@ ᠵᠠᠯᠠᠭᠤᠴᠤᠳ ᠪᠠᠭᠠᠴᠤᠳ ᠨᠡᠷ᠎ᠡ ᠪᠠᠨ ᠮᠡᠳᠡᠭᠦᠯᠵᠡᠭᠡᠶ᠎ᠡ
ᠨᠡᠶᠢᠲᠡᠯᠡᠭᠰᠡᠨ ᠴᠠᠭ᠄
2024/5/11
      ᠪᠦᠭᠦ ᠤᠯᠤᠰ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠥᠪ ᠤᠨ ᠮᠡᠳᠡᠯᠭᠡ ᠶᠢᠨ ᠤᠷᠤᠯᠳᠤᠭᠠᠨ ᠤ ᠮᠦᠽᠧᠢ ᠶᠢᠨ ᠲᠠᠶᠢᠯᠪᠤᠷᠢᠯᠠᠭᠴᠢ ᠶᠢᠨ ᠲᠤᠰᠬᠠᠢ ᠲᠥᠷᠥᠯ ᠤᠨ ᠤᠷᠤᠯᠳᠤᠭᠠᠨ ᠤ ᠨᠡᠷ᠎ᠡ ᠮᠡᠳᠡᠭᠦᠯᠬᠦ ᠠᠵᠢᠯ ᠡᠬᠢᠯᠡᠪᠡ᠃      ᠲᠤᠰ ᠤᠳᠠᠭᠠᠨ ᠤ ᠤᠷᠤᠯᠳᠤᠭᠠᠨ ᠤ ᠲᠤᠬᠠᠢ ᠴᠢᠬᠤᠯᠠ ᠮᠡᠳᠡᠭᠡ ᠵᠠᠩᠭᠢ᠄      1. ᠲᠤᠰ ᠤᠳᠠᠭᠠᠨ ᠤ ᠤᠷᠤᠯᠳᠤᠭᠠᠨ ᠪᠣᠯ ᠤᠯᠤᠰ ᠤᠨ ᠰᠤᠷᠭᠠᠨ ᠬᠥᠮᠦᠵᠢᠯ ᠤᠨ ᠶᠠᠮᠤᠨ ᠠᠴᠠ ᠵᠥᠪᠰᠢᠶᠡᠷᠡᠭᠰᠡᠨ ᠪᠦᠭᠦ ᠤᠯᠤᠰ ᠤᠨ ᠵᠠᠯᠠᠭᠤᠴᠤᠳ ᠪᠠᠭᠠᠴᠤᠳ ᠲᠤ ᠬᠠᠨᠳᠤᠭᠤᠯᠤᠭᠰᠠᠨ 44 ᠲᠦᠷᠦᠯ ᠤᠨ ᠴᠠᠭᠠᠨ ᠳᠠᠩᠰᠠᠨ ᠳᠠᠬᠢ ᠤᠷᠤᠯᠳᠤᠭᠠᠨ ᠤ ᠳᠣᠲᠣᠷᠠᠬᠢ ᠨᠢᠭᠡ ᠨᠢ ᠪᠤᠯᠬᠤ ᠮᠥᠷᠲᠡᠭᠡᠨ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠳᠤ ᠳᠠᠩᠰᠠᠯᠠᠭᠤᠯᠵᠠᠢ᠃      2. ᠤᠷᠤᠯᠳᠤᠭᠠᠨ ᠳᠤ ᠳᠡᠰ ᠳᠡᠪᠰᠢᠬᠦ ᠳᠦᠷᠢᠮ ᠢ ᠬᠡᠷᠡᠭᠵᠢᠭᠦᠯᠦᠨ᠎ᠡ᠂ 5 ᠰᠠᠷ᠎ᠠ ᠶᠢᠨ 29 ᠤ ᠡᠳᠦᠷ ᠠᠴᠠ ᠡᠮᠦᠨ᠎ᠡ ᠬᠤᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠵᠦ᠂ ᠳᠡᠰ ᠳᠡᠪᠰᠢᠭᠰᠡᠨ ᠤ ᠳᠠᠷᠠᠭ᠎ᠠ ᠳᠠᠷᠤᠢ ᠮᠤᠵᠢ ︵ᠥᠪᠡᠷᠲᠡᠭᠡᠨ ᠵᠠᠰᠠᠬᠤ ᠣᠷᠣᠨ︶ ᠶᠢᠨ ᠤᠷᠤᠯᠳᠤᠭᠠᠨ ᠳᠤ ᠣᠷᠣᠯᠴᠠᠵᠤ ᠪᠣᠯᠣᠨ᠎ᠠ᠂ ᠭᠢᠶ᠎ᠠ ᠪᠠᠭᠰᠢ ᠶᠢᠨ ᠪᠠᠶᠢᠭᠠᠯᠢ ᠶᠢᠨ ᠮᠦᠽᠧᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠰᠢᠯᠢᠳᠡᠭ ᠣᠷᠣᠯᠴᠠᠭᠰᠠᠳ ᠢ ᠳᠠᠭᠠᠭᠤᠯᠤᠨ ᠤᠯᠤᠰ ᠤᠨ ᠳᠡᠰ ᠤᠨ ᠱᠠᠩᠨᠠᠯ ᠤᠨ ᠲᠦᠷᠦᠯ ᠵᠦᠭ ᠰᠢᠪᠲᠤᠯᠬᠤ ᠪᠣᠯᠣᠨ᠎ᠠ ︵ᠥᠪᠡᠷᠲᠡᠭᠡᠨ ᠵᠠᠰᠠᠬᠤ ᠣᠷᠣᠨ ᠤ ᠪᠣᠳᠠᠲᠤ ᠴᠣᠭᠴᠠ ᠶᠢᠨ ᠤᠷᠤᠯᠳᠤᠭᠠᠨ 6 ᠰᠠᠷ᠎ᠠ ᠶᠢᠨ ᠡᠬᠢ ᠪᠠᠷ ᠭᠢᠶ᠎ᠠ ᠪᠠᠭᠰᠢ ᠶᠢᠨ ᠪᠠᠶᠢᠭᠠᠯᠢ ᠶᠢᠨ ᠮᠦᠽᠧᠢ ᠳᠤ ᠶᠠᠪᠤᠭᠳᠠᠨ᠎ᠠ︶᠃      3. ᠭᠤᠣᠯᠯᠠᠨ ᠡᠷᠭᠢᠯᠡᠭᠰᠡᠨ ᠨᠢᠭᠡᠴᠢ ᠪᠣᠯ ᠳᠤᠮᠳᠠᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠡᠶᠢᠭᠡᠮᠯᠢᠭ᠂ ᠬᠠᠮᠵᠢᠨ ᠡᠷᠭᠢᠯᠡᠭᠰᠡᠨ ᠨᠢᠭᠡᠴᠢ ᠪᠣᠯ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠵᠢᠴᠢ ᠤᠯᠤᠰ ᠤᠨ ᠲᠠᠰ ᠤᠨ ᠰᠣᠶᠣᠯ ᠤᠨ ᠥᠪ ᠤᠨ ᠬᠠᠮᠢᠶ᠎ᠠ ᠪᠦᠬᠦᠢ ᠨᠡᠶᠢᠭᠡᠮᠯᠢᠭ ᠪᠣᠯᠣᠨ᠎ᠠ᠃      4. ᠨᠡᠷ᠎ᠡ ᠮᠡᠳᠡᠭᠦᠯᠬᠦ ᠵᠢᠴᠢ ᠤᠷᠤᠯᠳᠤᠭᠠᠨ ᠳᠤ ᠣᠷᠤᠯᠴᠠᠬᠤ ᠪᠤᠶ ᠪᠦᠬᠦᠢ ᠵᠦᠢᠯᠡᠰ ᠲᠤ ᠴᠥᠮ ᠰᠦᠢᠳᠬᠡᠯ ᠬᠤᠷᠢᠶᠠᠬᠤ ᠦᠭᠡᠢ᠂ ᠤᠷᠤᠯᠳᠤᠭᠠᠨ ᠳᠤ ᠣᠷᠣᠯᠴᠠᠵᠤ ᠲᠠᠰ ᠳᠡᠪᠰᠢᠭᠰᠡᠨ ᠪᠤᠶ ᠪᠦᠬᠦᠢ ᠰᠣᠷᠣᠬᠴᠢ᠂ ᠪᠠᠭᠰᠢ᠂ ᠰᠤᠷᠭᠠᠭᠤᠯᠢ ᠵᠢᠴᠢ ᠬᠠᠮᠢᠶ᠎ᠠ ᠪᠦᠬᠦᠢ ᠪᠠᠶᠢᠭᠤᠯᠤᠮᠵᠢ ᠨᠢ ᠰᠤᠷᠭᠠᠨ ᠬᠥᠮᠦᠵᠢᠯ ᠤᠨ ᠶᠠᠮᠤᠨ ᠠᠴᠠ ᠮᠡᠳᠡᠷᠡᠭᠰᠡᠨ ᠰᠤᠷᠭᠠᠨ ᠬᠥᠮᠦᠵᠢᠯ ᠤᠨ ᠬᠢᠨᠠᠯᠲᠠ ᠬᠠᠮᠢᠶᠠᠷᠤᠯᠲᠠ ᠶᠢᠨ ᠲᠢᠩᠬᠢᠮ ᠤᠨ ᠪᠢᠴᠢᠭ ᠮᠠᠲ᠋ᠧᠷᠢᠶᠠᠯ 2020 - 13 ᠳ᠋ᠤᠭᠠᠷ ᠲᠣᠭᠠᠲᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠳ᠋ᠤᠭᠠᠷ ᠤᠨ ᠳᠣᠣᠷᠠᠬᠢ ᠪᠠᠶᠢᠴᠠᠭᠠᠨ ᠳ᠋ᠤᠭᠠᠷᠯᠠᠭᠰᠠᠨ ᠦᠨᠡᠮᠯᠡᠯ ᠢ ᠣᠯᠵᠤ ᠪᠣᠯᠣᠨ᠎ᠠ᠂ ᠦᠨᠡᠮᠯᠡᠯ ᠢ ᠬᠤᠲᠠ ᠶᠢᠨ ᠲᠠᠰ᠂ ᠮᠤᠵᠢ ︵ᠥᠪᠡᠷᠲᠡᠭᠡᠨ ᠵᠠᠰᠠᠬᠤ ᠣᠷᠣᠨ︶ ᠶᠢᠨ ᠲᠠᠰ᠂ ᠤᠯᠤᠰ ᠤᠨ ᠲᠠᠰ ᠤᠨ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠭᠡᠵᠦ ᠬᠤᠪᠢᠶᠠᠨ᠎ᠠ᠃      5. ᠭᠢᠶ᠎ᠠ ᠪᠠᠭᠰᠢ ᠶᠢᠨ ᠪᠠᠶᠢᠭᠠᠯᠢ ᠶᠢᠨ ᠮᠦᠽᠧᠢ ᠨᠢ ᠪᠦᠭᠦ ᠤᠯᠤᠰ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠥᠪ ᠤᠨ ᠮᠡᠳᠡᠯᠭᠡ ᠶᠢᠨ ᠤᠷᠤᠯᠳᠤᠭᠠᠨ ᠤ ᠮᠦᠽᠧᠢ ᠶᠢᠨ ᠲᠤᠰᠬᠠᠢ ᠲᠥᠷᠥᠯ ᠤᠨ ᠤᠷᠤᠯᠳᠤᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠶᠠᠪᠤᠳᠠᠯ ᠤᠨ ᠭᠦᠢᠴᠡᠳᠬᠡᠬᠦ ᠠᠯᠪᠠᠨ ᠭᠡᠷ ᠪᠣᠯᠤᠭᠰᠠᠨ ᠤ ᠬᠤᠪᠢ ᠳᠤ᠂ ᠣᠯᠠᠨ ᠳᠤ ᠬᠠᠮᠢᠶ᠎ᠠ ᠪᠦᠬᠦᠢ ᠰᠦᠢᠳᠬᠡᠯ ᠬᠤᠷᠢᠶᠠᠬᠤ ᠦᠭᠡᠢ ᠤᠷᠤᠯᠳᠤᠭᠠᠨ ᠤ ᠦᠢᠯᠡᠴᠢᠯᠡᠭᠡᠨ ᠤ ᠵᠥᠪᠯᠡᠯᠭᠡ ᠬᠠᠩᠭᠠᠬᠤ ᠪᠣᠯᠣᠨ᠎ᠠ᠃ ᠤᠷᠤᠯᠳᠤᠭᠠᠨ ᠤ ᠠᠯᠪᠠᠨ ᠭᠡᠷ ᠤᠨ ᠠᠰᠠᠭᠤᠨ ᠯᠠᠪᠯᠠᠬᠤ ᠤᠲᠠᠰᠤ᠄  0477 - 8668899᠂ 18947097226᠃      ᠲᠥᠯᠥᠪᠦᠷᠢ ᠦᠭᠡᠢ ᠨᠡᠷ᠎ᠡ ᠮᠡᠳᠡᠭᠦᠯᠬᠦ ᠰᠦᠯᠵᠢᠶᠡᠨ ᠤ ᠬᠠᠶ᠋ᠢᠭ᠄      https᠄//www.nychkc.com/      ᠰᠦᠯᠵᠢᠶᠡᠨ ᠳᠤ ᠭᠠᠷᠴᠤ ᠨᠢᠭᠡᠳᠦᠭᠡᠷ ᠡᠭᠡᠯᠵᠢ ᠶᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠬᠤᠲᠠ ᠶᠢᠨ ᠤᠷᠤᠯᠳᠤᠭᠠᠨ (ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠳᠤ ᠵᠥᠪᠭᠡᠨ ᠨᠢᠭᠡ ᠯᠡ ᠤᠳᠠᠭᠠᠨ ᠤ ᠲᠣᠭᠢᠶᠠᠯ ᠲᠠᠢ) ᠳᠤ ᠤᠷᠤᠯᠴᠠᠵᠤ᠂ ᠠᠮᠵᠢᠯᠲᠠ ᠲᠠᠢ ᠲᠠᠰ ᠳᠠᠪᠰᠢᠵᠤ ᠴᠢᠳᠠᠪᠠᠯ ᠥᠪᠡᠷᠲᠡᠭᠡᠨ ᠵᠠᠰᠠᠬᠤ ᠣᠷᠣᠨ ᠤ ᠪᠣᠳᠠᠲᠤ ᠴᠣᠭᠴᠠ ᠶᠢᠨ ᠤᠷᠤᠯᠳᠤᠭᠠᠨ ᠳᠤ ᠣᠷᠣᠯᠴᠠᠵᠤ ᠪᠣᠯᠣᠨ᠎ᠠ᠃      ᠨᠡᠷ᠎ᠡ ᠮᠡᠳᠡᠭᠦᠯᠬᠦ ᠠᠷᠭ᠎ᠠ ᠵᠠᠮ᠄
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号