ᠭᠤᠷᠪᠠᠳᠤᠭᠠᠷ ᠡᠭᠡᠯᠵᠢ ᠶᠢᠨ ᠬᠤᠶᠠᠳᠤᠭᠠᠷ ᠪᠦᠯᠦᠭ ᠤᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠡᠬᠢᠯᠡᠪᠡ
ᠨᠡᠶᠢᠲᠡᠯᠡᠭᠰᠡᠨ ᠴᠠᠭ᠄
2024/5/10
      ᠰᠤᠷᠪᠤᠯᠵᠢᠯᠠᠬᠴᠢ 7 ᠤ ᠡᠳᠦᠷ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠣᠶᠢᠯᠠᠭᠠᠭᠰᠠᠨ ᠢᠶᠠᠷ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ ᠭᠤᠷᠪᠠᠳᠤᠭᠠᠷ ᠡᠭᠡᠯᠵᠢ ᠶᠢᠨ ᠬᠤᠶᠠᠳᠤᠭᠠᠷ ᠪᠦᠯᠦᠭ ᠤᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠪᠦᠭᠦ ᠲᠠᠯ᠎ᠠ ᠪᠠᠷ ᠡᠬᠢᠯᠡᠪᠡ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ 7 ᠬᠢᠨᠠᠨ ᠪᠠᠶᠢᠴᠠᠭᠠᠬᠤ ᠳᠤᠭᠤᠶᠢᠯᠠᠩ ᠲᠣᠰ ᠲᠣᠰ ᠱᠠᠩᠬᠠᠢ᠂ ᠵᠧᠵᠢᠶᠠᠩ᠂ ᠵᠢᠶᠠᠩᠰᠢ᠂ ᠬᠤᠪᠧᠢ᠂ ᠬᠤᠨᠠᠨ᠂ ᠴᠦᠩᠴᠢᠩ᠂ ᠶᠦᠨᠨᠠᠨ ᠵᠡᠷᠭᠡ 7 ᠮᠤᠵᠢ ︵ᠬᠤᠲᠠ︶ ᠳᠤ ᠨᠢᠭᠡ ᠰᠠᠷ᠎ᠠ ᠶᠢᠨ ᠬᠤᠭᠤᠴᠠᠭ᠎ᠠ ᠲᠠᠢ ᠬᠢᠨᠠᠨ ᠪᠠᠶᠢᠴᠠᠭᠠᠬᠤ ᠪᠠᠷ ᠣᠷᠣᠵᠤ ᠰᠠᠭᠤᠬᠤ ᠠᠵᠢᠯ ᠥᠷᠨᠢᠭᠦᠯᠵᠦ᠂ ᠰᠠᠪᠠ ᠭᠠᠵᠠᠷ ᠤᠨ ᠬᠢᠨᠠᠨ ᠪᠠᠶᠢᠴᠠᠭᠠᠯᠲᠠ ᠪᠠ ᠮᠤᠵᠢ ᠶᠢᠨ ᠬᠡᠪᠴᠢᠶᠡᠨ ᠤ ᠬᠢᠨᠠᠨ ᠪᠠᠶᠢᠴᠠᠭᠠᠯᠲᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠬᠦ ᠪᠣᠯᠣᠨ᠎ᠠ᠃      ᠣᠶᠢᠯᠠᠭᠠᠭᠰᠠᠨ ᠢᠶᠠᠷ᠂ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠮᠤᠵᠢ ᠶᠢᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠮᠤᠵᠢ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ᠂ ᠲᠤᠰᠬᠠᠢ ᠣᠷᠣᠨ ᠤ ᠳᠡᠰ ᠤᠨ ᠬᠤᠲᠠ ᠶᠢᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠃ ᠬᠢᠨᠠᠨ ᠪᠠᠶᠢᠴᠠᠭᠠᠬᠤ ᠳᠤᠭᠤᠶᠢᠯᠠᠩ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠰᠠᠪᠠ ᠭᠠᠵᠠᠷ ᠤᠨ ᠴᠢᠨᠠᠷᠲᠠᠢ ᠪᠦᠬᠦᠯᠢ ᠴᠣᠭᠴᠠ ᠶᠢᠨ ᠴᠢᠨᠠᠷᠲᠠᠢ ᠠᠰᠠᠭᠤᠳᠠᠯ ᠵᠢᠴᠢ ᠠᠮᠢ ᠠᠬᠤᠢ ᠣᠷᠴᠢᠨ ᠲᠣᠭᠤᠷᠢᠨ ᠤ ᠨᠡᠶᠢᠲᠡᠯᠢᠭ ᠴᠢᠨᠠᠷᠲᠠᠢ ᠠᠰᠠᠭᠤᠳᠠᠯ ᠢ ᠠᠩᠬᠠᠷᠤᠨ᠎ᠠ︔ ᠪᠠᠰᠠ ᠡᠯ᠎ᠡ ᠮᠤᠵᠢ ︵ᠬᠤᠳᠠ︶ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ ᠲᠣᠭᠲᠠᠭᠠᠯᠲᠠ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠡᠯ᠎ᠡ ᠮᠤᠵᠢ ︵ᠬᠤᠳᠠ︶ ᠶᠢᠨ ᠲᠣᠪᠣᠶᠢᠮ᠎ᠠ ᠠᠰᠠᠭᠤᠳᠠᠯ ᠢ ᠣᠨᠣᠪᠴᠢᠲᠠᠢ ᠡᠷᠢᠵᠦ ᠭᠠᠷᠭᠠᠨ᠎ᠠ᠃      ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠬᠥᠬᠡᠮᠥ᠋ᠷᠡᠨ ᠤ ᠬᠠᠮᠠᠭᠠᠯᠠᠯᠲᠠ ᠶᠢᠨ ᠬᠠᠤᠯᠢ ᠵᠡᠷᠭᠡ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ ᠡᠭᠦᠨ ᠠᠴᠠ ᠡᠮᠦᠨᠡᠬᠢ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠷᠠᠳ ᠣᠯᠠᠨ ᠤ ᠲᠤᠰᠬᠠᠯ ᠲᠣᠪᠣᠶᠢᠮ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ  ᠵᠡᠷᠭᠡ 10 ᠭᠠᠷᠤᠢ ᠪᠠᠶᠢᠳᠠᠯ ᠳᠤ  ᠠᠩᠬᠠᠷᠤᠯ ᠲᠥᠪᠯᠡᠷᠡᠭᠦᠯᠦᠨ᠎ᠡ᠃ ᠣᠷᠣᠵᠤ ᠰᠠᠭᠤᠬᠤ ᠬᠤᠭᠤᠴᠠᠭᠠᠨ ᠳᠤ᠂ ᠡᠯ᠎ᠡ ᠬᠢᠨᠠᠨ ᠪᠠᠶᠢᠴᠠᠭᠠᠬᠤ ᠳᠤᠭᠤᠶᠢᠯᠠᠩ ᠲᠤᠰ ᠲᠤᠰ ᠬᠠᠷᠢᠯᠴᠠᠬᠤ ᠤᠲᠠᠰᠤ ᠪᠠ ᠰᠢᠤᠳᠠᠨ ᠤ ᠬᠠᠶᠢᠷᠴᠠᠭ ᠭᠠᠷᠭᠠᠵᠤ᠂ ᠬᠢᠨᠠᠨ ᠪᠠᠶᠢᠴᠠᠭᠠᠭᠳᠠᠬᠤ ᠡᠲᠡᠭᠡᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠵᠠᠬᠢᠳᠠᠯ ᠪᠠ ᠤᠲᠠᠰᠤ ᠢᠷᠡᠭᠦᠯᠵᠦ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠨ᠎ᠡ᠃      ᠡᠭᠦᠨ ᠠᠴᠠ ᠭᠠᠳᠠᠨ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠣᠶᠢᠷ᠎ᠠ ᠳᠤ ᠬᠢᠨᠠᠨ ᠪᠠᠶᠢᠴᠠᠭᠠᠭᠳᠠᠬᠤ ᠡᠲᠡᠭᠡᠳ ᠲᠤ ᠲᠤᠰᠬᠠᠶᠢᠯᠠᠨ ᠵᠠᠬᠢᠳᠠᠯ ᠢᠯᠡᠭᠡᠵᠦ᠂ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠨᠠᠷᠢᠯᠢᠭ ᠣᠨᠣᠴᠠᠲᠠᠢ ᠠᠬᠢᠭᠤᠯᠵᠤ᠂︽ᠡᠷᠡᠰ ᠬᠤᠷᠢᠭᠯᠠᠬᠤ︾ᠪᠠ︽ᠳᠤᠷ᠎ᠠ ᠪᠠᠷ ᠢᠶᠠᠨ ᠬᠠᠷᠢᠭᠤᠴᠠᠯᠭ᠎ᠠ ᠨᠡᠬᠡᠮᠵᠢᠯᠡᠬᠦ︾ ᠶᠢ ᠴᠠᠭᠠᠵᠠᠯᠠᠬᠤ ᠶᠢᠨ ᠬᠠᠮᠲᠤ ᠬᠢᠨᠠᠨ ᠪᠠᠶᠢᠴᠠᠭᠠᠬᠤ ᠭᠥᠯᠢᠶᠡᠨ ᠠᠪᠬᠤ ᠲᠣᠬᠢᠷᠠᠭᠤᠯᠤᠯᠲᠠ ᠶᠢ ᠳᠥᠭᠦᠮᠴᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 7 ᠤ ᠴᠠᠭᠢᠯᠭᠠᠨ ᠮᠡᠳᠡᠭᠡ ᠠᠴᠠ  ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号