ᠮᠠᠨ ᠤ ᠣᠷᠣᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/5/13
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠣᠶᠢᠷ᠎ᠠ ᠳᠤ ᠣᠷᠳᠣᠰ ᠬᠤᠲᠠ ᠳᠤ ᠪᠦᠭᠦ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠠᠶᠢᠮᠠᠭ ᠬᠤᠲᠠ ᠪᠣᠯᠣᠨ ᠬᠡᠰᠡᠭ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ︵ᠲᠠᠰᠤᠭ︶ ᠤᠨ ᠬᠠᠷᠢᠭᠤᠴᠠᠯᠭᠠᠲᠠᠨ ᠨᠥᠬᠦᠳ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠠᠤᠯᠢ ᠬᠡᠷᠡᠭᠵᠢᠭᠦᠯᠬᠦ ᠭᠤᠣᠯᠯᠠᠭᠴᠢ ᠬᠦᠴᠦᠨ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠠᠩᠭᠢ ᠳᠤ ᠴᠦᠩᠴᠢᠩ ᠬᠤᠲᠠ ᠶᠢᠨ ᠶᠦᠩᠴᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠨᠥᠬᠦᠳ ᠬᠢᠴᠢᠶᠡᠯ ᠲᠦᠷᠦᠯ ᠤᠨ  ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠢ ᠪᠠᠶᠢᠴᠠᠭᠠᠨ ᠰᠢᠢᠳᠪᠦᠷᠢᠯᠡᠵᠦ᠂ ᠬᠢᠴᠢᠶᠡᠯ ᠲᠦᠷᠦᠯ ᠤᠨ ᠪᠣᠯᠪᠠᠰᠤᠷᠠᠯ ᠢ ᠵᠢᠷᠤᠮᠵᠢᠭᠤᠯᠤᠨ ᠬᠥᠭᠵᠢᠭᠦᠯᠬᠦ ᠶᠢ ᠬᠥᠲᠥᠯᠥᠨ ᠵᠢᠯᠤᠭᠤᠳᠬᠤ ᠲᠤᠬᠠᠢ ᠲᠤᠷᠰᠢᠯᠭ᠎ᠠ ᠪᠠᠨ ᠲᠠᠨᠢᠯᠴᠠᠭᠤᠯᠵᠠᠢ᠃ ᠣᠷᠳᠣᠰ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠠᠷᠢᠭᠤᠴᠠᠯᠭᠠᠲᠠᠨ ᠨᠥᠬᠦᠳ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠰᠡᠳᠦᠪᠲᠦ ᠲᠠᠶᠢᠯᠤᠮᠵᠢ ᠬᠢᠪᠡ᠃      ᠪᠣᠯᠪᠠᠰᠤᠷᠠᠯ ᠤᠨ ᠠᠩᠭᠢ ᠨᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠪᠣᠳᠠᠲᠤ ᠬᠡᠷᠡᠭ ᠢ  ᠵᠠᠳᠠᠯᠬᠤ᠂ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠳᠠᠭᠤᠷᠢᠶᠠᠮᠠᠯ ᠰᠣᠷᠢᠯᠲᠠ ᠬᠢᠬᠦ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠭᠤᠯᠭ᠎ᠠ ᠶᠢ ᠲᠣᠬᠢᠷᠠᠭᠤᠯᠵᠤ᠂ ᠬᠠᠤᠯᠢ ᠲᠣᠭᠲᠠᠭᠠᠯ᠂ ᠬᠠᠤᠯᠢ ᠵᠦᠢ ᠬᠢᠭᠡᠳ ᠪᠣᠳᠠᠲᠤ ᠬᠡᠷᠡᠭ ᠤᠨ ᠵᠢᠱᠢᠶ᠎ᠡ᠂ ᠪᠣᠳᠠᠲᠠᠢ ᠪᠣᠯᠪᠠᠰᠤᠷᠠᠯ ᠢ ᠨᠢᠭᠲᠠ ᠤᠶᠠᠯᠳᠤᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠤᠯᠢ ᠬᠡᠷᠡᠭᠵᠢᠭᠦᠯᠬᠦ ᠠᠴᠠ ᠵᠢᠷᠦᠬᠡᠰᠢᠶᠡᠬᠦ᠂ ᠬᠠᠤᠯᠢ ᠬᠡᠷᠡᠭᠵᠢᠭᠦᠯᠵᠦ ᠴᠢᠳᠠᠬᠤ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ ᠤᠨ ᠬᠢᠨ ᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ︽ᠬᠤᠶᠠᠷ ᠢ ᠬᠥᠩᠭᠡᠷᠡᠭᠦᠯᠬᠦ︾ ᠭᠤᠷᠪᠠᠨ ᠵᠢᠯ ᠤᠨ ᠬᠠᠷᠠᠯᠲᠠᠲᠤ ᠡᠭᠦᠷᠭᠡ ᠶᠢ ᠲᠣᠭᠲᠠᠭᠠᠵᠤ᠂ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠦᠷ ᠬᠡᠷᠡᠭᠵᠢᠭᠦᠯᠬᠦ ᠠᠷᠭ᠎ᠠ︾ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠪᠠ ᠬᠦᠴᠦᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ︽ᠬᠤᠶᠠᠷ ᠢ ᠬᠥᠩᠭᠡᠷᠡᠭᠦᠯᠬᠦ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号