ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ ᠠᠷᠠᠯᠵᠢᠶ᠎ᠠ ᠳᠤ ᠴᠣᠬᠢᠯᠲᠠ ᠥᠭᠭᠦᠨ᠎ᠡ
ᠨᠡᠶᠢᠲᠡᠯᠡᠭᠰᠡᠨ ᠴᠠᠭ᠄
2024/5/11
      ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠵᠡᠷᠭᠡ 11 ᠶᠠᠮᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠤᠷᠢᠬᠠᠨ ᠰᠠᠯᠬᠢᠨ ᠤ ᠠᠵᠢᠯᠯᠠᠭ᠎ᠠ 2024︾ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ ᠠᠷᠠᠯᠵᠢᠶ᠎ᠠ ᠳᠤ ᠴᠣᠬᠢᠯᠲᠠ ᠥᠭᠬᠦ ᠬᠠᠮᠲᠤᠷᠠᠭᠰᠠᠨ ᠠᠵᠢᠯᠯᠠᠭ᠎ᠠ ᠶᠢ ᠡᠬᠢᠯᠡᠭᠦᠯᠪᠡ᠃      ᠬᠠᠮᠲᠤᠷᠠᠭᠰᠠᠨ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠨᠢᠭᠡᠴᠢ ᠨᠦᠭᠦᠳ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ ᠠᠷᠠᠯᠵᠢᠶ᠎ᠠ ᠳᠤ ᠴᠣᠬᠢᠯᠲᠠ ᠥᠭᠬᠦ ᠬᠠᠮᠲᠤᠷᠠᠭᠰᠠᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠭᠠᠵᠠᠷ ᠣᠷᠣᠨ ᠤ ᠬᠤᠭᠤᠷᠣᠨᠳᠣᠭᠢ᠂ ᠰᠠᠯᠠᠭ᠎ᠠ ᠮᠥᠴᠢᠷ ᠤᠨ ᠬᠤᠭᠤᠷᠣᠨᠳᠣᠭᠢ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ᠂ ᠬᠤᠳᠠᠯᠳᠤᠬᠤ᠂ ᠬᠤᠳᠠᠯᠳᠤᠨ ᠠᠪᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠡᠷᠭᠡ ᠳᠤ ᠣᠯᠠᠨ ᠭᠤᠭᠴᠤᠭ᠎ᠠ᠂ ᠪᠦᠭᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠳᠤ ᠬᠦᠴᠦ ᠪᠠᠨ ᠬᠠᠮᠲᠤᠳᠬᠠᠨ ᠴᠣᠬᠢᠯᠲᠠ ᠥᠭᠭᠦᠨ᠎ᠡ᠃ ᠡᠭᠦᠨ ᠤ ᠬᠠᠮᠲᠤ ᠠᠮᠢ ᠠᠬᠤᠢ ᠣᠶ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠬᠠᠮᠠᠭᠠᠯᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠲᠣᠣᠷ ᠬᠠᠪᠬ᠎ᠠ ᠥᠭᠶᠥᠭᠡ ᠶᠢ ᠴᠡᠪᠡᠷᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠠᠭ ᠲᠤᠬᠠᠢ  ᠳᠤᠨᠢ ᠢᠯᠡᠷᠡᠭᠦᠯᠵᠦ ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号