ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ | ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠠᠷᠢᠭᠤᠨ | ᠴᠢᠬᠡᠴᠢ ᠪᠠᠷ ᠪᠡᠶ᠎ᠡ ᠪᠠᠨ ᠪᠠᠷᠢᠬᠤ ᠶᠢ ᠰᠢᠪᠠᠳᠠᠨ ᠵᠢᠯᠤᠭᠤᠳᠴᠤ᠂ ᠠᠷᠠᠳ ᠲᠦᠮᠡᠨ ᠢᠶᠠᠷ ᠭᠤᠣᠯ ᠪᠣᠯᠭᠠᠬᠤ ᠦᠨᠳᠦᠰᠦᠨ | ᠵᠣᠭᠰᠣᠯᠲᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠣᠶᠢᠷ᠎ᠠ ᠶᠢᠨ ᠡᠳᠦᠷ᠂ ᠬᠤᠲᠣᠩ ᠠᠷᠠᠳ ᠤᠨ ᠲᠣᠭᠤᠷᠢᠭ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠨᠠᠮ ᠤᠨ ᠡᠭᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠵᠦ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠥᠭᠬᠦ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠢ ᠰᠤᠷᠤᠯᠴᠠᠪᠠ᠃ | | | | | ᠨᠠᠮ ᠤᠨ ᠡᠭᠦᠷ ᠤᠨ ᠳᠡᠳ᠋ ᠱᠦᠵᠢ ︽ᠳᠦᠷᠢᠮ︾ ᠳᠤ ᠰᠢᠨ᠎ᠡ ᠪᠠᠷ ᠨᠡᠮᠡᠭᠰᠡᠨ ᠵᠠᠰᠠᠪᠤᠷᠢ ᠣᠷᠣᠭᠤᠯᠤᠭᠰᠠᠨ | ᠠᠭᠤᠯᠭ᠎ᠠ ᠶᠢᠨ ᠲᠣᠭᠤᠷᠢᠨ ᠳᠤ ᠲᠣᠳᠣᠷᠬᠠᠶᠢᠯᠠᠯᠲᠠ ᠬᠢᠵᠦ᠂ ︽ᠳᠦᠷᠢᠮ︾ ᠳᠤ ᠨᠡᠶᠢᠲᠡ 3 ᠠᠩᠭᠢ᠂ 11 ᠪᠦᠯᠦᠭ᠂ | 158 ᠵᠦᠢᠯ ᠪᠠᠶᠢᠵᠤ᠂ 2018 ᠣᠨ ᠤ ︽ᠳᠦᠷᠢᠮ︾ ᠲᠠᠢ ᠬᠠᠷᠢᠴᠠᠭᠤᠯᠪᠠᠯ 16 ᠵᠦᠢᠯ ᠨᠡᠮᠡᠵᠦ᠂ 76 ᠵᠦᠢᠯ ᠳᠤ | ᠵᠠᠰᠠᠪᠤᠷᠢ ᠣᠷᠣᠭᠤᠯᠵᠤ᠂ ︽ᠳᠦᠷᠢᠮ︾ ᠤᠨ ᠭᠤᠷᠪᠠᠳᠤᠭᠠᠷ ᠪᠦᠯᠦᠭ ᠤᠨ ᠠᠭᠤᠯᠭ᠎ᠠ ᠶᠢ ᠰᠤᠷᠤᠯᠴᠠᠭᠰᠠᠨ ᠪᠠᠶᠢᠨ᠎ᠠ᠃ | ᠰᠤᠷᠤᠯᠴᠠᠯᠭ᠎ᠠ ᠪᠠᠷ ᠳᠡᠮᠵᠢᠨ᠂ ᠣᠯᠠᠨ ᠢᠶᠠᠷ ᠢᠶᠠᠨ ᠡᠨᠡ ᠤᠳᠠᠭ᠎ᠠ ︽ᠳᠦᠷᠢᠮ︾ ᠳᠤ ᠵᠠᠰᠠᠪᠤᠷᠢ ᠣᠷᠣᠭᠤᠯᠬᠤ ᠪᠣᠯ ᠪᠦᠬᠦ | ᠨᠠᠮ ᠢᠶᠠᠷ ᠢᠶᠠᠨ ︽ᠬᠤᠶᠠᠷ ᠢ ᠲᠤᠭᠲᠠᠭᠠᠭᠰᠠᠨ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ | ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠪᠦᠬᠦ | ᠨᠠᠮ ᠢ ᠬᠠᠮᠢᠶᠠᠷᠴᠤ ᠪᠦᠬᠦ ᠨᠠᠮ ᠢ ᠵᠠᠰᠠᠬᠤ ᠶᠢᠨ ᠪᠣᠳᠠᠲᠤ ᠬᠡᠷᠡᠭᠴᠡᠭᠡ ᠮᠥᠨ᠂ ᠨᠠᠮ ᠢ ᠴᠢᠩᠭ᠎ᠠ ᠬᠠᠮᠢᠶᠠᠷᠴᠤ ᠨᠠᠮ ᠢ | ᠴᠢᠩᠭ᠎ᠠ ᠵᠠᠰᠠᠭᠰᠠᠨ ᠲᠤᠷᠰᠢᠯᠭ᠎ᠠ ᠶᠢ ᠳ᠋ᠦᠩᠨᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠡᠶᠡᠯᠡᠭᠦᠯᠬᠦ ᠶᠢᠨ | ᠦᠢᠯᠡᠳᠦᠯᠭᠡ ᠶᠢᠨ ᠱᠠᠭᠠᠷᠳᠠᠯᠭ᠎ᠠ ᠮᠥᠨ᠃ ᠪᠦᠬᠦ ᠨᠠᠮ ᠤᠨ ᠰᠢᠨ᠎ᠡ ᠠᠶᠠᠨ ᠵᠠᠮ ᠳᠠᠬᠢ ᠬᠠᠷᠠᠯᠲᠠ ᠨᠢᠭᠡᠳᠬᠦ᠂ | ᠪᠦᠯᠬᠦᠮᠳᠡᠨ ᠨᠢᠭᠡᠳᠬᠦ᠂ ᠠᠯᠬᠤᠮ ᠢᠶᠠᠨ ᠨᠢᠭᠡᠳᠬᠡᠬᠦ ᠶᠢ ᠠᠬᠢᠭᠤᠯᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠬᠦ | ᠲᠠᠯ᠎ᠠ ᠪᠠᠷ ᠴᠢᠩᠭ᠎ᠠ ᠪᠠᠶᠢᠯᠭᠠᠬᠤ ᠶᠢ ᠲᠠᠶᠢᠴᠢᠯᠠᠵᠤ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠲᠠᠰᠤᠷᠠᠯᠳᠠ ᠦᠭᠡᠢ ᠨᠡᠮᠡᠭᠳᠡᠭᠦᠯᠬᠦ ᠳᠤ | ᠠᠰᠢᠭᠲᠠᠢ ᠶᠤᠮ᠃ | ᠰᠤᠷᠤᠯᠴᠠᠯᠭ᠎ᠠ ᠪᠠᠷ ᠳᠡᠮᠵᠢᠨ᠂ ︽ᠳᠦᠷᠢᠮ︾ ᠪᠣᠯ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ ᠬᠦᠴᠦᠲᠦ | ᠵᠡᠪᠰᠡᠭ ᠮᠥᠨ ᠭᠡᠳᠡᠭ ᠢ ᠣᠯᠠᠨ ᠢᠶᠠᠷ ᠢᠶᠠᠨ ᠭᠦᠢᠴᠡᠳ ᠲᠠᠨᠢᠵᠤ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ | ᠪᠠᠲᠤᠯᠠᠬᠤ ᠴᠢᠬᠤᠯᠠ ᠨᠥᠬᠦᠴᠡᠯ ᠮᠥᠨ᠂ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢᠨ | ᠪᠡᠶᠡᠯᠡᠭᠳᠡᠬᠦ ᠶᠢᠨ ᠴᠢᠬᠤᠯᠠ ᠪᠠᠲᠤᠯᠠᠭ᠎ᠠ ᠮᠥᠨ᠂ ᠨᠠᠮ ᠤᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ | ᠴᠢᠩᠭᠠᠳᠬᠠᠬᠤ᠂ ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠨᠢᠭᠲᠠᠷᠠᠭᠤᠯᠬᠤ ᠳᠤ | ᠲᠤᠶᠢᠯ ᠤᠨ ᠴᠢᠬᠤᠯᠠ ᠦᠢᠯᠡᠳᠦᠯ ᠲᠠᠢ ᠶᠤᠮ᠂ ᠭᠠᠭᠴᠠ ᠬᠦ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢᠨ | ᠰᠤᠷᠤᠯᠴᠠᠯᠭ᠎ᠠ ᠶᠢ ᠲᠠᠰᠤᠷᠠᠯᠳᠠ ᠦᠭᠡᠢ ᠴᠢᠩᠭᠠᠳᠬᠠᠪᠠᠯ ᠰᠠᠶ᠋ᠢ ᠵᠥᠪ ᠪᠤᠷᠤᠭᠤ ᠶᠢ ᠲᠣᠳᠣᠷᠬᠠᠶᠢᠯᠠᠵᠤ᠂ ᠴᠢᠬᠢ | ᠬᠤᠷᠴᠠ ᠨᠢᠳᠦ ᠭᠢᠷᠠᠬᠠᠢ ᠪᠠᠶᠢᠵᠤ᠂ ᠰᠠᠶ᠋ᠢ ᠱᠠᠮᠰᠢᠬᠤ ᠦᠭᠡᠢ᠂ ᠰᠣᠬᠤᠷ ᠪᠠᠯᠠᠢ ᠪᠠᠷ ᠲᠠᠭᠠᠬᠤ ᠦᠭᠡᠢ᠂ ᠳᠤᠷ᠎ᠠ ᠪᠠᠷ ᠢᠶᠠᠨ | ᠶᠠᠷᠢᠯᠴᠠᠬᠤ ᠦᠭᠡᠢ ᠪᠠᠶᠢᠬᠤ ᠶᠢ ᠪᠡᠶᠡᠯᠡᠭᠦᠯᠵᠦ᠂ ᠡᠭᠦᠨ ᠤ ᠤᠯᠠᠮ ᠠᠴᠠ ᠡᠪ ᠬᠠᠮᠲᠤ ᠨᠠᠮ ᠤᠨ ᠭᠡᠰᠢᠭᠦᠨ ᠤ | ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠵᠤ ᠴᠢᠳᠠᠨ᠎ᠠ᠃ | ᠳᠠᠷᠠᠭᠠᠴᠢ ᠶᠢᠨ ᠠᠯᠬᠤᠮ ᠳᠤ᠂ ᠨᠠᠮ ᠤᠨ ᠡᠭᠦᠷ ᠠᠴᠠ ᠨᠠᠮ ᠤᠨ ᠭᠡᠰᠢᠭᠦᠨ ᠳᠤ ᠬᠢᠬᠦ ᠤᠬᠠᠭᠤᠯᠭ᠎ᠠ | ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ | ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠨᠠᠮ ᠤᠨ ᠭᠡᠰᠢᠭᠦᠨ ᠢ ᠢᠮᠠᠭᠲᠠ ᠦᠨᠡᠨᠴᠢ ᠰᠢᠳᠤᠷᠭᠤ ᠴᠡᠪᠡᠷ | ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠣᠣᠷ ᠴᠢᠨᠠᠷ ᠢᠶᠠᠨ ᠪᠠᠲᠤᠯᠠᠬᠤ ᠬᠡᠷᠡᠭᠲᠡᠢ ᠭᠡᠵᠦ | ᠱᠠᠭᠠᠷᠳᠠᠨ᠎ᠠ᠃ | | | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |