3911 ᠠᠵᠢᠯᠲᠠᠨ ᠡᠯᠰᠡᠨ᠎ᠡ
ᠨᠡᠶᠢᠲᠡᠯᠡᠭᠰᠡᠨ ᠴᠠᠭ᠄
2024/5/10
      ᠤᠯᠤᠰ ᠤᠨ ᠠᠯᠪᠠᠲᠠᠨ ᠤ ᠲᠣᠪᠴᠢᠶ᠎ᠠ ᠠᠯᠪᠠᠨ ᠵᠠᠷᠯᠠᠯ ᠨᠡᠶᠢᠲᠡᠯᠡᠵᠦ᠂ ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠨᠥᠬᠦᠵᠦ ᠡᠯᠰᠡᠬᠦ ᠠᠵᠢᠯ ᠡᠬᠢᠯᠡᠪᠡ᠃ ᠰᠢᠯᠭᠠᠭᠤᠯᠤᠭᠴᠢ 5 ᠰᠠᠷ᠎ᠠ ᠶᠢᠨ 8 ᠤ ᠡᠳᠦᠷ ᠤᠨ 8᠄ 00 ᠠᠴᠠ 5 ᠰᠠᠷ᠎ᠠ ᠶᠢᠨ 10 ᠤ ᠡᠳᠦᠷ ᠤᠨ 18᠄ 00 ᠪᠤᠯᠲᠠᠯ᠎ᠠ ︽ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠡᠯᠰᠡᠬᠦ ᠰᠢᠯᠭᠠᠯᠲᠠ ᠶᠢᠨ ᠲᠤᠰᠬᠠᠢ ᠰᠦᠯᠵᠢᠶ᠎ᠡ︾(http᠄//bm.scs.gov.cn/kl2024) ᠳᠤ ᠭᠠᠷᠴᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠣᠨ᠎ᠠ᠂ ᠨᠢᠭᠤᠷᠲᠠᠨ ᠰᠢᠯᠭᠠᠯᠲᠠ 5 ᠰᠠᠷ᠎ᠠ ᠶᠢᠨ ᠳᠤᠮᠳᠠᠴᠢ ᠪᠠᠷ ᠶᠠᠪᠤᠭᠳᠠᠨ᠎ᠠ᠃      ᠲᠣᠰ ᠤᠳᠠᠭᠠᠨ ᠤ ᠨᠥᠬᠦᠨ ᠡᠯᠰᠡᠯᠲᠡ ᠳᠤ ᠨᠡᠶᠢᠲᠡ 22 ᠰᠠᠯᠠᠭ᠎ᠠ ᠮᠥᠴᠢᠷ ᠣᠷᠣᠯᠴᠠᠵᠤ᠂ 3911 ᠬᠥᠮᠥᠨ ᠡᠯᠰᠡᠬᠦ ᠪᠠᠷ ᠲᠥᠯᠥᠪᠯᠡᠵᠦ ᠪᠤᠶ᠂ ᠡᠭᠦᠨ ᠳᠤ 3000 ᠭᠠᠷᠤᠢ ᠲᠤᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠪᠠᠷ ᠪᠤᠶ᠃ ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠰᠢᠯᠭᠠᠨ ᠡᠯᠰᠡᠬᠦ ᠪᠢᠷ ᠤᠨ ᠰᠢᠯᠭᠠᠯᠲᠠ ᠳᠤ ᠣᠷᠣᠯᠴᠠᠵᠤ᠂ ᠣᠯᠠᠨ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠪᠤᠯᠪᠠᠴᠤ ᠤᠤᠯ ᠤᠨ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠳᠤ ᠡᠯᠰᠡᠭᠳᠡᠭᠰᠡᠨ ᠦᠭᠡᠢ ᠬᠥᠮᠥᠰ ᠨᠡᠷ᠎ᠡ ᠮᠡᠳᠡᠭᠦᠯᠵᠦ ᠪᠣᠯᠣᠨ᠎ᠠ᠃      ᠨᠠᠷᠢᠨ ᠠᠭᠤᠯᠭ᠎ᠠ ᠶᠢ ᠲᠤᠰ ᠬᠤᠯᠪᠣᠭᠠᠰᠤ ᠶᠢ ᠲᠣᠪᠴᠢᠳᠠᠵᠤ ᠣᠶᠢᠯᠠᠭᠠᠭᠠᠷᠠᠢ᠃https://mp.weixin.qq.com/s/4XhMp2hUIUOJec1J_Fp7cw
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号