂ ᠳ᠋ᠧ ᠲᠦᠩ | ᠡᠨᠧᠷᠭᠢ ᠶᠢᠨ ᠰᠤᠷᠪᠤᠯᠵᠢ ᠵᠡᠷᠭᠡ 80 ᠭᠡᠷ᠎ᠡ ᠲᠣᠭᠲᠠᠭᠰᠠᠨ ᠵᠦᠢᠯᠡᠰ ᠤᠨ ᠠᠰᠢᠭᠯᠠᠯᠲᠠ ᠳᠤ ᠣᠷᠣᠵᠤ ᠦᠷ᠎ᠡ | ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠬᠠᠷᠢᠶᠠᠲᠤ | ᠰᠤᠷᠭᠠᠭᠤᠯᠢ ᠶᠢᠨ ᠡᠷᠬᠢᠨ ᠲᠣᠭᠤᠷᠢᠨ᠂ ᠤᠤᠯ ᠤᠨ ᠭᠠᠯ ᠤᠨᠲᠠᠷᠠᠭᠠᠬᠤ ᠵᠢᠭᠠᠨ ᠰᠤᠷᠭᠠᠬᠤ ᠶᠡᠭᠡ ᠠᠩᠭᠢ ᠵᠡᠷᠭᠡ | 10642 ᠮᠦ ᠭᠠᠵᠠᠷ ᠰᠢᠷᠣᠢ ᠶᠢ ᠫᠠᠶᠢᠰᠠ ᠡᠯᠭᠦᠨ ᠰᠢᠯᠵᠢᠭᠦᠯᠦᠨ ᠥᠭᠬᠦ ᠶᠢ ᠲᠦᠯᠬᠢᠨ ᠠᠬᠢᠭᠤᠯᠵᠤ᠂ ᠣᠷᠣᠨ | ᠪᠦᠰᠡ ᠶᠢᠨ ᠬᠥᠭᠵᠢᠯᠲᠡ ᠶᠢᠨ ᠲᠠᠯᠳᠠ ᠬᠦᠴᠦᠨ ᠢ ᠪᠠᠳᠠᠷᠠᠭᠤᠯᠪᠠ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠬᠢᠭᠤᠯᠤᠨ᠎ᠠ᠃ ᠤᠯᠠᠮᠵᠢᠯᠠᠯᠲᠤ | ᠬᠡᠷᠡᠭᠯᠡᠭᠡ ᠶᠢ ᠦᠷᠭᠦᠯᠵᠢᠯᠡᠨ ᠥᠷᠭᠡᠳᠬᠡᠵᠦ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠵᠠᠭᠠᠶᠢᠷᠠᠭᠤᠯᠤᠨ᠎ᠠ᠃ ᠠᠷᠠᠳ ᠲᠤ | ᠠᠰᠢᠭ ᠬᠦᠷᠲᠡᠭᠡᠬᠦ ᠪᠠᠶᠠᠷ ᠤᠨ ᠡᠳᠦᠷ᠂ ᠫᠢᠸᠤ᠋ ᠶᠢᠨ ᠳᠠᠭᠤᠤ ᠬᠥᠭᠵᠢᠮ ᠤᠨ ᠨᠠᠶᠢᠷ᠂ ᠵᠤᠨ ᠤ ᠠᠮᠠᠷᠠᠯᠲᠠ ᠶᠢᠨ ᠨᠠᠶᠢᠷ | ᠵᠡᠷᠭᠡ ᠰᠢᠷᠢᠰ ᠠᠵᠢᠯᠯᠠᠭ᠎ᠠ ᠶᠢ ᠡᠷᠭᠢᠯᠡᠵᠦ᠂ ᠰᠢᠨᠬᠤᠸᠠ MALL᠂ ᠵᠧᠨ ᠬᠤᠸᠠ ᠲᠠᠯᠠᠪᠠᠶ᠂ ᠲᠢᠶᠠᠨ ᠶᠤᠸᠠᠨ ᠵᠡᠷᠭᠡ | ᠬᠤᠳᠠᠯᠳᠤᠭᠠᠨ ᠤ ᠲᠠᠯᠠᠪᠤᠷ ᠤᠨ ᠣᠨᠳᠣᠣ ᠠᠵᠢᠯ ᠦᠢᠯᠡᠰ ᠤᠨ ᠬᠤᠯᠪᠣᠭᠠᠯᠠᠯ ᠢ ᠡᠮᠬᠢᠯᠡᠨ ᠨᠡᠶᠢᠯᠡᠭᠦᠯᠵᠦ᠂ ᠣᠷᠣᠨ ᠤ | ᠲᠥᠪ ᠣᠷᠣᠨ ᠪᠦᠰᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠡᠷᠭᠢᠯᠲᠡ ᠶᠢᠨ | ᠭᠤᠳᠤᠮᠵᠢ᠂ ᠥᠷᠭᠡᠨ ᠭᠤᠳᠤᠮᠵᠢ ᠪᠠᠷ ᠭᠤᠣᠯ ᠪᠣᠯᠭᠠᠨ ︽ᠰᠥᠨᠢ ᠶᠢᠨ ᠠᠵᠤ ᠠᠬᠤᠢ︾ ᠶᠢᠨ ᠴᠤᠭᠯᠠᠷᠠᠯ ᠤᠨ ᠣᠷᠣᠨ ᠢ | ᠪᠠᠶᠢᠭᠤᠯᠵᠤ᠂ ᠵᠦᠩᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠲᠤ ︽ᠤᠯᠤᠰ ᠤᠨ ᠲᠡᠰ ᠤᠨ ᠰᠥᠨᠢ ᠶᠢᠨ | ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠣᠷᠣᠨ︾ ᠢ ᠭᠤᠶᠤᠴᠢᠯᠠᠨ ᠮᠡᠳᠡᠭᠦᠯᠦᠨ᠎ᠡ᠃ ᠠᠵᠤ | ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠭᠤᠰᠤᠯᠴᠠᠨ ᠬᠥᠭᠵᠢᠬᠦ ᠶᠢ | ᠬᠥᠲᠥᠯᠥᠨ ᠵᠢᠯᠤᠭᠤᠳᠴᠤ᠂ ᠰᠦᠯᠵᠢᠶᠡᠨ ᠤ ᠵᠢᠵᠢᠭᠯᠡᠨ ᠬᠤᠳᠠᠯᠳᠤᠬᠤ ᠳᠡᠭᠡᠳᠦ ᠬᠤᠷᠳᠤᠴᠠ ᠪᠠᠷ ᠨᠡᠮᠡᠭᠳᠡᠬᠦ ᠶᠢ | ᠪᠠᠲᠤᠯᠠᠨ᠎ᠠ᠃ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ᠂ ᠭᠡᠷ ᠤᠨ ᠶᠠᠪᠤᠳᠠᠯ ᠤᠨ ᠦᠢᠯᠡᠴᠢᠯᠡᠭᠡ᠂ ᠤᠯᠤᠰ ᠤᠨ | ᠪᠠᠷᠠᠭᠠᠨ ᠤ ︽ᠴᠢᠭᠢᠭᠲᠦ ᠡᠳ᠋︾ ᠵᠡᠷᠭᠡ ᠣᠯᠠᠨ ᠡᠰᠢᠲᠦ ᠦᠢᠯᠡᠳᠬᠦᠨ ᠤ ᠬᠠᠩᠭᠠᠯᠭ᠎ᠠ ᠶᠢ ᠶᠡᠬᠡᠪᠡᠷ ᠠᠬᠢᠭᠤᠯᠵᠤ᠂ | ᠨᠠᠰᠤᠵᠢᠯ ᠤᠨ ᠠᠰᠠᠷᠠᠮᠵᠢ ᠡᠮᠴᠢᠯᠡᠭᠡ᠂ ᠰᠢᠨ᠎ᠡ ᠬᠤᠲᠠ ᠶᠢᠨ ᠠᠷᠠᠳ ᠤᠨ ᠬᠠᠮᠲᠤᠯᠢᠭ ᠵᠡᠷᠭᠡ ᠰᠢᠨ᠎ᠡ ᠬᠡᠷᠡᠭᠯᠡᠭᠡᠨ ᠤ | ᠳᠠᠯᠳᠠ ᠬᠦᠴᠦᠨ ᠢ ᠬᠥᠭᠵᠢᠭᠡᠨ᠎ᠡ᠃ ᠵᠢᠢ ᠬᠤ ᠮᠠᠰᠢᠨ ᠲᠡᠷᠭᠡ᠂ ᠹᠧᠢ ᠯᠧ ᠬᠤᠰᠢᠭᠤᠴᠢ ᠳᠡᠯᠭᠡᠭᠦᠷ ᠵᠡᠷᠭᠡ 9 ᠨᠠᠷᠠᠲᠤ | ᠲᠡᠮᠳᠡᠭᠲᠦ ᠶᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠠᠩᠬᠠᠨ ᠤ ᠳᠡᠯᠭᠡᠭᠦᠷ ᠲᠤ ᠭᠤᠶᠤᠴᠢᠯᠠᠨ | ᠮᠡᠳᠡᠭᠦᠯᠬᠦ ᠶᠢ ᠠᠬᠢᠭᠤᠯᠵᠤ᠂ ᠪᠥᠬᠦ ᠤᠯᠤᠰ ᠲᠤ ᠬᠠᠨᠳᠤᠭᠤᠯᠤᠭᠰᠠᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ | ᠪᠦᠬᠦ ᠬᠦᠴᠦᠨ ᠢᠶᠠᠨ ᠰᠢᠪᠬᠠᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠦᠨᠡᠨᠴᠢ ᠢᠲᠡᠭᠡᠮᠵᠢᠲᠡᠢ | ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠪᠦᠬᠦ ᠤᠯᠤᠰ ᠤᠨ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ︾ ᠶᠢ ᠡᠭᠦᠳᠦᠨ ᠪᠠᠶᠢᠭᠤᠯᠬᠤ | ᠠᠵᠢᠯ ᠢ ᠥᠷᠨᠢᠭᠦᠯᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ᠂ ᠢᠲᠡᠭᠡᠮᠵᠢ ᠲᠠᠢ ᠪᠠᠶᠢᠬᠤ ᠶᠢ ᠲᠦᠷᠦᠭᠦᠯᠡᠨ | ᠡᠷᠬᠢᠮᠯᠡᠬᠦ ᠳᠦᠷᠢ ᠲᠥᠷᠬᠦ ᠶᠢ ᠪᠤᠢ ᠪᠣᠯᠭᠠᠨ᠎ᠠ᠃ ᠪᠡᠯᠡ ᠮᠥᠩᠭᠦ ᠡᠷᠢᠬᠦ᠂ ᠲᠦᠭᠦᠬᠡᠢ ᠮᠠᠲ᠋ᠧᠷᠢᠶᠠᠯ ᠡᠷᠢᠬᠦ᠂ ᠠᠵᠢᠯᠴᠢᠨ | ᠬᠡᠷᠡᠭᠯᠡᠬᠦ᠂ ᠵᠠᠬ᠎ᠠ ᠳᠡᠯᠭᠡᠭᠦᠷ ᠡᠷᠢᠬᠦ ︽ᠳᠥᠷᠪᠡ ᠶᠢ ᠡᠷᠢᠬᠦ ᠠᠵᠢᠯᠯᠠᠭ᠎ᠠ︾ ᠶᠢ ᠬᠦᠴᠦᠯᠡᠨ ᠥᠷᠨᠢᠭᠦᠯᠵᠦ᠂ ᠨᠠ ᠱᠦᠨ | ᠪᠦᠯᠦᠭᠯᠡᠯ᠂ ᠵᠥᠩ ᠬᠤᠸᠠᠨ ᠠᠵᠤ ᠦᠢᠯᠡᠳᠪᠦᠷᠢ ᠠᠷᠠᠯᠵᠢᠶ᠎ᠠ ᠶᠢᠨ ᠬᠤᠯᠪᠤᠭᠠᠯᠠᠨ ᠬᠥᠭᠵᠢᠬᠦ ᠶᠢ ᠳᠡᠮᠵᠢᠵᠦ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ᠂ ᠡᠵᠡᠩᠨᠡᠯᠲᠡ ᠪᠠᠨ ᠴᠢᠩᠭᠠᠳᠬᠠᠬᠤ ᠳᠤ ᠬᠦᠴᠦᠨ | ᠨᠡᠮᠡᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠬᠤ 433 ᠵᠦᠢᠯ ᠤᠨ ᠵᠠᠰᠠᠭ ᠤᠨ | ᠶᠠᠪᠤᠳᠠᠯ ᠤᠨ ᠵᠦᠢᠯᠡᠰ ᠢ ᠶᠡᠷᠦᠩᠬᠡᠶᠢᠯᠡᠨ ᠲᠥᠷᠥᠯ ᠬᠤᠪᠢᠶᠠᠵᠤ ︽ᠵᠥᠷᠢᠶ᠎ᠡ ᠦᠭᠡᠢ︾ ᠭᠥᠯᠢᠶᠡᠨ ᠠᠪᠴᠤ | ᠰᠢᠢᠳᠪᠦᠷᠢᠯᠡᠬᠦ ᠶᠢ ᠬᠡᠷᠡᠭᠵᠢᠭᠦᠯᠵᠦ᠂ 1096 ᠵᠦᠢᠯ ᠤᠨ ᠵᠠᠰᠠᠭ ᠤᠨ ᠶᠠᠪᠤᠳᠠᠯ ᠤᠨ ᠵᠦᠢᠯᠡᠰ ᠤᠨ ᠴᠤᠪᠤᠷᠠᠯ ᠢ ᠳᠠᠬᠢᠨ | ᠵᠣᠬᠢᠶᠠᠬᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠂ ᠥᠪᠡᠷ ᠤᠨ ᠥᠷᠲᠡᠭ ᠢᠶᠠᠷ ᠬᠠᠮᠤᠭ ᠤᠨ | ᠳᠣᠣᠷ᠎ᠠ᠂ ᠠᠵᠢᠯ ᠶᠠᠪᠤᠳᠠᠯ ᠭᠦᠢᠴᠡᠳᠬᠡᠬᠦ ᠪᠠᠷ ᠬᠠᠮᠤᠭ ᠤᠨ ᠲᠦᠷᠭᠡᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃ ︽ᠲᠠᠪᠤᠨ ᠶᠡᠭᠡ ᠡᠬᠢᠯᠡᠯᠲᠡ︾ ᠶᠢᠨ ᠠᠵᠢᠯᠯᠠᠭ᠎ᠠ ᠶᠢ ᠭᠦᠨᠵᠡᠭᠡᠢ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ | ᠪᠠᠶᠢᠭᠤᠯᠵᠤ᠂ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ | ︵ᠬᠤᠶᠠᠷ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠬᠤ ᠰᠢᠨ᠎ᠡ ᠦᠯᠢᠭᠡᠷ ᠳᠠᠭᠤᠷᠢᠶᠠᠯ ᠢ ᠬᠦᠴᠦᠯᠡᠨ ᠪᠤᠢ ᠪᠣᠯᠭᠠᠨ᠎ᠠ | ᠠᠵᠤ ᠦᠢᠯᠡᠰ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠪᠠ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠲᠡ ᠶᠢᠨ ᠪᠠᠶᠢᠷᠢᠰᠢᠯ ᠤᠨ ᠲᠠᠯ᠎ᠠ ᠪᠠᠷ ᠰᠢᠨ᠎ᠡ ᠵᠠᠮ ᠢ ᠴᠢᠷᠮᠠᠶᠢᠨ ᠨᠡᠭᠡᠭᠡᠵᠦ᠂ ᠬᠤᠳᠣᠩ | ᠠᠷᠠᠳ ᠤᠨ ᠲᠣᠭᠤᠷᠢᠭ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠲᠦᠷᠭᠡᠪᠴᠢᠯᠡᠨ ᠪᠠᠶᠢᠭᠤᠯᠤᠨ᠎ᠠ᠃ | ᠠᠷᠠᠯᠵᠢᠶ᠎ᠠ ᠬᠤᠳᠠᠯᠳᠤᠭᠠᠨ ᠤ ᠠᠵᠤ ᠦᠢᠯᠡᠰ ᠤᠨ ᠣᠯᠠᠨ ᠡᠰᠢᠲᠦ ᠶᠠᠰᠤ ᠴᠢᠨᠠᠷ ᠢ ᠳᠡᠭᠡᠭᠰᠢᠯᠠᠭᠦᠯᠦᠨᠡ᠃ | ᠵᠦᠩᠱᠠᠨ ᠪᠠᠷᠠᠭᠤᠨ ᠵᠠᠮ ᠤᠨ ᠬᠤᠳᠠᠯᠳᠤᠭᠠᠨ ᠤ ᠬᠦᠷᠢᠶᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠠᠶᠢᠷᠢᠰᠢᠭᠤᠯᠵᠤ᠂ ᠰᠢᠨ᠎ᠡ ᠪᠠᠶᠢᠳᠠᠯ ᠢ ᠪᠤᠢ ᠪᠣᠯᠭᠠᠵᠤ᠂ ᠰᠢᠨ᠎ᠡ ᠥᠩᠭᠡᠷᠡᠯᠲᠡ ᠶᠢ ᠪᠡᠶᠡᠯᠡᠭᠦᠯᠵᠦ᠂ ᠤᠯᠠᠨ ᠨᠡᠶᠢᠲᠡ ᠶᠢᠨ | ᠡᠬᠢ ᠪᠠᠶᠠᠯᠢᠭ ᠤᠨ ︽ᠵᠢᠵᠢᠭ ᠲᠠᠪᠴᠠᠩ︾ ᠢ ᠠᠮᠢᠳᠤᠯᠢᠭ ᠪᠣᠯᠭᠠᠬᠤ ᠪᠠᠷ ᠨᠡᠶᠢᠭᠡᠮ ᠤᠨ ᠬᠥᠷᠥᠩᠭᠡ ᠶᠢᠨ ︽ᠲᠣᠮᠣ ᠵᠠᠬ᠎ᠠ | ᠳᠡᠯᠭᠡᠭᠦᠷ︾ ᠢ ᠲᠠᠶᠢᠴᠢᠯᠠᠨ᠎ᠠ᠃ ᠮᠠᠨᠳᠠ ᠶᠢᠨ U ᠬᠡᠯᠪᠡᠷᠢᠲᠦ ᠭᠤᠳᠤᠮᠵᠢ᠂ ᠬᠤᠸᠠᠱᠧᠩ ᠪᠠᠯᠭᠠᠰᠤᠨ ᠤ | ᠬᠤᠳᠠᠯᠳᠤᠭᠠᠨ ᠤ ᠵᠡᠭᠡᠯᠢ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ ︽ᠠᠷᠤ ᠵᠡᠭᠡᠯᠢ ᠶᠢᠨ ᠠᠵᠤ ᠠᠬᠤᠢ︾ ᠶᠢ | ᠶᠡᠬᠡᠪᠡᠷ ᠬᠥᠭᠵᠢᠭᠦᠯᠦᠨ᠂ ᠮᠣᠣ ᠶᠧ ᠬᠤᠳᠠᠯᠳᠤᠭᠠᠨ ᠤ ᠲᠥᠪ ᠢ ᠥᠭᠡᠷᠡᠴᠢᠯᠡᠨ ᠲᠠᠰ ᠳᠡᠪᠰᠢᠭᠦᠯᠬᠦ ᠶᠢ ᠪᠡᠶᠡᠯᠡᠭᠦᠯᠵᠦ᠂ | ᠵᠦ ᠪᠢᠩ ᠷᠧᠨ·ᠲᠦᠩ ᠮᠦᠽᠧᠢ᠂ ᠬᠠᠶᠢᠷᠴᠠᠭᠲᠤ ᠮᠠ ᠰᠢᠶᠠᠨ ᠱᠧᠩ ᠵᠡᠷᠭᠡ ᠨᠠᠷᠠᠲᠤ ᠲᠥᠷᠥᠯ ᠲᠡᠮᠳᠡᠭᠲᠦ ᠶᠢᠨ | ᠣᠷᠣᠵᠤ ᠰᠠᠭᠤᠬᠤ ᠶᠢ ᠠᠬᠢᠭᠤᠯᠤᠨ᠂ AI ᠶᠢᠨ ᠪᠣᠳᠠᠲᠤ ᠴᠣᠭᠴᠠᠲᠤ ᠬᠤᠳᠠᠯᠳᠤᠭ᠎ᠠ ᠪᠠ ᠡᠯᠧᠺᠲᠷᠣᠨ | ᠬᠤᠳᠠᠯᠳᠤᠭᠠᠨ ᠤ ᠠᠵᠤ ᠠᠬᠤᠢ ᠳᠤ ᠠᠭᠤᠰᠤᠯᠴᠠᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠶᠢᠨ | ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠣᠨᠴᠠᠯᠢᠭᠲᠤ ᠬᠤᠳᠠᠯᠳᠤᠭᠠᠨ ᠤ ᠴᠤᠭᠯᠠᠷᠠᠯ ᠤᠨ | ᠲᠣᠭᠤᠷᠢᠭ︾ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠨ᠎ᠡ᠃ ᠬᠠᠶᠢᠰᠢ ᠵᠠᠮ ᠤᠨ ᠬᠤᠳᠠᠯᠳᠤᠭᠠᠨ ᠤ ᠲᠣᠭᠤᠷᠢᠭ ᠤᠨ | ᠬᠢᠨ ᠮᠠᠰᠢᠨ ᠲᠡᠷᠭᠡᠨ ᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᡁᠢ ᠵᠢᠢ᠂ ᠹᠧᠩ ᠰᠢᠩ ᠵᠡᠷᠭᠡ 5 | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠠᠷᠠᠲᠤ ᠲᠥᠷᠥᠯ ᠲᠡᠮᠳᠡᠭᠲᠦ ᠶᠢ ᠣᠷᠣᠭᠤᠯᠤᠨ ᠠᠪᠴᠢᠷᠠᠵᠤ᠂ ᠶᠢᠨ ᠬᠠᠢ | ᠵᠠᠮ ᠤᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠ ᠭᠡᠷ ᠤᠨ ᠭᠠᠳᠠᠨᠠᠬᠢ ᠳᠡᠯᠭᠡᠨ | ᠪᠣᠷᠣᠯᠠᠭᠤᠯᠬᠤ ᠲᠥᠪ ᠢ ᠪᠠᠶᠢᠭᠤᠯᠤᠨ᠂ 4 ᠲᠠᠯᠠᠪᠠᠶ ᠠᠴᠠ ᠳᠡᠭᠡᠭᠰᠢᠬᠢ ᠭᠤᠣᠯ ᠰᠡᠳᠦᠪᠲᠦ ᠮᠠᠰᠢᠨ ᠲᠡᠷᠭᠡᠨ ᠤ | ᠦᠵᠡᠭᠦᠯᠦᠯᠭᠡ ᠶᠢ ᠥᠷᠨᠢᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠬᠢᠭᠡᠳ ᠶᠡᠷᠦᠩᠬᠡᠶᠢᠯᠡᠭᠰᠡᠨ | ᠪᠠᠲᠤᠯᠠᠭ᠎ᠠ ᠶᠢᠨ ᠣᠷᠣᠨ ᠤ ᠬᠠᠮᠲᠤᠷᠠᠨ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠨᠡᠭᠡᠭᠡᠨ | ᠬᠥᠭᠵᠢᠭᠦᠯᠬᠦ ᠶᠢ ᠲᠦᠯᠬᠢᠨ ᠠᠬᠢᠭᠤᠯᠵᠤ᠂ ᠮᠠᠰᠢᠨ ᠲᠡᠷᠭᠡᠨ ᠤ ᠠᠵᠤ ᠦᠢᠯᠡᠰ ᠵᠢᠴᠢ ᠬᠡᠯᠬᠢᠶᠡᠰᠦ ᠶᠢᠨ ᠠᠵᠢᠯ | ᠲᠥᠷᠥᠯ ᠤᠨ ᠵᠠᠬ᠎ᠠ ᠳᠡᠯᠭᠡᠭᠦᠷ ᠤᠨ ᠬᠤᠪᠢᠳᠠᠯ ᠢ ᠦᠷᠭᠦᠯᠵᠢᠯᠡᠨ ᠥᠷᠭᠡᠳᠬᠡᠵᠦ᠂ ︽ᠥᠪᠡᠷᠲᠡᠭᠡᠨ ᠵᠠᠰᠠᠬᠤ ᠣᠷᠣᠨ ᠤ | ᠮᠠᠰᠢᠨ ᠲᠡᠷᠭᠡᠨ ᠤ ᠠᠵᠤ ᠦᠢᠯᠡᠰ ᠤᠨ ᠰᠦᠷᠦᠭᠵᠢᠯ ᠤᠨ ᠵᠢᠱᠢᠶ᠎ᠡ ᠦᠵᠡᠭᠦᠯᠬᠦ ᠣᠷᠣᠨ︾ ᠢ ᠢᠳᠡᠪᠬᠢᠲᠡᠢ ᠪᠠᠷ | ᠭᠤᠶᠤᠴᠢᠯᠠᠨ ᠮᠡᠳᠡᠭᠦᠯᠦᠨ᠎ᠡ᠃ | ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠠᠩᠬᠠᠷᠤᠯ ᠲᠥᠪᠯᠡᠷᠡᠭᠦᠯᠦᠨ᠎ᠡ᠃ ︽ | ᠨᠢᠭᠡ ᠬᠥᠨᠳᠡᠯᠡᠨ ᠬᠤᠶᠠᠷ ᠭᠤᠯᠳᠤ ᠭᠤᠷᠪᠠᠨ ᠬᠡᠰᠡᠭ ᠣᠷᠣᠨ︾ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢᠨ | ᠲᠣᠭᠤᠷᠢᠨ ᠳᠤ᠂ ᠠᠮᠢ ᠠᠬᠤᠢ ᠶᠢᠨ ᠵᠠᠮ ᠤᠨ ᠬᠤᠶᠠᠷ ᠬᠠᠵᠠᠭᠤ ᠪᠠᠷ᠂ ᠬᠤᠸ ᠯᠠᠢ ᠭᠧᠦ ᠲᠣᠰᠬᠤᠨ ᠤ 44 | ᠬᠤᠭᠤᠰᠤᠨ ᠬᠦᠷᠢᠶ᠎ᠡ ᠪᠠ 1300 ᠮᠦ ᠴᠡᠴᠡᠷᠯᠢᠭ ᠢ ᠠᠮᠢᠯᠠᠭᠤᠯᠵᠤ᠂ ᠬᠤᠸᠠ ᠱᠣ ᠠᠷᠠᠳ ᠤᠨ ᠣᠷᠣᠨ ᠰᠠᠭᠤᠴᠠ | ᠪᠠ ᠹᠧᠩ ᠯᠢᠨ ᠳ᠋ᠦ᠋ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠥᠨᠳᠡᠢ ᠲᠣᠰᠬᠤᠨ ᠢ ᠵᠠᠰᠠᠬᠤ ᠵᠢᠱᠢᠶ᠎ᠡ | ᠦᠵᠡᠭᠦᠯᠬᠦ ᠵᠠᠭᠪᠤᠷ ᠢ ᠪᠣᠶ ᠪᠣᠯᠭᠠᠵᠤ᠂ ᠤᠰᠤᠲᠤ ᠶᠢᠨ ᠰᠢᠩ ᠬᠤᠸᠠ ᠬᠥ᠋ ᠲᠣᠰᠬᠤᠨ ᠢ ᠤᠯᠤᠰ ᠤᠨ 4A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠮᠡᠳᠡᠭᠦᠯᠬᠦ ᠶᠢ ᠠᠬᠢᠭᠤᠯᠤᠨ᠎ᠠ᠃ ᠬᠥᠬᠡᠬᠤᠲᠠ ᠠᠴᠠ ᠦᠴᠦᠸᠠᠨ ᠬᠦᠷᠬᠦ | ᠵᠠᠰᠠᠮᠠᠯ ᠵᠠᠮ ᠤᠨ ᠬᠤᠶᠠᠷ ᠬᠠᠵᠠᠭᠤ ᠪᠠᠷ᠂ ᠳ᠋ᠢᡁᠢ ᠶᠢᠨ ᠭᠦᠵᠡᠯᠵᠡᠭᠡᠨ᠎ᠡ ᠶᠢᠨ ᠤᠷᠭᠤᠮᠠᠯ ᠤᠨ ᠦᠢᠯᠡᠳᠪᠦᠷᠢ ᠵᠡᠷᠭᠡ 3 | ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠲᠡᠯᠡᠶ ᠲᠠᠩᠭᠢᠰ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠮᠤᠨᠢ | ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠶᠢᠨ ᠡᠷᠬᠢᠨ ᠲᠣᠭᠤᠷᠢᠨ ᠤ 27 | ᠬᠦᠷᠢᠶᠡᠯᠡᠩ ᠢ ᠡᠮᠬᠢᠯᠡᠨ ᠨᠡᠶᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠪᠠ ᠣᠨᠴᠠᠯᠢᠭᠲᠤ | ᠢᠳᠡᠭᠡᠨ ᠤᠮᠳᠠᠭᠠᠨ ᠢ ᠠᠭᠤᠰᠤᠯᠴᠠᠭᠤᠯᠤᠭᠰᠠᠨ ︽ᠥᠪᠥᠷ ᠮᠣᠩᠭᠤᠯ ᠤᠨ ᠠᠮᠲᠠ ᠰᠢᠮᠲᠡ ᠲᠠᠢ︾ ᠠᠮᠲᠠᠲᠤ ᠢᠳᠡᠭᠡᠨ ᠤ | ᠵᠡᠭᠡᠯᠢ ᠶᠢ ᠪᠦᠲᠦᠭᠡᠨ ᠪᠠᠶᠢᠭᠤᠯᠵᠤ᠂ ᠵᠢᠩ ᠡᠯ ᠯᠢᠶᠠᠩ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ | ᠮᠡᠳᠡᠭᠦᠯᠦᠯᠲᠡ ᠶᠢ ᠪᠡᠶᠡᠯᠡᠭᠦᠯᠵᠦ᠂ ᠥᠨᠳᠥᠷ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠤᠰᠤᠲᠤ ᠭᠤᠣᠯ ᠤᠨ ᠬᠤᠶᠠᠷ ᠡᠷᠭᠢ ᠪᠠᠷ᠂ ᠤᠰᠤᠨ ᠤ | ᠴᠡᠩᠭᠡᠯ ᠤᠨ ᠬᠦᠷᠢᠶᠡᠯᠡᠩ ᠤᠨ ᠲᠦᠷᠦᠯ ᠵᠦᠢᠯ ᠢ ᠠᠮᠢᠯᠠᠭᠤᠯᠵᠤ᠂ ᠬᠠᠯᠠᠭᠤᠨ ᠷᠠᠰᠢᠶᠠᠨ ᠤ ᠪᠠᠭᠤᠳᠠᠯ ᠵᠡᠷᠭᠡ ᠲᠦᠷᠦᠯ | ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠰᠣᠶᠣᠯ ᠤᠨ | ᠵᠢᠭᠤᠯᠴᠢᠯᠠᠯ ᠤᠨ ᠠᠵᠤ ᠦᠢᠯᠡᠰ ᠢ ᠪᠥᠬᠦ ᠴᠠᠷᠠᠭ᠎ᠠ ᠪᠠᠷ ᠢᠶᠠᠨ ᠲᠥᠯᠥᠪᠵᠢᠭᠦᠯᠬᠦ ᠪᠠᠷ ᠳᠠᠮᠵᠢᠭᠤᠯᠤᠨ᠂ ᠳᠠᠯᠠᠨ ᠬᠠᠷ᠎ᠠ | ᠠᠭᠤᠯᠠ ᠶᠢᠨ ᠡᠮᠦᠨ᠎ᠡ ᠬᠥᠲᠥᠯ ᠢ ᠦᠨᠡᠨ ᠬᠦ᠋ ᠨᠢᠭᠡ ᠨᠢᠭᠡ ᠠᠯᠬᠤᠮ ᠢᠶᠠᠷ᠂ ᠳᠥᠷᠪᠡᠨ ᠤᠯᠠᠷᠢᠯ ᠤᠨ ᠠᠳᠠᠯᠢ ᠪᠤᠰᠤ | ᠵᠢᠭᠤᠯᠴᠢᠯᠠᠯ ᠤᠨ ᠡᠷᠡᠮᠡᠯᠵᠡᠯ ᠤᠨ ᠭᠠᠵᠠᠷ ᠪᠣᠯᠭᠠᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠪᠠᠶᠢᠷᠢᠯᠠᠭᠤᠯᠤᠯᠲᠠ ᠶᠢ | ᠲᠥᠯᠥᠪᠵᠢᠭᠦᠯᠦᠨ᠎ᠡ᠃ ᠰᠢᠨᠬᠤᠸᠠ ᠪᠠᠷᠠᠭᠤᠨ ᠵᠡᠭᠡᠯᠢ ᠶᠢᠨ ︽ᠨᠢᠭᠡ ᠲᠣᠭᠤᠷᠢᠭ ᠬᠤᠶᠠᠷ ᠬᠦᠷᠢᠶᠡᠯᠡᠩ︾ ᠤᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ ᠪᠣᠬᠢᠷᠲᠤᠯ ᠦᠭᠡᠢ ᠡᠨᠧᠷᠭᠢ ᠶᠢᠨ | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠪᠠᠶᠢᠭᠤᠯᠬᠤ ᠪᠠᠷ ᠴᠢᠷᠮᠠᠶᠢᠵᠤ᠂ ᠤᠤᠯ ᠤᠨ ᠶᠢᠨ ᠬᠠᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠥᠪᠥᠷ ᠮᠣᠩᠭᠤᠯ ᠤᠨ ᠲᠣᠮᠣ ᠬᠤᠳᠠᠯᠳᠤᠭᠠᠨ ᠤ ᠬᠤᠲᠠ ᠵᠡᠷᠭᠡ | ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠰᠢᠨ᠎ᠡ ᠡᠨᠧᠷᠭᠢ ᠪᠠ ᠳᠡᠭᠡᠳᠦ ᠲᠠᠰ ᠤᠨ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠢ ᠪᠠᠶᠢᠷᠢᠰᠢᠭᠤᠯᠤᠨ᠂ ᠵᠧᠵᠢᠶᠠᠩ ᠤᠨ ᠰᠢᠩ ᠢᠦᠢ ᠶᠢᠨ ᠰᠢᠨ᠎ᠡ ᠡᠨᠧᠷᠭᠢ ᠶᠢᠨ | ᠲᠥᠬᠦᠭᠡᠷᠦᠮᠵᠢ᠂ ᠬᠤᠳᠠᠯᠳᠤᠭᠠᠨ ᠤ ᠰᠦᠯᠢᠶᠥᠦ ᠪᠦᠷᠬᠦᠪᠴᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠣᠬᠢᠷᠲᠤᠯ ᠦᠭᠡᠢ | ᠬᠥᠳᠡᠯᠭᠡᠭᠡᠨᠲᠦ ᠢᠷᠡᠭᠡᠳᠦᠢ ᠶᠢᠨ ᠴᠠᠬᠢᠯᠭᠠᠨ ᠰᠣᠯᠢᠬᠤ ᠬᠦᠨᠳᠦ ᠺᠠᠷᠲ ᠵᠡᠷᠭᠡ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠵᠤ᠂ ︽ᠠᠵᠤ ᠦᠢᠯᠡᠳᠪᠦᠷᠢ ᠶᠢ ᠠᠰᠠᠷ ᠲᠤ ᠭᠠᠷᠭᠠᠬᠤ︾ ᠶᠢ ᠲᠦᠯᠬᠢᠨ ᠠᠬᠢᠭᠤᠯᠤᠨ᠎ᠠ᠃ ᠬᠤᠸ ᠰᠢᠨ ᠮᠠᠰᠢᠨ | ᠴᠠᠬᠢᠯᠭᠠᠨ ᠤ ᠲᠠᠯᠠᠪᠠᠶ ᠶᠢᠨ 6 ᠲᠦᠮᠡᠨ ᠲᠡᠭᠰᠢ ᠳᠥᠷᠪᠡᠯᠵᠢᠨ ᠮᠧᠲᠷ ᠤᠨ ᠠᠰᠠᠷ ᠢ ᠠᠮᠢᠯᠠᠭᠤᠯᠵᠤ᠂ ᠲᠣᠮᠣ ᠡᠷᠡᠭᠦᠯ | ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠶᠢ ᠪᠠᠶᠢᠭᠤᠯᠵᠤ᠂ ᠳᠤᠮᠳᠠᠳᠤ | ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ᠂ ᠶᠠᠩ ᠽᠢ ᠵᠢᠶᠠᠩ ᠡᠮ ᠤᠨ ᠦᠢᠯᠡᠰ᠂ ᠲᠦᠩ ᠷᠧᠨ | ᠲᠠᠩ ᠵᠡᠷᠭᠡ 30 ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠤᠨ ᠰᠠᠭᠤᠷᠢᠰᠢᠭᠰᠠᠨ ᠬᠦᠷᠢᠶᠡᠯᠡᠩ ᠲᠣᠭᠤᠷᠢᠭ ᠢ | ᠣᠷᠣᠭᠤᠯᠤᠨ ᠠᠪᠴᠢᠷᠠᠵᠤ᠂ ᠶᠤᠸᠠᠨ ᠱᠠᠨ ᠽᠢ ᠡᠮ ᠡᠮᠨᠡᠯᠭᠡ ᠶᠢᠨ ᠬᠥᠮᠥᠷᠭᠡᠯᠡᠨ ᠬᠠᠳᠠᠭᠠᠯᠠᠬᠤ ᠲᠣᠬᠢᠷᠠᠭᠤᠯᠤᠨ | ᠬᠦᠷᠭᠡᠬᠦ ᠲᠥᠪ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ 4 ᠲᠠᠯᠠᠪᠠᠶ ᠠᠴᠠ ᠳᠡᠭᠡᠭᠰᠢᠬᠢ ᠡᠮ ᠡᠮᠨᠡᠯᠭᠡ ᠪᠠ | ᠡᠮᠴᠢᠯᠡᠭᠡᠨ ᠤ ᠪᠠᠭᠠᠵᠢ ᠬᠡᠷᠡᠭᠰᠡᠯ ᠤᠨ ᠦᠵᠡᠰᠬᠦᠯᠡᠩ ᠢ ᠡᠷᠭᠢᠯᠡᠨ᠂ ᠠᠮᠢᠳᠤ ᠪᠣᠳᠠᠰ ᠤᠨ ᠡᠮ ᠡᠮᠨᠡᠯᠭᠡ ᠡᠷᠡᠭᠦᠯ | ᠮᠡᠨᠳᠦ ᠶᠢᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠮᠧᠢ ᠲᠤᠸᠠᠨ᠂ ᠴᠢᠩ ᠵᠢᠦᠢ᠂ ᠵᠥᠩ ᠰᠢᠨ ᠳᠤᠮᠳᠠᠳᠤ ᠶᠢᠨ | ᠵᠢᠭᠤᠯᠴᠢᠯᠠᠯ ᠵᠡᠷᠭᠡ 60 ᠠᠵᠤ ᠠᠬᠤᠶᠢᠯᠠᠯ ᠤᠨ ᠮᠧᠩ ᠬᠠᠢ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠳᠤ ᠰᠠᠭᠤᠷᠢᠰᠢᠬᠤ ᠶᠢ ᠠᠬᠢᠭᠤᠯᠵᠤ᠂ ᠢᠷᠡᠭᠡᠳᠦᠢ ᠶᠢᠨ ᠮᠡᠳᠡᠭᠡ ᠵᠠᠩᠭᠢ ᠶᠢᠨ ᠠᠵᠤ | ᠦᠢᠯᠡᠰ ᠢ ᠪᠣᠶᠢᠵᠢᠭᠤᠯᠤᠨ᠂ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢ 5 ᠳ᠋ᠦᠩᠰᠢᠭᠤᠷ ᠳ᠋ᠣᠯᠯᠠᠷ ᠲᠤ ᠬᠦᠷᠦᠭᠦᠯᠬᠦ ᠪᠠᠷ ᠴᠢᠷᠮᠠᠶᠢᠨ᠎ᠠ᠃ | ᠭᠠᠳᠠᠭᠠᠳᠤ ᠭᠤᠪᠢᠭᠤᠯᠭ᠎ᠠ ᠶᠢᠨ ᠳ᠋ᠦᠩᠨᠡᠨ ᠪᠤᠳᠤᠬᠤ ᠲᠠᠪᠴᠠᠩ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ | ᠡᠭᠦᠳᠬᠦ ᠪᠠᠷ ᠴᠢᠷᠮᠠᠶᠢᠨ᠎ᠠ᠃ | ︵ᠭᠤᠷᠪᠠ︶ ᠵᠣᠬᠢᠴᠠᠩᠭᠤᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠰᠢᠨ᠎ᠡ ᠬᠠᠭᠤᠳᠠᠰᠤ ᠶᠢ | ᠬᠦᠴᠦᠯᠡᠨ ᠵᠢᠷᠤᠭᠯᠠᠨ᠎ᠠ | ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠤᠳᠠ ᠶᠢᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠭᠦᠨᠵᠡᠭᠡᠶᠢᠷᠡᠭᠦᠯᠵᠦ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ᠬᠤᠲᠠ ᠶᠢᠨ ᠴᠢᠳᠠᠮᠵᠢ ᠶᠠᠰᠤ ᠴᠢᠨᠠᠷ ᠢ ᠲᠣᠪᠣᠶᠢᠮ᠎ᠠ ᠳᠡᠭᠡᠭᠰᠢᠯᠡᠭᠦᠯᠦᠨ᠎ᠡ᠃ ᠣᠷᠣᠨ ᠤ ᠲᠥᠪ ᠤᠨ | ︽ᠬᠤᠲᠠ ᠶᠢᠨ ᠪᠠᠷᠠᠭᠤᠨ ᠲᠠᠯ᠎ᠠ ᠳᠤ ᠬᠡᠯᠪᠡᠶᠢᠯᠭᠡᠬᠦ︾᠂ ᠵᠡᠭᠦᠨ ᠪᠠᠷᠠᠭᠤᠨ ᠣᠷᠣᠨ ᠤ ᠲᠡᠩᠴᠡᠭᠦᠷᠢᠲᠡᠢ ᠬᠥᠭᠵᠢᠯᠲᠡ ᠶᠢ | ᠠᠬᠢᠭᠤᠯᠬᠤ ᠴᠢᠬᠤᠯᠠ ᠠᠵᠠ ᠲᠣᠬᠢᠶᠠᠯ ᠢ ᠠᠮᠵᠢᠵᠤ᠂ ᠰᠠᠭᠤᠷᠢ ᠪᠡᠯᠡᠳᠬᠡᠮᠵᠢ᠂ ᠠᠮᠢ ᠠᠬᠤᠢ ᠶᠢᠨ ᠣᠷᠴᠢᠨ ᠲᠣᠭᠤᠷᠢᠨ᠂ | ᠬᠤᠲᠠ ᠶᠢᠨ ᠰᠢᠨᠡᠴᠢᠯᠡᠯᠲᠡ᠂ ᠵᠠᠮ ᠬᠠᠷᠢᠯᠴᠠᠭ᠎ᠠ ᠶᠢᠨ ᠲᠥᠬᠦᠮ ᠦᠵᠡᠭᠦᠯᠬᠦ ︽ᠳᠥᠷᠪᠡᠨ ᠵᠦᠢᠯ ᠤᠨ ᠳᠡᠭᠡᠭᠰᠢᠯᠡᠭᠦᠯᠬᠦ | ᠠᠵᠢᠯᠯᠠᠭ᠎ᠠ︾ ᠶᠢ ᠥᠷᠨᠢᠭᠦᠯᠦᠨ᠎ᠡ᠃ ᠮᠧᠩ ᠯᠢᠶᠠᠩ ᠤᠨ 110 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 10700 ᠮᠧᠲᠷ ᠪᠣᠷᠣᠭᠠᠨ ᠤ ᠤᠰᠤ ᠪᠣᠬᠢᠷ ᠤᠰᠤᠨ ᠤ | ᠬᠤᠭᠤᠯᠠᠢ ᠶᠢᠨ ᠲᠣᠣᠷ ᠢ ᠰᠢᠨ᠎ᠡ ᠪᠠᠷ ᠪᠠᠶᠢᠭᠤᠯᠵᠤ᠂ ᠴᠡᠴᠡᠷᠯᠢᠭ ᠤᠨ ᠨᠣᠭᠤᠭᠠᠨ ᠭᠠᠵᠠᠷ ᠲᠠᠬᠢ ᠤᠰᠤᠨ | ᠬᠤᠭᠤᠯᠠᠢ ᠶᠢᠨ ᠲᠣᠣᠷ ᠢ 15000 ᠮᠧᠲᠷ ᠰᠢᠨ᠎ᠡ ᠪᠠᠷ ᠪᠠᠶᠢᠭᠤᠯᠵᠤ᠂ 13 ᠺᠢᠯᠣᠮᠧᠲᠷ ᠰᠢᠲᠠᠮᠠᠬᠠᠢ ᠬᠡᠢ ᠶᠢᠨ | ᠬᠤᠭᠤᠯᠠᠢ ᠶᠢᠨ ᠲᠣᠣᠷ ᠢ ᠰᠢᠨᠡᠳᠬᠡᠵᠦ᠂ 1491 ᠡᠷᠦᠬᠡ ᠶᠢᠨ ᠳᠣᠲᠣᠷ᠎ᠠ ᠬᠤᠭᠤᠯᠠᠢ ᠪᠠᠶᠢᠭᠤᠯᠤᠨ᠎ᠠ᠃ 45 | ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ᠂ 95 ᠰᠠᠭᠤᠭᠠᠯᠢ ᠠᠷᠠᠳ ᠤᠨ ᠲᠣᠭᠤᠷᠢᠭ ᠤᠨ ᠤᠰᠤ ᠬᠠᠩᠭᠠᠬᠤ | ᠥᠭᠡᠷᠡᠴᠢᠯᠡᠯᠲᠡ ᠪᠠ 29 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠬᠡᠷᠡᠭᠵᠢᠭᠦᠯᠵᠦ᠂ ᠰᠢᠷᠠᠮᠦᠶᠢᠩ ᠤᠨ ᠲᠣᠰᠬᠤᠨ ᠵᠡᠷᠭᠡ ᠬᠤᠳᠠ ᠶᠢᠨ ᠳᠤᠮᠳᠠᠬᠢ ᠲᠣᠰᠬᠤᠨ ᠤ | ᠥᠭᠡᠷᠡᠴᠢᠯᠡᠯᠲᠡ ᠶᠢᠨ ᠢᠨᠵᠧᠨᠧᠷᠢᠩ ᠢ ᠲᠦᠯᠬᠢᠨ ᠠᠬᠢᠭᠤᠯᠪᠠ᠃ 30 ᠵᠡᠭᠡᠯᠢ ᠠᠷᠤ ᠶᠢᠨ ᠵᠢᠵᠢᠭ ᠭᠤᠳᠤᠮᠵᠢ ᠶᠢ | ᠳᠡᠭᠡᠭᠰᠢᠯᠡᠭᠦᠯᠵᠦ᠂ 13 ᠤᠰᠤ ᠬᠤᠷᠠᠬᠤ ᠭᠠᠵᠠᠷ ᠢ ᠥᠭᠡᠷᠡᠴᠢᠯᠡᠨ᠎ᠡ᠃ ᠠᠷᠠᠳ ᠤᠨ ᠬᠤᠲᠠ ᠶᠢᠨ | ᠣᠶᠢᠯᠠᠭᠠᠭᠳᠠᠬᠤᠨ ᠢᠶᠠᠷ ︽ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ︾ ︽ᠵᠣᠯ ᠵᠢᠷᠭᠠᠯᠲᠤ ᠬᠤᠲᠠ︾ ᠶᠢ | ᠪᠦᠲᠦᠭᠡᠨ ᠪᠠᠶᠢᠭᠤᠯᠤᠨ᠎ᠠ᠃ | ᠲᠣᠭᠠᠨ ᠤ ᠡᠨᠧᠷᠭᠢ ᠣᠯᠭᠤᠬᠤ ᠬᠤᠲᠠ ᠶᠢᠨ ᠬᠠᠮᠢᠶᠠᠷᠤᠯᠲᠠ ᠶᠢ ᠳᠣᠪᠤᠶᠢᠯᠭᠠᠨ᠎ᠠ᠃ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠪᠠᠷᠢᠮᠵᠢᠶᠠᠵᠢᠭᠤᠯᠤᠭᠰᠠᠨ ᠲᠣᠭᠠᠴᠢᠯᠠᠭᠰᠠᠨ ᠬᠠᠤᠯᠢ ᠬᠡᠷᠡᠭᠵᠢᠭᠦᠯᠬᠦ ᠲᠠᠪᠴᠠᠩ ᠤᠨ | ᠲᠤᠷᠰᠢᠯᠲᠠ ᠶᠢ ᠡᠭᠦᠳᠦᠨ ᠪᠠᠶᠢᠭᠤᠯᠵᠤ᠂ ᠵᠦᠩᠱᠠᠨ ᠪᠠᠷᠠᠭᠤᠨ ᠵᠠᠮ ᠳᠤ ︽ᠵᠠᠬ᠎ᠠ | ᠳᠡᠯᠭᠡᠭᠦᠷᠴᠢᠯᠡᠬᠦ+ᠣᠶᠤᠨᠵᠢᠭᠤᠯᠬᠤ+ᠨᠠᠷᠢᠯᠢᠭᠵᠢᠭᠤᠯᠬᠤ︾ ᠵᠢᠱᠢᠶ᠎ᠡ ᠦᠵᠡᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ | ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠨᠢᠭᠡ | ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ 3 ᠬᠦᠷᠢᠶ᠎ᠡ᠂ ᠠᠷᠠᠳ ᠲᠤ ᠠᠰᠢᠭ ᠬᠦᠷᠲᠡᠭᠡᠬᠦ 5 | ᠨᠣᠭᠤᠭ᠎ᠠ ᠶᠢᠨ ᠳᠡᠯᠭᠡᠭᠦᠷ ᠢ ᠪᠠᠶᠢᠭᠤᠯᠵᠤ᠂ ᠠᠯᠠᠱᠠ ᠶᠢᠨ ᠡᠮᠦᠨ᠎ᠡ ᠵᠠᠮ ᠵᠡᠷᠭᠡ ᠠᠷᠠᠳ ᠲᠤ ᠲᠥᠬᠦᠮ ᠦᠵᠡᠭᠦᠯᠬᠦ 3 | ᠵᠠᠬ᠎ᠠ ᠳᠡᠯᠭᠡᠭᠦᠷ ᠢ ᠨᠡᠭᠡᠭᠡᠨ᠎ᠡ᠃ ᠲᠡᠷᠭᠡ ᠵᠣᠭᠰᠤᠭᠠᠬᠤ ᠣᠶᠤᠨᠴᠢ ᠰᠢᠰᠲ᠋ᠧᠮ ᠢ ᠦᠷᠭᠦᠯᠵᠢᠯᠡᠨ ᠳᠡᠯᠭᠡᠷᠡᠭᠦᠯᠵᠦ᠂ ᠮᠠᠰᠢᠨ | ᠲᠡᠷᠭᠡᠨ ᠤ ᠠᠮᠢᠳᠤᠷᠠᠯ ᠤᠨ ᠬᠤᠳᠠᠯᠳᠤᠭᠠᠨ ᠤ ᠠᠮᠢ ᠠᠬᠤᠢ ᠶᠢᠨ ᠴᠠᠭᠠᠷᠢᠭ ᠢ 3 ᠪᠠᠶᠢᠭᠤᠯᠵᠤ᠂ ᠲᠡᠷᠭᠡᠨ ᠵᠣᠭᠰᠣᠭᠠᠯ ᠢ | 22 ᠨᠡᠮᠡᠵᠦ ᠥᠷᠭᠡᠳᠬᠡᠨ ᠪᠠᠶᠢᠭᠤᠯᠵᠤ᠂ ᠣᠩᠭᠤᠴᠠᠨ ᠤ ᠵᠣᠭᠰᠣᠭᠠᠯ ᠢ 3200 ᠰᠢᠨ᠎ᠡ ᠪᠠᠷ ᠨᠡᠮᠡᠭᠳᠡᠭᠦᠯᠪᠡ᠃ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠶᠤᠨᠲᠤ ᠲᠠᠪᠴᠠᠩ ᠢ ᠪᠠᠶᠢᠭᠤᠯᠵᠤ᠂ 1 ᠰᠠᠭᠤᠷᠢ ᠲᠣᠮᠣ | ᠬᠡᠯᠪᠡᠷᠢ ᠶᠢᠨ ᠬᠤᠭ ᠨᠣᠪᠰᠢ ᠳᠠᠮᠵᠢᠭᠤᠯᠬᠤ ᠥᠷᠲᠡᠭᠡ ᠪᠠ 5 ᠰᠠᠭᠤᠷᠢ ᠤᠰᠤ ᠪᠠᠷ ᠤᠬᠢᠶᠠᠬᠤ ᠨᠡᠶᠢᠲᠡ ᠶᠢᠨ | ᠵᠣᠷᠯᠣᠩ ᠢ ᠰᠢᠨ᠎ᠡ ᠪᠠᠷ ᠪᠠᠶᠢᠭᠤᠯᠵᠤ᠂ 10 ︽ᠳᠠᠬᠢᠯᠲᠠ ᠡᠬᠢ ᠪᠠᠶᠠᠯᠢᠭ ᠢ ᠢᠯᠭᠠᠨ ᠬᠤᠷᠢᠶᠠᠵᠤ ᠠᠪᠬᠤ︾ | ᠲᠤᠷᠰᠢᠯᠲᠠ ᠶᠢᠨ ᠴᠡᠭ ᠢ ᠪᠣᠶ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠦᠷᠭᠦᠯᠵᠢᠯᠡᠨ | ᠳᠡᠯᠭᠡᠷᠡᠭᠦᠯᠦᠨ᠎ᠡ᠃ ᠬᠦᠴᠦᠨ ᠢᠶᠠᠨ ᠲᠥᠪᠯᠡᠷᠡᠭᠦᠯᠦᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ | ᠪᠠᠶᠢᠭᠤᠯᠵᠤ᠂ ᠪᠦᠬᠦ ᠠᠷᠠᠳ ᠤᠨ ᠪᠣᠯᠪᠠᠰᠤᠨ ᠤ ᠬᠡᠪ ᠴᠢᠨᠠᠷ ᠪᠠ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠭᠤᠣᠯᠳᠠᠯᠭ᠎ᠠ ᠶᠢ ᠲᠣᠪᠤᠶᠢᠯᠭᠠᠨ᠂ ᠰᠠᠶᠢᠨ ᠰᠠᠶᠢᠬᠠᠨ ᠰᠢᠶᠠᠩ ᠲᠣᠰᠬᠤᠨ ᠢ ᠪᠦᠲᠦᠭᠡᠨ ᠪᠠᠶᠢᠭᠤᠯᠤᠨ᠎ᠠ᠃ | ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ | ᠬᠡᠷᠡᠭᠲᠡᠢ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ 2 ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ | ᠦᠵᠡᠭᠦᠯᠬᠦ ᠲᠣᠰᠬᠤᠨ ᠢ ᠪᠤᠢ ᠪᠣᠯᠭᠠᠵᠤ᠂ ᠬᠤᠤ ᠯᠠᠢ ᠭᠧᠦ ᠶᠢᠨ ᠬᠠᠭᠤᠴᠢᠨ ᠲᠣᠰᠬᠤᠨ ᠤ ᠰᠢᠶᠠᠩ ᠤᠨ ᠵᠠᠮ ᠵᠡᠷᠭᠡ | 3 ᠵᠤᠷᠪᠤᠰ ᠬᠥᠳᠡᠭᠡ ᠲᠣᠰᠬᠤᠨ ᠤ ᠵᠠᠮ ᠢ ᠥᠭᠡᠷᠡᠴᠢᠯᠡᠪᠡ᠃ ᠰᠢᠷᠣᠢ ᠶᠢᠨ ᠤᠷᠤᠰᠬᠠᠯ ᠤᠨ ᠲᠥᠪ ᠲᠤ ᠲᠦᠰᠢᠭᠯᠡᠨ | ᠬᠥᠳᠡᠭᠡ ᠲᠣᠰᠬᠤᠨ ᠤ ᠰᠤᠯᠠ ᠪᠠᠶᠢᠬᠤ ᠭᠠᠵᠠᠷ ᠰᠢᠷᠣᠢ ᠶᠢ ᠠᠮᠢᠯᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ | ᠨᠠᠷᠢᠯᠢᠭ ᠣᠨᠣᠴᠠᠲᠠᠢ ᠪᠠᠷ ᠪᠣᠶᠢᠵᠢᠭᠤᠯᠤᠨ᠂ ᠠᠢ ᠯᠠ ᠠᠮᠢᠳᠤ ᠪᠣᠳᠠᠰ ᠤᠨ ᠺᠣᠮᠫᠠᠨᠢ ᠶᠢ ᠣᠷᠣᠭᠤᠯᠤᠨ ᠵᠡᠭᠦᠨ ᠤᠰᠤᠲᠤ | ᠲᠣᠰᠬᠤᠨ ᠤ ᠲᠠᠪᠤᠨ ᠥᠩᠭᠡᠲᠦ ᠵᠢᠵᠢᠭ ᠤᠳᠪᠠᠯᠠ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠦᠲᠦᠭᠡᠨ | ᠪᠠᠶᠢᠭᠤᠯᠵᠤ᠂ ︽ᠰᠢᠩ ᠹᠦ᠋ ᠱᠣ ᠰᠢᠶᠠ︾ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ | ᠪᠣᠶ ᠪᠣᠯᠭᠠᠨ᠎ᠠ᠃ ᠶᠦᠮ ᠤᠨ ᠪᠠᠶᠢᠰᠢᠩ ᠤᠨ ᠪᠠᠯᠭᠠᠰᠤ ᠪᠣᠯᠣᠨ ᠳ᠋ᠤᠸᠠᠨ ᠵᠢᠶᠠ ᠶᠣᠣ ᠲᠣᠰᠬᠤᠨ ︽ᠪᠦᠬᠦ ᠤᠯᠤᠰ ᠤᠨ | ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠪᠠᠯᠭᠠᠰᠤ᠂ ᠲᠣᠰᠬᠤᠨ︾ ᠢ ᠭᠤᠶᠤᠴᠢᠯᠠᠨ ᠮᠡᠳᠡᠭᠦᠯᠵᠦ᠂ | ᠵᠡᠭᠦᠨ ᠤᠰᠤᠲᠤ ᠲᠣᠰᠬᠤᠨ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ︾ ᠢ | ᠭᠤᠶᠤᠴᠢᠯᠠᠨ ᠮᠡᠳᠡᠭᠦᠯᠵᠡᠢ᠃ | ᠠᠮᠢ ᠠᠬᠤᠢ ᠶᠢᠨ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠠᠭᠦᠯᠦᠨᠡ᠃ ︽ᠤᠮᠠᠷᠠᠲᠤ ᠶᠢᠨ | ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ᠂ 6000 ᠮᠦ | ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ᠂ 10000 ᠮᠦ ᠳᠤᠮᠳᠠ ᠪᠠᠭ᠎ᠠ | ᠨᠠᠰᠤᠨ ᠤ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠣᠷᠴᠢᠨ | ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠡᠭᠦᠨ᠂ ᠪᠠᠷᠠᠭᠤᠨ | ᠤᠰᠤᠲᠤ ᠶᠢᠨ ᠲᠥᠷᠥᠯ ᠵᠦᠢᠯ ᠤᠨ ᠲᠣᠭᠤᠷᠢᠭ ᠤᠨ ᠬᠠᠶᠠᠭᠳᠠᠮᠠᠯ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ ᠢ | ᠳᠠᠬᠢᠨ ᠬᠠᠭᠠᠯᠪᠤᠷᠢᠯᠠᠬᠤ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ︽ᠭᠤᠣᠯ ᠤᠨ ᠳᠠᠷᠤᠭ᠎ᠠ ᠶᠢᠨ ᠳᠦᠷᠢᠮ︾ ︽ᠣᠶ | ᠰᠢᠭᠤᠢ ᠶᠢᠨ ᠳᠠᠷᠤᠭ᠎ᠠ ᠶᠢᠨ ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠵᠤ᠂ ᠤᠰᠤᠲᠤ ᠶᠢᠨ ᠭᠤᠸ᠂ | ᠳᠠᠪᠠᠭᠠᠨ ᠠᠮᠠ ᠶᠢᠨ ᠭᠧᠦ ᠶᠢᠨ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠬᠦ ᠶᠢ | ᠠᠬᠢᠭᠤᠯᠵᠤ᠂ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾᠂ ᠳᠠᠯᠠᠨ ᠬᠠᠷ᠎ᠠ | ᠠᠭᠤᠯᠠ ᠶᠢᠨ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠤᠮᠠᠷᠠᠲᠤ ᠬᠢᠯᠢ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ︵ᠳᠥᠷᠪᠡ︶ ᠠᠷᠠᠳ ᠤᠨ ᠠᠮᠢᠳᠤᠷᠠᠯ ᠢ ᠳᠡᠭᠡᠳᠦᠯᠡᠬᠦ ᠶᠢ ᠪᠠᠷᠢᠮᠲᠠᠯᠠᠵᠤ᠂ ᠰᠠᠶᠢᠨ ᠰᠠᠶᠢᠬᠠᠨ ᠠᠮᠢᠳᠤᠷᠠᠯ ᠤᠨ | ᠰᠢᠨ᠎ᠡ ᠬᠠᠭᠤᠳᠠᠰᠤ ᠶᠢ ᠬᠦᠴᠦᠯᠡᠨ ᠪᠢᠴᠢᠭᠯᠡᠨ᠎ᠡ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠦᠨᠳᠦᠰᠦ ᠪᠣᠯᠭᠠᠵᠤ᠂ ᠠᠷᠠᠳ ᠤᠨ | ᠰᠠᠨᠠᠭᠠᠰᠢᠷᠠᠯ ᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠪᠣᠳᠠᠲᠠᠢ ᠠᠷᠭ᠎ᠠ | ᠭᠠᠷᠭᠠᠵᠤ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ︽ᠳᠤᠯᠠᠭᠠᠯᠠᠬᠤ ᠢᠨᠵᠧᠨᠧᠷᠢᠩ︾ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ 349 ᠬᠤᠷᠢᠶᠠᠯᠠᠯ ᠤᠨ ᠢᠯᠴᠢ | ᠬᠠᠩᠭᠠᠬᠤ ᠬᠠᠭᠤᠴᠢᠨ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠠᠵᠢᠯ ᠢ ᠲᠦᠯᠬᠢᠨ ᠠᠬᠢᠭᠤᠯᠪᠠ᠃ | ᠢᠯᠴᠢ ᠬᠠᠩᠭᠠᠬᠤ ᠺᠣᠮᠫᠠᠨᠢ᠂ ᠨᠡᠶᠢᠭᠡᠮ ᠲᠣᠭᠤᠷᠢᠭ᠂ ᠠᠳᠠᠯ ᠠᠬᠤᠢ ᠭᠤᠷᠪᠠᠨ ᠲᠠᠯ᠎ᠠ ᠶᠢᠨ ︽ᠴᠡᠭ ᠠᠴᠠ ᠴᠡᠭ ᠲᠤ | ᠬᠦᠷᠬᠦ︾ ᠢᠯᠴᠢ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ | ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ︽ᠠᠷᠠᠳ ᠢ | ᠰᠤᠷᠪᠤᠯᠵᠢᠯᠠᠵᠤ ᠳᠤᠯᠠᠭᠠᠯᠠᠭ᠎ᠠ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ | ᠢᠯᠴᠢ ᠬᠠᠩᠭᠠᠬᠤ ᠶᠠᠰᠤ ᠴᠢᠨᠠᠷ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠳᠠᠯ ᠳᠤ ᠬᠠᠮᠤᠭ ᠤᠨ | ᠲᠡᠷᠢᠭᠦᠨ ᠳᠤ ᠬᠠᠷᠢᠭᠤ ᠥᠭᠴᠦ᠂ ︽ᠠᠷᠠᠳ ᠣᠯᠠᠨ ᠤ ᠬᠥᠯᠳᠡᠬᠦ︾ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠲᠦᠮᠡᠨ | ᠣᠶᠤᠲᠠᠨ ᠢ ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠲᠠ ᠪᠠᠯᠭᠠᠰᠤᠨ ᠳᠤ 7000 ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠪᠠ᠃ ︽ᠪᠠᠭᠤᠷᠠᠢ ᠠᠴᠠ | ᠲᠡᠳᠬᠦᠮᠵᠢ ᠲᠠᠢ︾ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠢ | ᠨᠠᠶᠢᠳᠠᠪᠤᠷᠢᠵᠢᠭᠤᠯᠤᠨ᠎ᠠ᠃ ︽ᠪᠤᠭᠤᠷᠤᠯᠴᠤᠳ ᠤᠨ ᠠᠵᠤ ᠠᠬᠤᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠨᠡᠬᠦ ᠪᠠ | ᠠᠰᠠᠷᠠᠬᠤ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠦᠨ᠂ ᠢ ᠺᠠᠩ ᠠᠰᠠᠷᠠᠨ ᠲᠡᠵᠢᠭᠡᠬᠦ ᠵᠡᠷᠭᠡ ᠲᠥᠷᠥᠯ ᠵᠦᠢᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠲᠤᠭᠤᠷᠢᠭ ᠤᠨ ᠲᠠᠰ ᠤᠨ ᠣᠶᠤᠨᠲᠤ ᠨᠠᠰᠤᠵᠢᠯ ᠤᠨ | ᠦᠢᠯᠡᠴᠢᠯᠡᠭᠡᠨ ᠤ ᠲᠣᠬᠢᠷᠠᠭᠤᠯᠬᠤ ᠲᠥᠪ ᠢ ᠪᠠᠶᠢᠭᠤᠯᠵᠤ᠂ 2 ︽ᠨᠡᠭᠡᠭᠡᠯᠲᠡᠲᠤ ᠮᠠᠶ᠋ᠢᠭ ᠤᠨ ᠨᠠᠰᠤᠵᠢᠯ ᠤᠨ ᠨᠡᠶᠢᠭᠡᠮ | ᠲᠣᠭᠤᠷᠢᠭ︾ ᠤᠨ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠨᠠᠰᠤᠲᠠᠶᠢᠴᠤᠳ ᠲᠤ ᠬᠤᠭᠤᠯᠠ ᠬᠠᠩᠭᠠᠬᠤ ᠲᠥᠷᠥᠯ | ᠲᠡᠮᠳᠡᠭ ᠢ 1 ᠪᠣᠶᠢᠵᠢᠭᠤᠯᠵᠤ᠂ ᠨᠠᠰᠤᠲᠠᠶᠢᠴᠤᠳ ᠢ ᠠᠰᠠᠷᠠᠬᠤ᠂ ᠨᠠᠰᠤᠲᠠᠶᠢᠴᠤᠳ ᠢ ᠬᠠᠪᠰᠤᠷᠬᠤ᠂ ᠨᠠᠰᠤᠲᠠᠶᠢᠴᠤᠳ ᠢ | ᠬᠠᠷᠠᠭᠠᠯᠵᠠᠬᠤ ᠣᠯᠠᠨ ᠡᠰᠢᠵᠢᠭᠰᠡᠨ ᠰᠢᠨ᠎ᠡ ᠪᠠᠶᠢᠳᠠᠯ ᠢ ᠪᠣᠶ ᠪᠣᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠬᠤᠷᠢᠭ᠎ᠠ ᠱᠤᠭᠤᠮ ᠢ ᠪᠠᠲᠤ ᠰᠠᠬᠢᠨ᠎ᠠ᠃ | ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠰᠤᠷᠭᠠᠨ ᠬᠥᠮᠦᠵᠢᠯ ᠢ ᠬᠥᠭᠵᠢᠭᠦᠯᠦᠨ᠎ᠡ᠃ ᠰᠤᠷᠭᠠᠭᠤᠯᠢ ᠶᠢᠨ | ᠬᠦᠷᠢᠶᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠳᠬᠤᠵᠤ᠂ ᠬᠥᠮᠥᠨ ᠠᠮᠠ ᠶᠢᠨ | ᠲᠠᠷᠬᠠᠯᠲᠠ ᠶᠢᠨ ᠶᠣᠰᠣᠭᠠᠷ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠤᠨ᠂ ᠥᠪᠥᠷ | ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ᠂ ᠹᠦ᠋ ᠯᠢ | ᠬᠤᠸᠠ ᠲᠢᠩ ᠬᠡᠦᠬᠡᠳ ᠤᠨ ᠴᠡᠴᠡᠷᠯᠢᠭ ᠵᠡᠷᠭᠡ ︽ᠲᠠᠪᠤᠨ ᠰᠤᠷᠭᠠᠭᠤᠯᠢ ᠬᠤᠶᠠᠷ ᠴᠡᠴᠡᠷᠯᠢᠭ︾ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠠᠢ ᠫᠢᠩ ᠵᠢᠶᠧ ᠪᠠᠭ᠎ᠠ ᠰᠤᠷᠭᠠᠭᠤᠯᠢ ᠶᠢᠨ ᠰᠢᠶᠠᠩ ᠱᠧᠩ ᠰᠤᠷᠭᠠᠭᠤᠯᠢ ᠶᠢᠨ | ᠲᠣᠭᠤᠷᠢᠭ᠂ ᠾᠧᠩ ᠶᠤᠸᠠᠢ ᠳᠤᠮᠳᠠᠳᠤ ᠰᠤᠷᠭᠠᠭᠤᠯᠢ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠪᠡᠯᠡ | ᠣᠷᠣᠭᠤᠯᠬᠤ ᠶᠢ ᠠᠬᠢᠭᠤᠯᠤᠨ᠎ᠠ᠃ ︽ᠨᠢᠭᠡ ᠰᠤᠷᠭᠠᠭᠤᠯᠢ ᠨᠢᠭᠡ ᠲᠥᠷᠥᠯ ᠵᠦᠢᠯ︾ ᠢ ᠳᠡᠭᠡᠭᠰᠢᠯᠡᠭᠦᠯᠬᠦ ᠶᠢ | ᠠᠳᠬᠤᠬᠤ ᠶᠢᠨ ᠲᠣᠭᠤᠷᠢᠨ ᠳᠤ᠂ ︽ᠳᠥᠷᠪᠡᠨ ᠨᠢᠭᠡ︾ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠣᠩ ᠠᠷᠠᠳ ᠤᠨ | ᠲᠠᠪᠤᠳᠤᠭᠠᠷ ᠬᠡᠦᠬᠡᠳ ᠤᠨ ᠴᠡᠴᠡᠷᠯᠢᠭ᠂ ᠡᠮᠦᠨ᠎ᠡ ᠵᠠᠮ ᠤᠨ ᠪᠠᠭ᠎ᠠ ᠰᠤᠷᠭᠠᠭᠤᠯᠢ᠂ ᠠᠷᠪᠠᠨ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠲᠡᠮᠦᠷ ᠵᠠᠮ ᠤᠨ ᠨᠢᠭᠡᠳᠦᠭᠡᠷ | ᠳᠤᠮᠳᠠᠳᠤ ᠰᠤᠷᠭᠠᠭᠤᠯᠢ ᠵᠡᠷᠭᠡ 4 ᠰᠢᠯᠢᠳᠡᠭ ᠵᠢᠱᠢᠶ᠎ᠡ ᠦᠵᠡᠭᠦᠯᠬᠦ ᠰᠤᠷᠭᠠᠭᠤᠯᠢ ᠶᠢᠨ ᠬᠦᠷᠢᠶ᠎ᠡ ᠶᠢ ᠪᠣᠶ ᠪᠣᠯᠭᠠᠵᠤ᠂ | ᠬᠠᠢ ᠯᠢᠶᠠᠩ ᠰᠤᠷᠭᠠᠨ ᠬᠥᠮᠦᠵᠢᠯ᠂ ᠲᠡᠷᠢᠭᠦᠨ ᠤ ᠪᠠᠭᠰᠢ ᠶᠢᠨ ᠶᠡᠭᠡ ᠰᠤᠷᠭᠠᠭᠤᠯᠢ ᠪᠠ ᠪᠡᠭᠡᠵᠢᠩ ᠶᠡᠭᠡ | ᠰᠤᠷᠭᠠᠭᠤᠯᠢ ᠶᠢᠨ ᠶᠢᠨ ᠴᠢᠦ ᠰᠤᠷᠭᠠᠨ ᠬᠥᠮᠦᠵᠢᠯ ᠤᠨ ᠪᠦᠯᠦᠭᠯᠡᠯ ᠵᠡᠷᠭᠡ ᠨᠠᠷᠠᠲᠤ ᠲᠥᠷᠥᠯ ᠲᠡᠮᠳᠡᠭᠲᠦ ᠶᠢᠨ | ᠨᠥᠯᠥᠭᠡᠯᠡᠬᠦ ᠦᠢᠯᠡᠳᠦᠯ ᠢ ᠥᠷᠭᠡᠳᠬᠡᠨ᠂ ᠾᠧᠩ ᠶᠤᠸᠠᠢ ᠰᠤᠷᠭᠠᠨ ᠬᠥᠮᠦᠵᠢᠯ ᠤᠨ ᠪᠦᠯᠦᠭᠯᠡᠯ ᠢ ᠣᠷᠣᠭᠤᠯᠤᠨ | ᠠᠪᠴᠢᠷᠠᠵᠤ ᠳᠥᠴᠢᠨ ᠳᠤᠮᠳᠠᠳᠤ ᠰᠤᠷᠭᠠᠭᠤᠯᠢ ᠶᠢ ᠨᠠᠶᠢᠳᠠᠨ ᠬᠠᠮᠢᠶᠠᠷᠤᠭᠤᠯᠤᠨ᠎ᠠ᠃ ︽ᠭᠤᠷᠪᠠᠨ ᠡᠩᠨᠡᠭᠡ︾ ᠶᠢᠨ | ᠳᠡᠭᠡᠭᠰᠢᠯᠡᠯᠲᠡ ᠶᠢ ᠠᠳᠬᠤᠬᠤ ᠶᠢ ᠴᠢᠩᠭᠠᠳᠬᠠᠵᠤ᠂ ︽ᠣᠷᠣᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 230 ᠪᠠᠭᠰᠢ ᠤᠷᠢᠨ ᠬᠡᠷᠡᠭᠯᠡᠪᠡ᠃ ᠣᠶᠤᠨᠴᠢ ᠬᠡᠷᠡᠭᠯᠡᠭᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠶᠢ ᠠᠳᠬᠤᠵᠤ᠂ ᠠᠳᠠᠯᠢ ᠳᠠᠪᠲᠠᠮᠵᠢ ᠪᠠᠷ ᠬᠠᠷᠢᠯᠴᠠᠨ ᠦᠢᠯᠡᠳᠦᠯᠴᠡᠬᠦ | ᠬᠢᠴᠢᠶᠡᠯ ᠤᠨ ᠭᠡᠷ ᠤᠨ ᠰᠤᠷᠭᠠᠭᠤᠯᠢ ᠶᠢ ᠳᠡᠯᠭᠡᠷᠡᠭᠦᠯᠵᠦ᠂ ᠲᠣᠭᠠᠴᠢᠯᠠᠭᠰᠠᠨ ᠰᠤᠷᠭᠠᠭᠤᠯᠢ ᠶᠢᠨ ᠬᠦᠷᠢᠶ᠎ᠡ ᠶᠢ ᠪᠦᠬᠦᠨ ᠢ | ᠪᠦᠷᠬᠦᠭᠦᠯᠬᠦ ᠶᠢ ᠪᠡᠶᠡᠯᠡᠭᠦᠯᠵᠦ᠂ ᠴᠠᠭ ᠦᠶ᠎ᠡ ᠶᠢ ᠦᠯᠦ ᠬᠥᠰᠡᠷᠳᠡᠭᠦᠯᠬᠦ ᠠᠷᠠᠳ ᠲᠦᠮᠡᠨ ᠤ ᠰᠡᠳᠬᠢᠯ ᠬᠠᠨᠤᠮᠵᠢᠲᠠᠢ | ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠬᠢᠯᠡᠬᠦ ᠬᠡᠷᠡᠭᠲᠡᠢ᠃ | ᠡᠮᠴᠢᠯᠡᠭᠡ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠣᠩ ᠠᠷᠠᠳ ᠤᠨ | ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ | ᠯᠤᠭ᠎ᠠ ᠶᠢᠨ ᠬᠠᠶᠢᠰᠢ ᠵᠠᠮ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠨᠢᠭᠡᠳᠦᠭᠡᠷ ᠳᠡᠰ ᠤᠨ ᠬᠢᠲᠠᠳ | ᠡᠮᠨᠡᠯᠭᠡ ᠶᠢᠨ ᠬᠤᠷᠢᠶ᠎ᠠ᠂ ᠶᠦᠮ ᠤᠨ ᠪᠠᠶᠢᠰᠢᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ ᠵᠢᠱᠢᠶ᠎ᠡ | ᠦᠵᠡᠭᠦᠯᠬᠦ ᠬᠡᠯᠪᠡᠷᠢ ᠶᠢᠨ ᠬᠢᠲᠠᠳ ᠡᠮᠨᠡᠯᠭᠡ ᠶᠢᠨ ᠣᠷᠳᠣᠨ ᠢ ᠪᠠᠶᠢᠭᠤᠯᠵᠤ᠂ ︽ᠪᠥᠬᠦ ᠤᠯᠤᠰ ᠤᠨ ᠦᠨᠳᠦᠰᠦᠨ | ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ︾ ᠢ ᠴᠢᠷᠮᠠᠶᠢᠨ ᠪᠠᠶᠢᠭᠤᠯᠤᠨ᠎ᠠ᠃ | ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ | ᠳᠠᠭᠤᠰᠬᠠᠵᠤ᠂ ᠣᠶᠤᠨᠲᠤ ᠡᠮᠨᠡᠯᠭᠡ ᠶᠢᠨ ᠬᠤᠷᠢᠶ᠎ᠠ ᠶᠢᠨ ᠰᠢᠰᠲ᠋ᠧᠮ ᠢ ᠲᠠᠰ ᠳᠡᠪᠰᠢᠭᠦᠯᠦᠨ ᠥᠭᠡᠷᠡᠴᠢᠯᠡᠵᠦ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠴᠢᠨᠠᠷ ᠰᠠᠶᠢᠲᠠᠢ ᠦᠢᠯᠡᠴᠢᠯᠡᠭᠡ ᠶᠢ ᠪᠥᠬᠦ ᠲᠤᠭᠤᠷᠢᠭ ᠤᠨ ᠠᠷᠠᠳ ᠲᠦᠮᠡᠨ ᠳᠤ | ᠬᠦᠷᠲᠡᠭᠡᠨ᠎ᠡ᠃ | ᠡᠯ᠎ᠡ ᠵᠦᠢᠯ ᠤᠨ ᠠᠵᠢᠯ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠠ ᠱᠦᠨ ᠪᠦᠯᠦᠭᠯᠡᠯ ᠬᠢᠭᠡᠳ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠭᠦᠨᠵᠡᠭᠡᠢ ᠬᠠᠮᠲᠤᠷᠠᠯᠴᠠᠭ᠎ᠠ ᠶᠢ | ᠠᠬᠢᠭᠤᠯᠤᠨ᠂ ᠪᠦᠷᠢᠨ ᠠᠦ᠋ᠲ᠋ᠣ᠋ ᠴᠠᠬᠢᠯᠭᠠᠨ ᠲᠤᠶᠢᠯ ᠤᠨ ᠬᠠᠯᠢᠰᠤ ᠶᠢᠨ ᠦᠷ᠎ᠡ ᠪᠦᠲᠦᠭᠡᠯ ᠢ ᠤᠯᠠᠷᠢᠭᠤᠯᠬᠤ ᠪᠠ | ᠲᠣᠭᠲᠠᠮᠠᠯ ᠭᠦᠶᠦᠳᠡᠯᠲᠦ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ | ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠢᠶᠠᠷ ᠮᠡᠳᠡᠭᠦᠯᠬᠦ ᠳᠤ ᠬᠦᠴᠦᠨ ᠨᠡᠮᠡᠷᠢᠯᠡᠨ᠎ᠡ᠃ ᠤᠯᠠᠨ ᠨᠡᠶᠢᠲᠡ ᠶᠢᠨ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠵᠤ᠂ ᠬᠦᠢᠯᠡᠰᠦᠨ ᠴᠡᠴᠡᠭ ᠤᠨ ᠨᠠᠶᠢᠷ᠂ ᠲᠡᠭᠦᠬᠦ ᠨᠠᠶᠢᠷ | ᠵᠡᠷᠭᠡ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠢᠯᠯᠠᠭ᠎ᠠ ᠶᠢ 200 ᠭᠠᠷᠤᠢ ᠲᠠᠯᠠᠪᠤᠷ ᠡᠷᠬᠢᠯᠡᠵᠦ᠂ | ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠠᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠪᠡᠶᠡᠯᠡᠭᠦᠯᠵᠦ᠂ ᠮᠤᠨᠢ ᠠᠭᠤᠯᠠ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠵᠢᠵᠢᠭ ᠪᠠᠯᠭᠠᠰᠤᠨ ᠤ ᠠᠷᠠᠰᠤᠨ ᠤᠷᠠᠯᠢᠭ ᠤᠨ ᠦᠵᠡᠭᠦᠯᠦᠯᠭᠡ ᠶᠢᠨ ᠲᠢᠩᠬᠢᠮ ᠢ ᠪᠦᠲᠦᠭᠡᠨ | ᠪᠠᠶᠢᠭᠤᠯᠵᠤ᠂ ᠵᠢᠪᠪᠦᠭᠰᠡᠨ ᠮᠠᠶ᠋ᠢᠭ ᠤᠨ ᠰᠣᠶᠣᠯ ᠪᠡᠶ᠎ᠡ ᠶᠢᠨ ᠵᠢᠭᠤᠯᠴᠢᠯᠠᠯ ᠤᠨ ᠪᠣᠳᠠᠲᠤ ᠦᠵᠡᠮᠵᠢᠲᠦ ᠵᠦᠴᠦᠭᠡ ︽ᠴᠠ | ᠳ᠋ᠣᠣ ᠯᠦᠥ ᠲᠦᠸᠧ︾ ᠶᠢ ᠡᠭᠦᠳᠦᠨ ᠪᠦᠲᠦᠭᠡᠪᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠬᠢᠭᠡᠳ ᠪᠥᠬᠦ | ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠡᠷᠡᠭᠦᠯ ᠮᠡᠨᠳᠦ ᠶᠢᠨ ᠲᠦᠷᠭᠡᠨ | ᠲᠡᠷᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠥᠷᠨᠢᠭᠦᠯᠦᠨ᠎ᠡ᠃ ︽ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ︾ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠵᠡᠪᠰᠡᠭᠲᠦ ᠬᠦᠴᠦᠨ ᠤ ᠶᠠᠮᠤᠨ ᠤ ᠴᠡᠷᠢᠭ ᠤᠨ ᠬᠤᠸᠠᠷᠠᠨ ᠤ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠵᠦᠩᠱᠠᠨ ᠪᠠᠷᠠᠭᠤᠨ ᠵᠠᠮ ᠤᠨ ︽ᠬᠤᠶᠠᠷ ᠢ ᠬᠦᠷᠢᠶᠡᠯᠡᠬᠦ ᠵᠢᠱᠢᠶ᠎ᠡ ᠦᠵᠡᠭᠦᠯᠬᠦ ᠵᠡᠭᠡᠯᠢ︾ | ᠶᠢ ᠪᠠᠶᠢᠭᠤᠯᠤᠨ᠎ᠠ᠃ ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠵᠢᠩᠬᠢᠨᠢ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢ ᠥᠨᠳᠥᠷ ᠬᠡᠷᠡᠭᠯᠡᠭᠡᠨ ᠤ ᠣᠶᠤᠨᠴᠢᠯᠠᠭᠰᠠᠨ ᠲᠠᠩᠰᠠ | ᠡᠪᠬᠡᠮᠡᠯ ᠤᠨ ᠣᠷᠳᠣᠨ ᠢ ᠪᠠᠶᠢᠭᠤᠯᠤᠨ᠎ᠠ᠃ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠠᠵᠢᠯᠴᠢᠨ ᠤ ᠡᠪᠯᠡᠯ᠂ | ᠵᠠᠯᠠᠭᠤᠴᠤᠳ ᠤᠨ ᠡᠪᠯᠡᠯ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠭᠦᠨ ᠵᠤᠵᠠᠭᠠᠨ ᠵᠢᠷᠤᠭ ᠳᠦᠷᠰᠦ ᠶᠢ ᠲᠠᠰᠤᠷᠠᠯᠳᠠ ᠦᠭᠡᠢ | ᠵᠢᠷᠤᠭᠯᠠᠨ᠎ᠠ᠃ | ︵ᠲᠠᠪᠤ︶ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ | ᠰᠢᠨ᠎ᠡ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ | ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠤᠨ ᠡᠶ᠎ᠡ ᠵᠣᠬᠢᠴᠠᠩᠭᠤᠢ | ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ | ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠬᠦᠷᠢᠶᠡᠨ ᠤ ᠠᠮᠤᠷ ᠲᠦᠪᠰᠢᠨ | ᠲᠣᠭᠲᠠᠭᠤᠨ ᠢ ᠰᠠᠶᠢᠲᠤᠷ ᠰᠠᠬᠢᠨ ᠬᠠᠮᠠᠭᠠᠯᠠᠨ᠎ᠠ᠃ | ᠦᠨᠳᠦᠰᠦᠲᠡᠨ ᠤ ᠪᠦᠯᠬᠦᠮᠳᠡᠯ ᠢ ᠪᠦᠬᠦ ᠬᠦᠴᠦᠨ ᠢᠶᠠᠷ ᠬᠠᠮᠠᠭᠠᠯᠠᠨ᠎ᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ︽ᠨᠠᠢᠮᠠ ᠳᠤ ᠣᠷᠣᠭᠤᠯᠬᠤ︾ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠵᠦᠢᠯ ᠤᠨ ᠲᠥᠯᠥᠪᠯᠡᠭᠡ︾ ᠶᠢ ᠶᠡᠬᠡᠪᠡᠷ | ᠬᠡᠷᠡᠭᠵᠢᠭᠦᠯᠵᠦ᠂ ︽ᠤᠯᠠᠭᠠᠨ ᠠᠨᠠᠷ︾ ᠤᠨ ᠥᠷᠲᠡᠭᠡ ᠶᠢᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠤ | ᠪᠦᠬᠦᠨ ᠢ ᠬᠠᠮᠤᠷᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠴᠢᠷᠮᠠᠶᠢᠨ | ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠠᠭᠠᠷ ᠪᠠ ᠨᠡᠷᠡᠨ ᠤ | ᠬᠡᠷᠡᠯ ᠰᠢᠭ ᠭᠠᠵᠠᠷ ᠪᠣᠯᠭᠠᠨ ᠳᠤ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃ | ᠤᠯᠠᠨ ᠲᠦᠮᠡᠨ ᠤ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠨ᠎ᠠ᠃ ᠥᠪᠡᠷᠲᠡᠭᠡᠨ ᠵᠠᠰᠠᠬᠤ ᠣᠷᠣᠨ ᠤ | ᠠᠶᠣᠯᠭᠦᠢ ᠦᠢᠯᠡᠳᠪᠦᠷᠢᠯᠡᠯ ᠤᠨ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠤ ᠡᠯ᠎ᠡ | ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠪᠥᠭᠡᠳ ᠪᠣᠳᠠᠲᠠᠶᠢᠵᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠭᠦᠨᠵᠡᠭᠡᠢ ᠥᠷᠨᠢᠭᠦᠯᠵᠦ᠂ ᠡᠯ᠎ᠡ | ᠲᠥᠷᠥᠯ ᠤᠨ ᠠᠶᠣᠯᠭᠦᠢ ᠶᠢᠨ ᠠᠳᠡᠯ ᠢ ᠪᠦᠲᠦᠮᠵᠢᠲᠡᠶ ᠰᠡᠷᠭᠡᠶᠢᠯᠡᠨ᠎ᠡ᠃ ᠵᠢᠯ ᠠᠯᠤᠰᠯᠠᠭᠰᠠᠨ ᠰᠥᠨᠢ ᠵᠡᠷᠭᠡ ᠲᠣᠮᠣ | ᠬᠡᠯᠪᠡᠷᠢ ᠶᠢᠨ ᠠᠵᠢᠯᠯᠠᠭ᠎ᠠ ᠶᠢᠨ ᠲᠤᠷᠰᠢᠯᠭ᠎ᠠ ᠶᠢ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠬᠤ ᠠᠯᠢ ᠣᠯᠠᠨ ᠠᠮᠤᠷ | ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠣᠯᠭᠠᠨ | ᠲᠣᠭᠲᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠰᠢᠰᠲ᠋ᠧᠮᠵᠢ ᠪᠠ ᠴᠢᠳᠠᠪᠤᠷᠢ ᠶᠢᠨ | ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠷᠰᠢᠯᠲᠠ ᠶᠢᠨ | ᠣᠷᠳᠣᠨ ᠪᠠ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠭᠡᠴᠡᠯᠡᠬᠦ ᠲᠥᠪ ᠤᠨ ᠬᠥᠮᠥᠷᠭᠡ ᠶᠢ | ᠲᠦᠷᠭᠡᠳᠬᠡᠨ ᠪᠠᠶᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠮ ᠢ 23.5 ᠺᠢᠯᠣᠮᠧᠲᠷ | ᠥᠭᠡᠷᠡᠴᠢᠯᠡᠨ᠎ᠡ᠃ ᠪᠠᠷᠢᠮᠵᠢᠶᠠᠵᠢᠭᠤᠯᠤᠭᠰᠠᠨ ᠵᠠᠬ᠎ᠠ ᠳᠡᠯᠭᠡᠭᠦᠷ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠡᠶᠢᠳᠡᠮ | ᠪᠦᠷᠬᠦᠭᠦᠯᠬᠦ ᠶᠢ ᠠᠬᠢᠭᠤᠯᠵᠤ᠂ ᠤᠯᠤᠰ ᠤᠨ ᠠᠩᠬᠠᠨ ᠤ ᠪᠦᠯᠦᠭ ︽ᠮᠢᠩᠭᠠᠨ ᠠᠵᠤ ᠠᠬᠤᠶᠢᠯᠠᠯ ᠵᠠᠭᠤᠨ ᠬᠤᠲᠠ︾ ᠶᠢᠨ | ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠵᠢᠯᠤᠭᠤᠳᠬᠤ ᠥᠷᠲᠡᠭᠡ ᠪᠠ ᠥᠪᠡᠷᠲᠡᠭᠡᠨ ᠵᠠᠰᠠᠬᠤ | ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠵᠤ ᠲᠤᠰᠠᠯᠠᠬᠤ ᠬᠤᠪᠢᠶᠠᠷᠢ | ᠲᠥᠪ ᠢ ᠪᠠᠶᠢᠭᠤᠯᠵᠤ᠂ ᠪᠥᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠠᠶᠤᠯ ᠲᠦᠭᠰᠢᠭᠦᠷᠢ ᠶᠢᠨ ᠵᠥᠷᠢᠴᠡᠯ ᠢ ᠰᠡᠷᠭᠡᠶᠢᠯᠡᠨ ᠠᠷᠢᠯᠭᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ | ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠭᠠᠯᠳᠤᠯᠭ᠎ᠠ ᠶᠢ ᠬᠦᠯᠢᠶᠡᠨ ᠠᠪᠴᠤ ᠪᠠᠷᠢᠨ ᠭᠦᠢᠴᠡᠳᠬᠡᠬᠦ | ᠬᠤᠯᠪᠤᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ | ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ | ᠰᠠᠶᠢᠲᠤᠷ ᠠᠳᠬᠤᠵᠤ᠂ ︽ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ | ᠲᠤᠭᠤᠷᠢᠭ︾ ᠢ ᠴᠢᠷᠮᠠᠶᠢᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ | ᠰᠡᠷᠭᠡᠶᠢᠯᠡᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ︽ᠲᠥᠰᠥᠪ ᠤᠨ ᠬᠠᠤᠯᠢ︾ ᠶᠢ | ᠴᠢᠩᠭ᠎ᠠ ᠬᠡᠷᠡᠭᠵᠢᠭᠦᠯᠵᠦ᠂ ︽ᠭᠤᠷᠪᠠ ᠶᠢ ᠪᠠᠲᠤᠯᠠᠬᠤ︾ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠰᠠᠶᠢᠲᠤᠷ ᠬᠢᠵᠦ᠂ ᠬᠥᠯᠥᠰᠦᠨ ᠠᠵᠢᠯᠴᠢᠨ ᠤ ᠴᠠᠯᠢᠩ ᠢ | ᠲᠤᠭ᠎ᠠ ᠶᠣᠰᠣᠭᠠᠷ ᠭᠦᠢᠴᠡᠳ ᠥᠭᠬᠦ ᠶᠢ ᠪᠠᠲᠤᠯᠠᠨ᠎ᠠ᠃ ᠪᠠᠶᠠᠨᠨᠠᠭᠤᠷ ᠤᠨ ᠬᠤᠶᠢᠲᠤ ᠵᠠᠮ᠂ ᠬᠢᠮᠢ ᠶᠢᠨ ᠠᠵᠤ | ᠦᠢᠯᠡᠳᠪᠦᠷᠢ ᠶᠢᠨ ᠵᠠᠮ᠂ ᠰᠢᠶᠠᠨ ᠹᠦ᠋ ᠵᠢᠶᠧ ᠵᠡᠭᠡᠯᠢ ᠵᠡᠷᠭᠡ 3 ᠲᠣᠮᠢᠯᠠᠭᠰᠠᠨ ᠰᠠᠯᠪᠤᠷᠢ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠷᠠᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ︵ᠵᠢᠷᠭᠤᠭ᠎ᠠ︶ ᠦᠵᠡᠯ ᠰᠠᠨᠠᠭ᠎ᠠ ᠪᠠᠨ ᠴᠢᠯᠦᠭᠡᠯᠡᠬᠦ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ | ᠡᠭᠦᠷᠭᠡᠯᠡᠬᠦ ᠰᠢᠨ᠎ᠡ ᠵᠢᠳᠬᠦᠯ ᠴᠢᠷᠮᠠᠶᠢᠯᠭ᠎ᠠ ᠶᠢ ᠬᠦᠴᠦᠯᠡᠨ ᠢᠯᠡᠷᠡᠭᠦᠯᠪᠡ | ᠦᠷ᠎ᠡ ᠪᠦᠲᠦᠭᠡᠯ ᠤᠨ ᠤᠬᠠᠮᠰᠠᠷ᠂ ᠰᠢᠯᠭᠠᠯᠲᠠ ᠶᠢᠨ ᠬᠠᠭᠤᠳᠠᠰᠤ ᠪᠠᠨ ᠲᠤᠰᠢᠶᠠᠬᠤ ᠤᠬᠠᠮᠰᠠᠷ ᠢ ᠪᠠᠲᠤ ᠪᠠᠬᠢ | ᠪᠣᠶ ᠪᠣᠯᠭᠠᠵᠤ᠂ ᠨᠠᠩ ᠬᠦᠴᠦᠯᠡᠨ ᠴᠢᠷᠮᠠᠶᠢᠵᠤ ᠪᠣᠳᠠᠲᠠᠢ ᠪᠠᠷ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠤᠨ᠎ᠠ᠃ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠤᠨ ᠳᠦᠷᠢᠮᠵᠢᠯᠲᠡ ᠤᠷᠳᠤ ᠬᠤᠭᠤᠴᠠᠭᠠᠨ ᠤ ᠪᠦᠲᠦᠮᠵᠢᠲᠡᠢ ︽ᠨᠢᠭᠡᠳᠦᠭᠡᠷ ᠵᠥᠪᠯᠡᠬᠦ ᠰᠡᠳᠦᠪ︾ ᠤᠨ | ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠪᠣᠳᠠᠲᠤ ᠠᠵᠢᠯᠯᠠᠭ᠎ᠠ ᠳᠡᠭᠡᠷ᠎ᠡ ᠪᠠᠨ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ | ᠬᠥᠭᠵᠢᠯᠲᠡ ᠶᠢᠨ ᠦᠷ᠎ᠡ ᠪᠦᠲᠦᠮᠵᠢ ᠳᠤᠮᠳᠠ ᠪᠠᠨ ᠢᠯᠡᠷᠡᠭᠦᠯᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠢ ᠪᠠ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠲᠦᠯᠬᠢᠨ ᠠᠬᠢᠭᠤᠯᠬᠤ ᠴᠢᠳᠠᠪᠤᠷᠢ ᠪᠠᠨ ᠲᠠᠰᠤᠷᠠᠯᠳᠠ | ᠦᠭᠡᠢ ᠳᠡᠭᠡᠭᠰᠢᠯᠡᠭᠦᠯᠵᠦ᠂ ᠬᠠᠤᠯᠢ ᠶᠢ ᠴᠢᠩᠭ᠎ᠠ ᠵᠢᠷᠤᠮᠵᠢᠭᠤᠯᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ | ᠵᠠᠰᠠᠭ ᠤᠨ ᠣᠷᠳᠣᠨ ᠤ ᠠᠵᠢᠯ ᠤᠨ ᠬᠠᠤᠯᠢᠵᠢᠭᠤᠯᠬᠤ᠂ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠬᠢᠷᠢ | ᠲᠦᠪᠰᠢᠨ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠡᠷᠬᠡ ᠶᠢ ᠢᠯᠡ ᠪᠠᠷ | ᠬᠡᠷᠡᠭᠵᠢᠭᠦᠯᠦᠨ᠎ᠡ᠃ | ᠠᠷᠠᠳ ᠤᠨ ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠬᠦ ᠶᠢ ᠢᠮᠠᠭᠲᠠ ᠲᠤᠭᠤᠰᠢᠯᠠᠭᠤᠯᠤᠨ᠎ᠠ᠃ ᠠᠯᠢᠪᠠ | ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠤ ᠤᠳᠤᠷᠢᠳᠤᠮᠵᠢ ᠳᠤ | ᠲᠦᠰᠢᠭᠯᠡᠬᠦ ᠶᠢ ᠪᠠᠲᠤ ᠪᠠᠬᠢ ᠪᠤᠢ ᠪᠣᠯᠭᠠᠵᠤ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ | ᠳᠣᠣᠷ᠎ᠠ᠂ ᠬᠥᠭᠵᠢᠯᠲᠡ ᠳᠤ ᠠᠰᠢᠭᠲᠠᠢ᠂ ᠠᠷᠠᠳ ᠤᠯᠠᠨ ᠳᠤ ᠠᠰᠢᠭᠲᠠᠢ ᠯᠠ ᠶᠤᠮ ᠪᠣᠯ ᠴᠥᠮ ᠵᠣᠷᠢᠭᠲᠠᠢ ᠪᠠᠷ | ᠲᠤᠷᠰᠢᠵᠤ᠂ ᠵᠣᠷᠢᠭᠲᠠᠢ ᠪᠠᠷ ᠬᠢᠵᠦ᠂ ᠰᠢᠨ᠎ᠡ ᠵᠠᠮ ᠢ ᠵᠣᠷᠢᠭᠲᠠᠢ ᠪᠠᠷ ᠰᠢᠪᠲᠤᠯᠵᠤ᠂ ᠬᠦᠴᠢᠷ ᠠᠰᠠᠭᠤᠳᠠᠯ ᠢ | ᠵᠣᠷᠢᠭᠲᠠᠢ ᠪᠠᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠪᠦᠬᠦ ᠲᠠᠯ᠎ᠠ ᠪᠠᠷ᠂ ᠥᠨᠳᠥᠷ ᠪᠦᠲᠦᠮᠵᠢᠲᠡᠢ᠂ ᠦᠳᠲᠡᠷ | ᠲᠦᠷᠭᠡᠨ ᠢᠶᠠᠷ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠦᠬᠦ ᠲᠤᠭᠤᠷᠢᠭ ᠢᠶᠠᠷ ᠢᠶᠠᠨ ︽ᠨᠢᠭᠡ ᠲᠠᠯ᠎ᠠ ᠶᠢᠨ | ᠬᠥᠭᠵᠢᠯᠲᠡ ᠶᠢ ᠡᠷᠢᠯᠬᠢᠯᠡᠵᠦ᠂ ᠨᠢᠭᠡ ᠲᠠᠯ᠎ᠠ ᠶᠢᠨ ᠪᠤᠶᠠᠨ ᠵᠢᠷᠭᠠᠯ ᠢ ᠨᠡᠮᠡᠭᠳᠡᠭᠦᠯᠬᠦ︾ ᠬᠦᠴᠦᠷᠬᠡᠭ ᠶᠡᠭᠡ ᠨᠢᠭᠲᠠᠷᠠᠯ ᠤᠨ | ᠬᠦᠴᠦᠨ ᠪᠠ ᠳᠠᠶᠢᠴᠢᠨ ᠬᠦᠴᠦᠨ ᠢ ᠪᠦᠷᠢᠯᠳᠦᠭᠦᠯᠬᠦ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ︾ ᠶᠢ ᠬᠢᠨᠠᠮᠠᠭᠠᠢ ᠭᠦᠢᠴᠡᠳᠬᠡᠵᠦ᠂ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠬᠢᠨᠠᠯᠲᠠ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ | ᠬᠤᠯᠪᠣᠯᠳᠤᠭᠤᠯᠤᠨ ᠬᠠᠮᠵᠢᠯᠴᠠᠭᠤᠯᠬᠤ ᠶᠢ ᠲᠦᠯᠬᠢᠨ ᠠᠬᠢᠭᠤᠯᠤᠨ᠎ᠠ᠃ ᠠᠵᠢᠯ ᠤᠨ ᠰᠤᠷᠲᠠᠯ ᠢᠶᠠᠨ ᠴᠥᠬᠦᠷᠡᠰᠢ ᠦᠭᠡᠢ | ᠰᠠᠶᠢᠵᠢᠷᠠᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠲᠦᠷᠭᠡᠨ ᠰᠢᠢᠳᠪᠦᠷᠢᠯᠡᠵᠦ᠂ ︽ᠭᠤᠷᠪᠠᠨ | ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ | ᠬᠦᠯᠢᠶᠡᠵᠦ ᠪᠣᠯᠬᠤ ᠦᠭᠡᠢ᠂ ᠬᠤᠶᠢᠰᠢᠯᠠᠭᠤᠯᠵᠤ ᠪᠣᠯᠬᠤ ᠦᠭᠡᠢ᠂ ᠤᠳᠠᠭᠠᠰᠢᠷᠠᠭᠤᠯᠵᠤ ᠪᠣᠯᠬᠤ ᠦᠭᠡᠢ ᠲᠦᠭᠰᠢᠭᠦᠷᠢᠲᠦ | ᠲᠥᠷᠥᠭᠳᠡᠯ ᠢ ᠨᠡᠮᠡᠭᠳᠡᠭᠦᠯᠵᠦ᠂ ᠪᠦᠬᠦ ᠲᠤᠭᠤᠷᠢᠭ ᠳᠠᠶᠠᠭᠠᠷ ᠲᠤ ︽ᠬᠥᠮᠥᠨ ᠨᠢ ᠠᠵᠢᠯᠯᠠᠬᠤ ᠶᠢ ᠪᠤᠳᠤᠬᠤ᠂ ᠬᠥᠮᠥᠨ ᠨᠢ | ᠤᠷᠤᠭᠰᠢᠯᠠᠬᠤ ᠶᠢ ᠪᠤᠳᠤᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠠ᠋︕ ᠤᠭ ᠰᠠᠨᠠᠭ᠎ᠠ ᠭᠠᠯ ᠪᠠᠮᠪᠠᠷ ᠮᠡᠲᠦ ᠪᠠᠲᠤ ᠴᠢᠩᠭ᠎ᠠ ᠪᠠᠶᠢᠬᠤ ᠳᠤ᠂ ᠭᠠᠭᠴᠠᠬᠦ ᠲᠡᠮᠡᠴᠡᠯ | ᠪᠠᠶᠢᠬᠤ ᠬᠡᠷᠡᠭᠲᠡᠢ︔ ᠬᠦᠨᠳᠦ ᠡᠭᠦᠷᠭᠡ ᠶᠢ ᠡᠭᠦᠷᠭᠡᠯᠡᠵᠦ᠂ ᠪᠣᠳᠠᠲᠠᠢ ᠠᠵᠢᠯᠯᠠᠬᠤ ᠳᠤ ᠯᠠ ᠲᠦᠰᠢᠭᠯᠡᠨ᠎ᠡ᠂ ᠥᠨᠥᠳᠥᠷ ᠤᠨ | ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠲᠠᠢ ᠪᠣᠯᠵᠤ᠂ ᠡᠷᠡᠮᠡᠬᠡᠶᠢᠯᠡᠨ | ᠲᠠᠪᠰᠢᠬᠤ ᠠᠶᠠᠨ ᠵᠠᠮ ᠮᠠᠰᠢ ᠶᠡᠭᠡ ᠡᠷᠡᠮᠡᠯᠵᠡᠯ ᠲᠠᠢ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠦᠨᠡᠨᠬᠦ ᠠᠳᠬᠤᠨ ᠪᠣᠳᠠᠲᠠᠢ | ᠠᠵᠢᠯᠯᠠᠵᠤ᠂ ᠲᠡᠮᠡᠴᠡᠯ ᠤᠨ ᠳᠦᠷᠰᠦ ᠪᠠᠶᠢᠳᠠᠯ ᠢᠶᠠᠷ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠲᠣᠩ ᠠᠷᠠᠳ ᠤᠨ ᠲᠣᠭᠤᠷᠢᠭ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |