ᠬᠤᠲᠣᠩ ᠠᠷᠠᠳ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ
ᠨᠡᠶᠢᠲᠡᠯᠡᠭᠰᠡᠨ ᠴᠠᠭ᠄
2024/5/11
ᠬᠤᠲᠣᠩ ᠠᠷᠠᠳ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠯ᠎ᠡ ᠨᠢᠭᠡᠴᠢ᠄      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠭᠠᠮᠰᠢᠭ ᠢ ᠰᠡᠷᠭᠡᠶᠢᠯᠡᠬᠦ ᠪᠠ ᠰᠢᠢᠳᠪᠦᠷᠢᠯᠡᠬᠦ ᠶᠢ ᠦᠨᠡᠨᠬᠦ ᠰᠠᠶᠢᠲᠤᠷ ᠬᠢᠵᠦ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠠᠵᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠦᠶᠡᠷ ᠤᠨ ᠬᠤᠭᠤᠴᠠᠭᠠᠨ ᠤ ᠬᠤᠲᠣᠩ ᠠᠷᠠᠳ ᠤᠨ ᠲᠣᠭᠤᠷᠢᠭ ᠤᠨ ᠠᠮᠤᠷ ᠲᠦᠪᠰᠢᠨ ᠡᠮᠬᠢ ᠳᠢᠭᠯᠢᠮ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃      ᠨᠢᠭᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ      ᠠᠶᠤᠯ ᠲᠦᠭᠰᠢᠭᠦᠷᠢ ᠭᠠᠷᠤᠭᠰᠠᠨ ᠭᠠᠵᠠᠷ ᠤᠨ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠨ᠎ᠡ᠃      ᠬᠤᠶᠠᠷ᠂ ᠠᠵᠢᠯ ᠤᠨ ᠵᠠᠷᠴᠢᠮ      ︵ᠨᠢᠭᠡ︶ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠨ᠎ᠠ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ︾ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠰᠡᠷᠭᠡᠶᠢᠯᠡᠬᠦ ᠠᠵᠢᠯ ᠳᠤ ᠴᠠᠭ ᠲᠤᠬᠠᠢ ᠳᠤᠨᠢ ᠡᠷᠲᠡᠬᠡᠨ ᠣᠷᠣᠯᠴᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠬᠤ ᠬᠡᠷᠡᠭᠲᠡᠢ᠃      ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠵᠤ᠂ ᠡᠷᠡᠰ ᠲᠠᠰᠤᠷᠬᠠᠢ ᠰᠢᠢᠳᠪᠦᠷᠢᠯᠡᠬᠦ ᠬᠡᠷᠡᠭᠲᠡᠢ᠃ ᠠᠶᠤᠯ ᠲᠦᠭᠰᠢᠭᠦᠷᠢ ᠡᠭᠦᠰᠪᠡᠯ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ᠂ ᠲᠦᠷᠭᠡᠨ ᠲᠤᠰᠬᠠᠬᠤ᠂ ᠢᠳᠡᠪᠬᠢᠲᠡᠢ ᠪᠠᠷ ᠰᠡᠷᠭᠡᠶᠢᠯᠡᠨ ᠡᠵᠡᠮᠳᠡᠬᠦ ᠵᠠᠷᠴᠢᠮ ᠶᠣᠰᠣᠭᠠᠷ᠂ ᠰᠡᠷᠭᠡᠶᠢᠯᠡᠨ ᠵᠠᠰᠠᠬᠤ᠂ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠤᠯ ᠤᠨ ᠪᠠᠶᠢᠳᠠᠯ ᠤᠨ ᠬᠤᠭᠤᠴᠠᠭᠠᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠦᠨᠳᠦᠰᠦᠯᠡᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃      ︵ᠭᠤᠷᠪᠠ︶ ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠪᠢᠶᠠᠷᠢ ᠲᠣᠪᠴᠢᠶᠠᠨ ᠤ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠪᠠᠷ ᠭᠤᠣᠯ ᠪᠣᠯᠭᠠᠬᠤ ᠵᠠᠷᠴᠢᠮ᠃ ᠡᠯ᠎ᠡ ᠨᠢᠭᠡᠴᠢ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠠᠵᠢᠯ ᠢᠶᠠᠨ ᠬᠤᠪᠢᠳᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠪᠤᠰᠢᠭᠤ ᠲᠦᠷᠭᠡᠨ ᠪᠦᠲᠦᠮᠵᠢᠲᠡᠶ ᠥᠷᠨᠢᠭᠦᠯᠬᠦ ᠬᠡᠷᠡᠭᠲᠡᠢ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠨᠢᠭᠡᠴᠢ ᠨᠦᠭᠦᠳ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠲᠡᠪᠴᠢᠵᠦ᠂ ᠲᠤᠰᠬᠠᠢ ᠬᠥᠮᠥᠨ ᠰᠣᠩᠭᠤᠨ ᠬᠠᠷᠢᠭᠤᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠬᠠᠮᠢᠶ᠎ᠠ ᠪᠦᠬᠦᠢ ᠠᠵᠢᠯ ᠳᠤ ᠨᠢᠭᠲᠠ ᠬᠠᠮᠵᠢᠯᠴᠠᠨ᠂ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠡᠷᠲᠡᠬᠡᠨ ᠬᠥᠳᠡᠯᠦᠯᠴᠡᠵᠦ᠂ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠴᠤ᠂ ᠬᠤᠲᠣᠩ ᠠᠷᠠᠳ ᠤᠨ ᠲᠣᠭᠤᠷᠢᠭ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠡᠯ᠎ᠡ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠬᠤ᠂ ᠠᠵᠢᠯ ᠤᠨ ᠪᠠᠶᠢᠷᠢᠯᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠭᠤᠭᠴᠤᠭ᠎ᠠ ᠶᠢᠨ ᠲᠠᠯ᠎ᠠ ᠪᠠᠷ ᠪᠣᠳᠠᠲᠠᠢ ᠨᠠᠶᠢᠳᠠᠪᠤᠷᠢᠵᠢᠭᠤᠯᠬᠤ ᠶᠢᠨ ᠬᠠᠮᠲᠤ ᠦᠵᠡᠯ ᠰᠠᠨᠠᠭᠠᠨ ᠤ ᠳᠠᠶᠢᠴᠢᠯᠠᠯᠲᠠ ᠪᠣᠯᠣᠨ ᠪᠣᠳᠠᠲᠠᠢ ᠡᠭᠦᠷᠭᠡ ᠭᠦᠢᠴᠡᠳᠬᠡᠬᠦ ᠰᠣᠷᠢᠯᠲᠠ ᠶᠢᠨ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃      ︵ᠭᠤᠷᠪᠠ︶ ᠵᠢᠵᠢᠭᠦᠷᠯᠡᠵᠦ ᠠᠵᠢᠯ ᠳᠤ ᠪᠡᠯᠡᠳᠬᠡᠬᠦ ᠳᠦᠷᠢᠮ ᠢ ᠴᠢᠩᠳᠠᠯᠠᠨ᠎ᠠ᠃ ᠲᠦᠭᠰᠢᠭᠦᠷᠢᠲᠦ ᠪᠠᠶᠢᠳᠠᠯ ᠤᠨ ᠬᠤᠭᠤᠴᠠᠭᠠᠨ ᠳᠤ᠂ ᠡᠯ᠎ᠡ ᠨᠢᠭᠡᠴᠢ ᠶᠢᠨ ᠬᠢᠨ 24 ᠴᠠᠭ ᠢᠶᠠᠷ ᠵᠢᠵᠢᠭᠦᠷᠯᠡᠵᠦ ᠠᠵᠢᠯ ᠳᠤ ᠪᠡᠯᠡᠳᠬᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠳᠡᠭᠡᠳᠦ ᠱᠠᠲᠤᠨ ᠤ ᠵᠠᠷᠯᠢᠭ ᠢ ᠴᠠᠭ ᠲᠤᠬᠠᠢ  ᠳᠤᠨᠢ ᠤᠯᠠᠮᠵᠢᠯᠠᠵᠤ᠂ ᠪᠠᠶᠢᠳᠠᠯ ᠢ ᠴᠤᠭᠯᠠᠭᠤᠯᠵᠤ᠂ ᠴᠠᠭ ᠲᠤᠬᠠᠢ ᠳᠤᠨᠢ ᠠᠵᠢᠯ ᠤᠨ ᠵᠠᠷᠯᠢᠭ ᠪᠠᠭᠤᠯᠭᠠᠬᠤ ᠬᠡᠷᠡᠭᠲᠡᠢ᠃ ᠬᠤᠯᠪᠣᠭᠳᠠᠯ ᠪᠦᠬᠦᠢ ᠨᠢᠭᠡᠴᠢ ᠨᠦᠭᠦᠳ ᠴᠠᠭᠳᠠᠭᠠᠨ ᠤ ᠬᠦᠴᠦᠨ ᠤ ᠪᠡᠯᠡᠳᠬᠡᠯ ᠠᠵᠢᠯ ᠢ ᠭᠦᠢᠴᠡᠳ ᠲᠣᠬᠢᠷᠠᠭᠤᠯᠵᠤ᠂ ᠪᠤᠢ ᠪᠦᠬᠦᠢ ᠠᠵᠢᠯᠲᠠᠨ ᠤ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠨᠢᠭᠡ ᠪᠠᠶᠢᠳᠠᠯ ᠪᠠᠶᠢᠪᠠᠯ ᠦᠳᠲᠡᠷ ᠲᠦᠷᠭᠡᠨ ᠴᠤᠭᠯᠠᠷᠠᠵᠤ᠂ ᠪᠠᠶᠢᠯᠳᠤᠭᠠᠨ ᠤ ᠨᠢᠰᠬᠡᠯ ᠢ ᠰᠠᠭᠠᠲᠠᠭᠠᠵᠤ ᠪᠣᠯᠬᠤ ᠦᠭᠡᠢ᠃      ︵ᠳᠥᠷᠪᠡ︶ ᠬᠠᠷᠢᠭᠤᠴᠠᠯᠭᠠᠲᠤ ᠤᠳᠤᠷᠢᠳᠤᠯᠭ᠎ᠠ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ᠂ ᠠᠷᠭ᠎ᠠ ᠬᠡᠮᠵᠢᠶ᠎ᠡ ᠶᠢ ᠵᠣᠬᠢᠰᠲᠠᠢ ᠬᠡᠷᠡᠭᠯᠡᠵᠦ᠂ ᠠᠵᠢᠯ ᠤᠨ ᠠᠯᠳᠠᠰᠢ ᠭᠠᠷᠭᠠᠬᠤ ᠶᠢ ᠰᠡᠷᠭᠡᠶᠢᠯᠡᠬᠦ ᠬᠡᠷᠡᠭᠲᠡᠢ᠃      ︵ᠲᠠᠪᠤ︶ ᠡᠯ᠎ᠡ ᠲᠣᠮᠢᠯᠠᠭᠰᠠᠨ ᠰᠠᠯᠪᠤᠷᠢ ᠲᠦᠭᠰᠢᠭᠦᠷᠢᠲᠦ ᠪᠠᠶᠢᠳᠠᠯ ᠭᠠᠷᠪᠠᠯ ᠲᠡᠷᠡ ᠳᠠᠷᠤᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠠᠪᠤᠴᠠ ᠳᠤ᠂ ᠲᠤᠰ ᠪᠡᠶ᠎ᠡ ᠶᠢᠨ ᠠᠮᠤᠷ ᠲᠦᠪᠰᠢᠨ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃                              ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                              ᠬᠤᠲᠣᠩ ᠠᠷᠠᠳ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ                                    2024 ᠣᠨ ᠤ 5 ᠰᠠᠷ᠎ᠠ ᠶᠢᠨ 9 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号