ᠮᠢᠩᠭᠠᠨ ᠣᠨ ᠤ ᠡᠷᠲᠡᠨ ᠤ ᠬᠡᠷᠡᠮ ᠦᠦᠭᠡ ᠲᠡᠦᠬᠡ ᠶᠢ ᠬᠦᠦᠷᠨᠢᠨ᠎ᠡ
ᠨᠡᠶᠢᠲᠡᠯᠡᠭᠰᠡᠨ ᠴᠠᠭ᠄
2024/5/13
      —ᠤᠷᠳᠤ ᠴᠠᠭᠠᠨ ᠬᠡᠷᠡᠮ ᠤᠨ ᠰᠣᠶᠣᠯ ᠤᠨ ᠲᠤᠬᠠᠢ ᠰᠢᠷᠢᠰ ᠮᠡᠳᠡᠭᠡᠯᠡᠯ ︵ᠨᠢᠭᠡ︶      ᠵᠤᠨ ᠤ ᠠᠭᠤᠷ ᠣᠶᠢᠷᠠᠲᠤᠨ ᠲᠦᠮᠡᠨ ᠪᠣᠳᠠᠰ ᠴᠡᠯᠭᠡᠷᠡᠨ ᠨᠣᠭᠤᠭᠠᠷᠠᠭᠰᠠᠨ ᠴᠸ ᠰᠢᠭᠤᠶᠢᠲᠤ ᠲᠣᠭᠤᠷᠢᠭ ᠤᠨ ᠬᠤ᠋ ᠶᠢᠨ ᠬᠤᠪᠴᠠᠰᠤ ᠡᠮᠦᠰᠴᠦ ᠭᠦᠯᠦᠭ ᠳᠡᠭᠡᠷ᠎ᠡ ᠠᠴᠠ ᠨᠠᠮᠨᠠᠬᠤ ᠠᠭᠤᠳᠠᠮ ᠲᠠᠯᠠᠪᠠᠢ—ᠤᠷᠠᠳ ᠤᠨ ᠡᠮᠦᠨᠡᠲᠦ ᠬᠤᠰᠢᠭᠤᠨ ᠤ ᠪᠠᠭ᠎ᠠ ᠰᠢᠭᠡᠲᠡᠢ —ᠤᠷᠠᠳ ᠤᠨ ᠬᠤᠶᠢᠲᠤ ᠬᠤᠰᠢᠭᠤᠨ ᠤ ᠲᠠᠪᠠᠭᠠᠲᠤ ᠭᠤᠤ ᠶᠢᠨ ᠤᠷᠳᠤ ᠴᠠᠭᠠᠨ ᠬᠡᠷᠡᠮ ᠳᠠᠭᠠᠤ ᠮᠥᠨ ᠬᠦ ᠨᠡᠯᠢᠶᠡᠳ ᠰᠡᠷᠢᠭᠦᠨ ᠪᠠᠶᠢᠯ᠎ᠠ᠃      2000 ᠭᠠᠷᠤᠢ ᠵᠢᠯ ᠤᠨ ᠲᠡᠷᠲᠡᠭᠡ ᠪᠣᠰᠬᠠᠭᠳᠠᠭᠰᠠᠨ ᠤᠷᠳᠤ ᠴᠠᠭᠠᠨ ᠬᠡᠷᠡᠮ ᠤᠨ ᠳᠣᠣᠷ᠎ᠠ ᠵᠣᠭᠰᠣᠵᠤ ᠲᠡᠳᠡᠭᠡᠷ ᠠᠳᠠᠯᠢ ᠪᠤᠰᠤ ᠦᠨᠳᠦᠰᠦᠲᠡᠨ ᠤᠭᠰᠠᠭ᠎ᠠ᠂ ᠤᠷᠳᠤ ᠴᠠᠭᠠᠨ ᠬᠡᠷᠡᠮ ᠢ ᠠᠯᠤᠰᠯᠠᠨ ᠬᠠᠷᠢᠯᠴᠠᠨ ᠠᠵᠢᠭᠯᠠᠵᠤ᠂ ᠬᠢᠨᠠᠨ ᠰᠢᠨᠵᠢᠵᠦ᠂ ᠰᠡᠷᠭᠡᠶᠢᠯᠡᠵᠦ ᠪᠠᠶᠢᠭᠰᠠᠨ ᠲᠤᠬᠠᠢ ᠶᠢᠨ ᠣᠨ ᠵᠢᠯ ᠤᠳ ᠡᠷᠭᠢᠴᠡᠭᠦᠯᠦᠭᠳᠡᠨ᠎ᠡ︔ ᠡᠷᠭᠢᠨ ᠬᠠᠷᠠᠬᠤᠶ᠎ᠠ᠂ ᠤᠷᠳᠤ ᠴᠠᠭᠠᠨ ᠬᠡᠷᠡᠮ ᠨᠢ ᠡᠴᠦᠰ ᠲᠡᠭᠡᠨ ᠠᠭᠤᠰᠤᠯᠴᠠᠯ ᠤᠨ ᠬᠦᠴᠦᠨ ᠢ ᠬᠤᠷᠢᠭᠯᠠᠵᠤ ᠴᠢᠳᠠᠭᠰᠠᠨ ᠦᠭᠡᠢ ᠪᠠᠶᠢᠵᠤ᠂ ᠳᠣᠲᠣᠨᠣ ᠶᠠᠪᠤᠯᠴᠠᠭᠰᠠᠨ ᠳᠠᠭᠤᠯᠠᠯ ᠡᠬᠡ ᠤᠯᠤᠰ ᠤᠨ ᠤᠮᠠᠷᠠᠲᠤ ᠳᠤ ᠳᠠᠭᠤᠷᠢᠰᠤᠨ᠎ᠠ᠃      ᠪᠣᠭᠤᠮᠲᠠ ᠶᠢᠨ ᠭᠠᠳᠠᠨ᠎ᠠ ᠪᠢᠴᠢᠭᠯᠡᠭᠳᠡᠭᠰᠡᠨ ᠰᠢᠭᠤᠶᠢᠲᠤ ᠲᠣᠭᠤᠷᠢᠭ ᠲᠠᠬᠢ ︽ᠬᠠᠮᠤᠭ︾      63 ᠵᠢᠯ ᠤᠨ ᠡᠮᠦᠨᠡᠬᠢ ᠵᠤᠨ᠂ ᠲᠡᠦᠬᠡ ᠶᠢᠨ ᠰᠤᠳᠤᠯᠭᠠᠲᠠᠨ ᠵᠢᠶᠠᠨ ᠪᠦᠸᠧ ᠽᠠᠨ᠂ ᠹᠠᠨ ᠸᠧᠨ ᠯᠠᠨ᠂ ᠯᠢᠦᠢ ᠵᠧᠨ ᠢᠦᠢ ᠨᠠᠷ ᠤᠯᠠᠭᠠᠨᠬᠦᠦ ᠶᠢᠨ ᠤᠷᠢᠯᠭ᠎ᠠ ᠪᠠᠷ ᠥᠪᠥᠷ ᠮᠣᠩᠭᠤᠯ ᠳᠤ ᠠᠶᠢᠯᠴᠢᠯᠠᠪᠠ᠃ ᠡᠨᠡ ᠤᠳᠠᠭᠠᠨ ᠤ ᠠᠶᠢᠯᠴᠢᠯᠠᠯᠲᠠ ᠶᠢᠨ ᠲᠠᠷᠠᠭ᠎ᠠ ᠵᠢᠶᠠᠨ ᠪᠦᠸᠧ ᠽᠠᠨ ᠠᠪᠤᠭᠠᠢ ᠦᠵᠡᠵᠦ ᠰᠣᠨᠣᠰᠤᠭᠰᠠᠨ ᠢᠶᠠᠨ ᠪᠢᠷ ᠪᠡᠬᠡᠰ ᠢᠶᠠᠷ ᠢᠶᠠᠨ ᠢᠯᠡᠳᠬᠡᠵᠦ᠂ ︽ᠥᠪᠥᠷ ᠮᠣᠩᠭᠤᠯ ᠳᠤ ᠬᠠᠭᠤᠴᠢᠨ ᠤ ᠪᠠᠭᠤᠷᠢ ᠶᠢ ᠬᠠᠶᠢᠬᠤᠢ︾ ᠭᠡᠬᠦ ᠦᠶ᠎ᠡ ᠤᠯᠠᠮᠵᠢᠯᠠᠭᠳᠠᠭᠰᠠᠨ ᠪᠦᠲᠦᠭᠡᠯ ᠢᠶᠠᠨ ᠦᠯᠡᠳᠡᠭᠡᠵᠡᠢ᠃ ᠲᠡᠭᠦᠨ ᠤ ᠳᠣᠲᠣᠷᠠᠬᠢ ᠠᠯᠳᠠᠷᠲᠤ ᠵᠣᠬᠢᠶᠠᠯ ︽ᠬᠠᠮᠤᠭ ᠤᠨ ᠡᠷᠲᠡᠨ ᠤ ᠤᠷᠳᠤ ᠴᠠᠭᠠᠨ ᠬᠡᠷᠡᠮ︾ ᠨᠢ ᠳᠠᠷᠤᠢ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠯᠳᠤᠭᠠᠨᠲᠤ ᠤᠯᠤᠰ ᠤᠨ ᠦᠶ᠎ᠡ  ᠶᠢᠨ ᠵᠤᠤ ᠤᠯᠤᠰ ᠤᠨ ᠬᠤᠶᠢᠲᠤ ᠤᠷᠳᠤ ᠴᠠᠭᠠᠨ ᠬᠡᠷᠡᠮ ᠤᠨ ᠦᠯᠡᠳᠡᠭᠳᠡᠯ ᠢ ᠵᠢᠷᠤᠭᠯᠠᠭᠰᠠᠨ ᠪᠠᠶᠢᠨ᠎ᠠ᠃      ᠵᠢᠶᠠᠨ ᠪᠦᠸᠧ ᠽᠠᠨ ᠠᠪᠤᠭᠠᠢ ᠶᠢᠨ ᠠᠶᠠᠨ ᠤ ᠮᠥᠷ ᠳᠠᠭᠠᠤ S211 ᠮᠤᠵᠢ ᠶᠢᠨ ᠵᠠᠮ ᠢᠶᠠᠷ 10 ᠭᠠᠷᠤᠢ ᠺᠢᠯᠣᠮᠧᠲᠷ ᠶᠠᠪᠤᠪᠠᠯ ᠵᠤᠤ ᠤᠯᠤᠰ ᠤᠨ ᠬᠤᠶᠢᠲᠤ ᠤᠷᠲᠤ ᠴᠠᠭᠠᠨ ᠬᠡᠷᠡᠮ ᠬᠠᠷᠠᠭᠠᠨ ᠳᠤ ᠲᠣᠳᠣᠷᠠᠨ᠎ᠠ᠃      ᠪᠤᠭᠤᠲᠤ ᠶᠢᠨ ᠣᠷᠣᠨ ᠨᠤᠲᠤᠭ ᠤᠨ ᠲᠡᠦᠬᠡ ᠰᠣᠶᠣᠯ ᠤᠨ ᠰᠤᠳᠤᠯᠭᠠᠨ ᠤ ᠡᠷᠳᠡᠮᠲᠡᠨ᠂ ᠣᠷᠳᠣ ᠴᠠᠭᠠᠨ ᠬᠡᠷᠡᠮ ᠤᠨ ᠰᠣᠶᠣᠯ ᠤᠨ ᠰᠤᠳᠤᠯᠭᠠᠨ ᠤ ᠲᠤᠰᠬᠠᠢ ᠮᠡᠷᠭᠡᠵᠢᠯᠲᠡᠨ ᠹᠠᠩ ᠶᠢᠨ ᠯᠢᠶᠠᠩ ᠤᠨ ᠲᠠᠨᠢᠯᠴᠠᠭᠤᠯᠤᠭᠰᠠᠨ ᠢᠶᠠᠷ᠂ ᠵᠣᠣ ᠤᠯᠤᠰ ᠤᠨ ᠬᠤᠶᠢᠲᠤ ᠣᠷᠳᠣ ᠴᠠᠭᠠᠨ ᠬᠡᠷᠡᠮ ᠤᠨ ᠰᠢᠭᠤᠶᠢᠲᠤ ᠲᠣᠭᠤᠷᠢᠭ ᠤᠨ ᠬᠡᠰᠡᠭ ᠤᠨ ᠪᠦᠭᠦ ᠣᠷᠳᠣ ᠨᠢ 20 ᠭᠠᠷᠤᠢ ᠺᠢᠯᠣᠮᠧᠲᠷ ᠪᠠᠶᠢᠵᠤ᠂ ᠮᠤᠨᠢ ᠠᠭᠤᠯᠠ ᠶᠢᠨ ᠨᠢᠷᠤᠭᠤ ᠪᠠ ᠠᠭᠤᠯᠠᠨ ᠭᠤᠤ ᠳᠤ ᠪᠣᠰᠬᠠᠭᠳᠠᠵᠤ᠂ ᠵᠣᠣ ᠤᠯᠤᠰ ᠤᠨ ᠬᠤᠶᠢᠲᠤ ᠣᠷᠳᠣ ᠴᠠᠭᠠᠨ ᠬᠡᠷᠡᠮ ᠤᠨ ᠪᠦᠭᠦ ᠱᠤᠭᠤᠮ ᠳᠤ ᠬᠠᠳᠠᠭᠠᠯᠠᠭᠳᠠᠵᠤ ᠪᠠᠶᠢᠭ᠎ᠠ ᠬᠠᠮᠤᠭ ᠤᠨ ᠰᠠᠶᠢᠨ ᠣᠷᠳᠣ ᠴᠠᠭᠠᠨ ᠬᠡᠷᠡᠮ ᠤᠨ ᠦᠯᠡᠳᠡᠭᠳᠡᠯ ᠪᠣᠯᠣᠨ᠎ᠠ᠃      ᠲᠡᠦᠬᠡᠨ ᠲᠡᠮᠳᠡᠭᠯᠡᠯ ᠠᠴᠠ ᠦᠵᠡᠪᠡᠯ᠂ ᠵᠤᠤ ᠤᠯᠤᠰ ᠤᠨ ᠬᠤᠶᠢᠲᠤ ᠤᠷᠳᠤ ᠴᠠᠭᠠᠨ ᠬᠡᠷᠡᠮ ᠢ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 326 ᠣᠨ—ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 298 ᠣᠨ ᠳᠤ ᠪᠠᠶᠢᠭᠤᠯᠵᠠᠢ᠃ ᠵᠡᠭᠦᠨ ᠠᠴᠠ ᠾᠧᠪᠧᠢ ᠮᠤᠵᠢ ᠶᠢᠨ ᠬᠤᠶᠢᠲᠤ ᠬᠡᠰᠡᠭ ᠠᠴᠠ ᠪᠠᠷᠠᠭᠤᠨᠰᠢ ᠤᠯᠠᠭᠠᠨᠴᠠᠪ ᠬᠤᠲᠠ᠂ ᠭᠦᠭᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠪᠠᠷ ᠥᠩᠭᠡᠷᠡᠵᠦ᠂ ᠪᠦᠭᠦ ᠣᠷᠳᠣ ᠨᠢ ᠪᠠᠷᠤᠭ 500 ᠺᠢᠯᠣᠮᠧᠲᠷ ᠪᠠᠶᠢᠳᠠᠭ᠃ ᠬᠡᠷᠡᠮ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠰᠬᠠᠵᠤ᠂ ᠰᠢᠷᠣᠢ ᠪᠠᠷ ᠬᠠᠩᠳᠠᠬᠤ ᠪᠤᠶᠤ ᠴᠢᠯᠠᠭᠤ ᠪᠠᠷ ᠵᠡᠷᠭᠡᠯᠡᠵᠦ᠂ ᠳᠠᠭᠠᠤ ᠳᠤᠨᠢ ᠬᠠᠯᠬᠠᠪᠴᠢ ᠬᠤᠲᠠ ᠶᠢᠨ ᠪᠠᠭᠤᠷᠢ ᠲᠠᠷᠬᠠᠵᠤ ᠪᠤᠶ᠃      ᠹᠠᠩ ᠶᠢᠨ ᠯᠢᠶᠠᠩ ᠰᠤᠷᠪᠤᠯᠵᠢᠯᠠᠬᠴᠢ ᠳᠤ᠄ ︽ᠵᠤᠤ ᠤᠯᠤᠰ ᠤᠨ ᠬᠤᠶᠢᠲᠤ ᠤᠷᠳᠤ ᠴᠠᠭᠠᠨ ᠬᠡᠷᠡᠮ ᠪᠣᠯ ᠵᠤᠤ ᠤᠯᠤᠰ ᠤᠨ ᠦ᠋ ᠯᠢᠩ ᠸᠠᠩ ᠤᠨ ᠬᠤ᠋ ᠶᠢᠨ ᠬᠤᠪᠴᠠᠰᠤ ᠡᠮᠦᠰᠴᠦ ᠭᠦᠯᠦᠭ ᠳᠡᠭᠡᠷ᠎ᠡ ᠠᠴᠠ ᠨᠠᠮᠨᠠᠵᠤ ᠵᠣᠷᠢᠭᠲᠠᠢ ᠪᠠᠷ ᠥᠭᠡᠷᠡᠴᠢᠯᠡᠯᠲᠡ ᠬᠢᠭᠰᠡᠨ ᠲᠡᠦᠬᠡ ᠶᠢᠨ ᠭᠡᠷᠡᠴᠢ ᠪᠣᠯᠣᠨ᠎ᠠ᠂ ᠪᠠᠰᠠ ᠴᠤ ᠳᠤᠮᠳᠠᠳᠤ ᠶᠢᠨ ᠡᠬᠡ ᠭᠠᠵᠠᠷ ᠤᠨ ᠬᠠᠮᠤᠭ ᠤᠨ ᠥᠨᠢ ᠤᠳᠠᠭᠠᠨ ᠲᠡᠦᠬᠡ ᠶᠢᠨ ᠪᠣᠳᠠᠲᠤ ᠪᠣᠳᠠᠰ ᠤᠨ ᠦᠯᠡᠳᠡᠭᠳᠡᠯ ᠤᠨ ᠨᠢᠭᠡ ᠪᠣᠯᠣᠨ᠎ᠠ᠂ ᠳᠤᠮᠳᠠᠳᠤ ᠣᠷᠣᠨ ᠤ ᠦᠨᠳᠦᠰᠦᠲᠡᠨ ᠪᠣᠯᠣᠨ ᠤᠮᠠᠷᠠᠲᠤ ᠶᠢᠨ ᠦᠨᠳᠦᠰᠦᠲᠡᠨ ᠤ ᠬᠤᠭᠤᠷᠣᠨᠳᠣᠭᠢ ᠨᠢᠭᠡ ᠤᠳᠠᠭ᠎ᠠ ᠶᠢᠨ ᠰᠣᠯᠢᠯᠴᠠᠭ᠎ᠠ ᠠᠭᠤᠰᠤᠯᠴᠠᠯ ᠤᠨ ᠠᠭᠤᠤ ᠶᠡᠭᠡ ᠬᠤᠷᠰᠢᠯ ᠮᠥᠨ᠂ ᠡᠨᠡ ᠪᠣᠯ ᠵᠤᠤ ᠤᠯᠤᠰ ᠤᠨ ᠬᠤᠶᠢᠲᠤ ᠤᠷᠳᠤ ᠴᠠᠭᠠᠨ ᠬᠡᠷᠡᠮ ᠤᠨ ᠬᠠᠮᠤᠭ ᠤᠨ ᠶᠡᠭᠡ ᠭᠢᠯᠠᠰ ᠴᠡᠭ ᠪᠣᠯᠣᠨ᠎ᠠ︾ ᠭᠡᠪᠡ᠃      2023 ᠣᠨ ᠳᠤ ᠰᠢᠭᠤᠶᠢᠲᠤ ᠲᠣᠭᠤᠷᠢᠭ ︽ᠵᠣᠣ ᠤᠯᠤᠰ ᠤᠨ ᠬᠤᠶᠢᠲᠤ ᠣᠷᠳᠣ ᠴᠠᠭᠠᠨ ᠬᠡᠷᠡᠮ︾ ᠤᠨ ᠲᠣᠭᠤᠷᠢᠨ ᠳᠤ ᠨᠢᠭᠡᠨ ᠶᠡᠭᠡ ᠶᠠᠪᠤᠳᠠᠯ ᠬᠢᠪᠡ᠃ ᠲᠡᠳᠡᠨ ᠤ ᠴᠢᠷᠮᠠᠶᠢᠯᠭ᠎ᠠ ᠳᠣᠣᠷ᠎ᠠ ᠳᠤᠮᠳᠠᠳᠤ ᠤᠯᠤᠰ ᠤᠨ ᠲᠡᠦᠬᠡᠨ ᠳᠡᠭᠡᠷᠡᠬᠢ ᠬᠠᠮᠤᠭ ᠤᠨ ᠡᠷᠲᠡᠨ ᠤ ᠣᠷᠳᠣ ᠴᠠᠭᠠᠨ ᠬᠡᠷᠡᠮ—ᠰᠢᠭᠤᠶᠢᠲᠤ ᠲᠣᠭᠤᠷᠢᠭ ᠤᠨ ᠵᠤᠤ ᠤᠯᠤᠰ ᠤᠨ ᠬᠤᠶᠢᠲᠤ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠥᠷᠥᠯ ᠵᠦᠢᠯ ᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠲᠥᠷᠥᠯ ᠵᠦᠢᠯ ᠤᠨ ᠬᠥᠮᠥᠷᠭᠡ ᠳᠤ ᠠᠮᠵᠢᠯᠲᠠ ᠲᠠᠢ ᠣᠷᠣᠭᠤᠯᠪᠠ᠃ 2023 ᠣᠨ ᠤ 5 ᠰᠠᠷ᠎ᠠ ᠳᠤ ᠲᠥᠷᠥᠯ ᠵᠦᠢᠯ ᠨᠢ 2000 ᠲᠦᠮᠡᠨ ᠲᠥᠭᠦᠷᠢᠭ ᠤᠨ ᠲᠤᠰᠬᠠᠢ ᠵᠦᠢᠯ ᠤᠨ ᠵᠠᠷᠤᠳᠠᠯ ᠭᠦᠷᠳᠡᠪᠡ᠃      ᠠᠭᠤᠯᠠ ᠳᠠᠪᠠᠭ᠎ᠠ ᠳᠠᠪᠠᠨ ᠬᠥᠨᠳᠡᠯᠢᠰᠴᠦ ᠵᠡᠭᠦᠨ ᠪᠠᠷᠠᠭᠤᠨᠰᠢ ᠦᠵᠦᠭᠦᠷ ᠨᠢ ᠬᠠᠷᠠᠭᠳᠠᠬᠤ ᠦᠭᠡᠢ ᠦᠷᠭᠦᠯᠵᠢᠯᠡᠨ᠎ᠡ      ᠰᠢᠭᠤᠶᠢᠲᠤ ᠲᠣᠭᠤᠷᠢᠭ ᠠᠴᠠ ᠪᠠᠷᠠᠭᠤᠨ ᠬᠤᠶᠢᠰᠢ 100 ᠭᠠᠷᠤᠢ ᠺᠢᠯᠣᠮᠧᠲᠷ ᠶᠠᠪᠤᠪᠠᠯ ᠳᠠᠷᠤᠢ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠪᠠᠭ᠎ᠠ ᠰᠢᠭᠡᠲᠡᠢ ᠳᠤ ᠭᠦᠷᠳᠡᠭ᠃ ᠪᠠᠭ᠎ᠠ ᠰᠢᠭᠡᠲᠠᠢ ᠳᠠᠬᠢ ᠴᠢᠨ ᠤᠯᠤᠰ ᠤᠨ ᠤᠷᠳᠤ ᠴᠠᠭᠠᠨ ᠬᠡᠷᠡᠮ ᠨᠢ ᠮᠤᠨᠢ ᠠᠭᠤᠯᠠ ᠶᠢᠨ ᠭᠦᠨ ᠳᠤ ᠪᠠᠶᠢᠷᠢᠯᠠᠵᠤ᠂ ᠬᠥᠮᠥᠨ ᠠᠮᠢᠳᠠᠨ ᠴᠥᠭᠡᠨ ᠪᠠᠶᠢᠳᠠᠭ᠃ ᠬᠡᠷᠪᠡ ᠲᠤᠬᠠᠢ ᠶᠢᠨ ᠭᠠᠵᠠᠷ ᠤᠨ ᠬᠤᠨᠢᠴᠢᠨ ᠬᠠᠨ ᠭᠧᠨ ᠵᠦ ᠶᠢᠨ ᠵᠠᠮᠴᠢᠯᠠᠯ ᠦᠭᠡᠢ ᠪᠠᠶᠢᠭᠰᠠᠨ ᠪᠣᠯ ᠰᠤᠷᠪᠤᠯᠵᠢᠯᠠᠬᠴᠢ ᠨᠠᠷ ᠤᠷᠳᠤ ᠴᠠᠭᠠᠨ ᠬᠡᠷᠡᠮ ᠤᠨ ᠦᠨᠡᠨ ᠳᠦᠷᠢ ᠶᠢ ᠣᠯᠵᠤ ᠬᠠᠷᠠᠬᠤᠶ᠎ᠠ ᠪᠡᠷᠬᠡ ᠶᠤᠮ᠃      ᠡᠨᠡ ᠬᠡᠰᠡᠭ ᠣᠷᠳᠣ ᠴᠠᠭᠠᠨ ᠬᠡᠷᠡᠮ ᠢ ᠮᠤᠨᠢ ᠠᠭᠤᠯᠠ ᠶᠢᠨ ᠥᠷᠥᠴᠡᠨ ᠳᠠᠬᠢ ᠱᠢ ᠲᠠᠢ ᠱᠠᠨ ᠤ ᠡᠮᠡᠭᠡᠯ ᠠᠭᠤᠯᠠ ᠶᠢᠨ ᠠᠷᠤ ᠪᠡᠯ ᠤᠨ ᠳᠤᠮᠳᠠ ᠪᠠᠶᠢᠭᠤᠯᠵᠤ᠂ ᠶᠠᠭ ᠯᠠ ᠨᠢᠭᠡ ᠠᠪᠤᠷᠭᠤ ᠯᠤᠤ ᠮᠡᠲᠦ ᠪᠠᠷ ᠠᠭᠤᠯᠠ ᠶᠢᠨ ᠪᠠᠶᠢᠴᠠ ᠶᠢ ᠲᠠᠭᠠᠨ ᠪᠠᠶᠢᠷᠢᠰᠢᠵᠤ᠂ ᠣᠳᠣᠬᠠᠨ ᠤ ᠬᠠᠮᠤᠭ ᠤᠨ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠨᠢᠭᠡ ᠬᠡᠰᠡᠭ ᠴᠢᠨ ᠤᠯᠤᠰ ᠬᠠᠨ ᠤᠯᠤᠰ ᠤᠨ ᠣᠷᠳᠣ ᠴᠠᠭᠠᠨ ᠬᠡᠷᠡᠮ ᠪᠣᠯᠣᠨ᠎ᠠ᠃      ᠴᠢᠨ ᠤᠯᠤᠰ ᠤᠨ ᠤᠷᠳᠤ ᠴᠠᠭᠠᠨ ᠬᠡᠷᠡᠮ ᠢ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 214 ᠣᠨ ᠳᠤ ᠡᠬᠢᠯᠡᠵᠦ ᠪᠠᠶᠢᠭᠤᠯᠪᠠ᠃ ᠤᠷᠠᠳ ᠤᠨ ᠡᠮᠦᠨᠡᠲᠦ ᠬᠤᠰᠢᠭᠤᠨ ᠤ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ ᠵᠢᠶᠠᠨ ᠴᠢᠶᠠᠩ ᠤᠨ ᠲᠠᠨᠢᠯᠴᠠᠭᠤᠯᠤᠭᠰᠠᠨ ᠢᠶᠠᠷ᠂ ᠤᠷᠠᠳ ᠤᠨ ᠡᠮᠦᠨᠡᠲᠦ ᠬᠤᠰᠢᠭᠤᠨ ᠤ ᠬᠠᠷᠢᠶᠠᠨ ᠳᠠᠬᠢ ᠴᠢᠨ ᠤᠯᠤᠰ ᠤᠨ ᠣᠷᠳᠣ ᠴᠠᠭᠠᠨ ᠬᠡᠷᠡᠮ ᠢ ᠴᠥᠮ ᠴᠢᠯᠠᠭᠤ ᠪᠠᠷ ᠪᠠᠷᠢᠵᠤ᠂ ᠥᠨᠳᠥᠷ ᠨᠢ 5 ᠠᠴᠠ 6 ᠮᠧᠲᠷ ︵ᠬᠠᠮᠤᠭ ᠥᠨᠳᠥᠷ ᠨᠢ 10 ᠮᠧᠲᠷ︶᠂ ᠰᠠᠭᠤᠷᠢ ᠶᠢᠨ ᠥᠷᠭᠡᠨ ᠨᠢ 4 ᠠᠴᠠ 5 ᠮᠧᠲᠷ᠂ ᠣᠷᠣᠢ ᠶᠢᠨ ᠥᠷᠭᠡᠨ ᠨᠢ 2.5 ᠠᠴᠠ 3 ᠮᠧᠲᠷ ᠪᠠᠶᠢᠵᠤ᠂ ᠣᠷᠳᠣ ᠴᠠᠭᠠᠨ ᠬᠡᠷᠡᠮ ᠢ ᠴᠢᠯᠠᠭᠤ ᠵᠡᠷᠭᠡᠯᠡᠵᠦ ᠰᠣᠯᠪᠢᠴᠠᠭᠤᠯᠤᠨ ᠪᠠᠷᠢᠭᠰᠠᠨ ᠪᠠᠶᠢᠨ᠎ᠠ᠃ ᠠᠳᠡᠬᠢ ᠤᠷᠳᠤ ᠴᠠᠭᠠᠨ ᠬᠡᠷᠡᠮ ᠨᠢ ᠵᠡᠭᠦᠨᠰᠢ ᠪᠠᠷᠠᠭᠤᠨᠰᠢ ᠴᠢᠭᠯᠡᠯ ᠲᠠᠢ᠂ 300—500 ᠮᠧᠲᠷ ᠠᠯᠤᠰᠯᠠᠬᠤ ᠪᠦᠷᠢ ᠤᠷᠳᠤ ᠴᠠᠭᠠᠨ ᠬᠡᠷᠡᠮ ᠤᠨ ᠳᠣᠲᠣᠷ᠎ᠠ ᠨᠢᠭᠡ ᠴᠣᠨᠵᠢ ᠪᠣᠰᠬᠠᠵᠤ᠂ ᠪᠦᠭᠦ ᠣᠷᠳᠣ ᠨᠢ ᠪᠠᠷᠤᠭ 79 ᠺᠢᠯᠣᠮᠧᠲᠷ ᠪᠠᠶᠢᠨ᠎ᠠ᠃      ᠲᠡᠦᠬᠡ ᠰᠤᠳᠤᠷ ᠲᠤ ᠲᠡᠮᠳᠡᠭᠯᠡᠭᠰᠡᠨ ᠢᠶᠠᠷ᠂ ᠡᠨᠡ ᠬᠡᠰᠡᠭ ᠤᠷᠳᠤ ᠴᠠᠭᠠᠨ ᠬᠡᠷᠡᠮ ᠢ ᠪᠠᠷᠠᠭᠤᠨ ᠬᠠᠨ ᠤᠯᠤᠰ ᠭᠦᠷᠲᠡᠯ᠎ᠡ ᠬᠡᠷᠡᠭᠯᠡᠵᠦ᠂ ᠬᠠᠨ ᠦ᠋ ᠳ᠋ᠢ ᠬᠠᠭᠠᠨ ᠤ ᠦᠶ᠎ᠡ ᠳᠤ ᠤᠷᠳᠤ ᠴᠠᠭᠠᠨ ᠬᠡᠷᠡᠮ ᠢ ᠪᠠᠬᠢᠯᠡᠵᠦ ᠪᠠᠶᠢᠵᠠᠢ᠃ ᠳᠤᠮᠳᠠᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠭᠠᠵᠠᠷ ᠤᠨ ᠤᠤᠯ ᠤᠨ ᠳᠠᠷᠤᠭ᠎ᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠡᠷᠲᠡᠨ ᠤ ᠪᠠᠷᠢᠯᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠯᠥᠸᠧ ᠵᠧ ᠸᠧᠨ ᠤᠷᠠᠳ ᠤᠨ ᠡᠮᠦᠨᠡᠲᠦ ᠬᠤᠰᠢᠭᠤᠨ ᠤ ᠰᠢᠭᠡᠳᠡᠢ  ᠶᠢᠨ ᠬᠡᠰᠡᠭ ᠲᠠᠬᠢ ᠴᠢᠨ ᠬᠠᠨ ᠤᠯᠤᠰ ᠤᠨ ᠤᠷᠳᠤ ᠴᠠᠭᠠᠨ ᠬᠡᠷᠡᠮ ᠢ ᠦᠨᠡᠯᠡᠬᠦ ᠳᠡᠭᠡᠨ᠄ ︽ᠲᠤᠰ ᠤᠷᠳᠤ ᠴᠠᠭᠠᠨ ᠬᠡᠷᠡᠮ ᠢ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 214 ᠣᠨ ᠳᠤ ᠴᠢᠨ ᠱᠢ ᠬᠤᠸᠠᠩ ᠶᠡᠭᠡ ᠵᠠᠩᠵᠤᠨ ᠮᠧᠩ ᠲᠢᠶᠠᠨ ᠢ ᠲᠣᠮᠢᠯᠠᠨ ᠪᠠᠶᠢᠭᠤᠯᠤᠭᠰᠠᠨ ᠪᠥᠭᠡᠳ ᠮᠠᠨ ᠤ ᠤᠯᠤᠰ ᠤᠨ ᠤᠳᠤ ᠪᠤᠯᠲᠠᠯ᠎ᠠ ᠬᠠᠳᠠᠭᠠᠯᠠᠭᠳᠠᠵᠤ ᠪᠠᠶᠢᠭ᠎ᠠ ᠴᠢᠨ ᠤᠯᠤᠰ ᠤᠨ ᠤᠷᠳᠤ ᠴᠠᠭᠠᠨ ᠬᠡᠷᠡᠮ ᠤᠨ ᠳᠣᠲᠣᠷᠠᠬᠢ ᠬᠠᠮᠤᠭ ᠤᠨ ᠪᠦᠷᠢᠨ ᠪᠦᠲᠦᠨ ᠨᠢᠭᠡ ᠬᠡᠰᠡᠭ ᠪᠣᠯᠣᠨ᠎ᠠ︾ ᠭᠡᠪᠡ᠃      2006 ᠣᠨ ᠳᠤ ᠰᠢᠭᠡᠳᠡᠢ ᠶᠢᠨ ᠬᠡᠰᠡᠭ ᠤᠨ ᠴᠢᠨ ᠬᠠᠨ ᠤᠯᠤᠰ ᠤᠨ ᠤᠷᠳᠤ ᠴᠠᠭᠠᠨ ᠬᠡᠷᠡᠮ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠳᠥᠷᠪᠡᠳᠦᠭᠡᠷ ᠪᠦᠯᠦᠭ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠪᠡ᠃      ᠰᠢᠭᠡᠳᠡᠢ ᠶᠢᠨ ᠬᠡᠰᠡᠭ ᠲᠠᠬᠢ ᠴᠢᠨ ᠤᠯᠤᠰ ᠤᠨ ᠤᠷᠳᠤ ᠴᠠᠭᠠᠨ ᠬᠡᠷᠡᠮ ᠤᠨ ᠳᠣᠣᠷ᠎ᠠ ᠰᠠᠭᠤᠷᠢᠰᠢᠵᠤ ᠪᠠᠶᠢᠭ᠎ᠠ ᠬᠠᠨ ᠭᠧᠨ ᠵᠦ ᠪᠣᠯ ᠦᠢ ᠤᠯᠠᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠭᠴᠢᠳ ᠤᠨ ᠳᠣᠲᠣᠷᠠᠬᠢ ᠨᠢᠭᠡ ᠨᠢ ᠪᠣᠯᠣᠨ᠎ᠠ᠃ ᠡᠨᠡ ᠵᠢᠯ 62 ᠨᠠᠰᠤᠲᠠᠢ ᠬᠠᠨ ᠭᠧᠨ ᠵᠦ ᠭᠤᠣᠯᠳᠠᠭᠤ ᠮᠠᠯ ᠬᠠᠷᠢᠭᠤᠯᠵᠤ ᠠᠮᠢᠳᠤᠷᠠᠳᠠᠭ᠃ ᠲᠡᠷᠡ ᠪᠠᠭ᠎ᠠ ᠠᠴᠠ ᠪᠠᠨ ᠤᠷᠲᠤ ᠴᠠᠭᠠᠨ ᠬᠡᠷᠡᠮ ᠢᠶᠠᠷ ᠬᠠᠨᠢ ᠪᠤᠯᠭᠠᠵᠤ᠂ ᠦᠷᠭᠦᠯᠵᠢ ᠬᠤᠨᠢ ᠪᠠᠨ ᠬᠠᠷᠢᠭᠤᠯᠵᠤ ᠤᠷᠲᠤ ᠴᠠᠭᠠᠨ ᠬᠡᠷᠡᠮ ᠢ ᠲᠣᠭᠤᠷᠢᠨ ᠡᠷᠭᠢᠳᠡᠭ᠃ ᠶᠠᠳᠠᠷᠠᠪᠠᠯ ᠬᠤᠲᠠ ᠶᠢᠨ ᠬᠡᠷᠡᠮ ᠳᠡᠭᠡᠷ᠎ᠡ ᠬᠡᠪᠲᠡᠵᠦ ᠠᠮᠠᠷᠠᠭᠠᠳ ᠠᠪᠤᠨ᠎ᠠ︔ ᠪᠤᠬᠢᠨᠢᠳᠤᠪᠠᠯ ᠤᠷᠲᠤ ᠴᠠᠭᠠᠨ ᠬᠡᠷᠡᠮ ᠥᠭᠡᠳᠡ ᠬᠠᠨᠳᠤᠵᠤ ᠬᠡᠳᠦᠨ ᠪᠠᠳᠠᠭ ᠳᠠᠭᠤᠯᠠᠴᠢᠬᠠᠨ᠎ᠠ᠃ ᠤᠷᠲᠤ ᠴᠠᠭᠠᠨ ᠬᠡᠷᠡᠮ  ᠨᠢ ᠲᠡᠭᠦᠨ ᠤ ᠳᠠᠭᠤ ᠦᠭᠡᠢ ᠨᠠᠶᠢᠵᠠ ᠪᠣᠯᠵᠤ᠂ ᠵᠠᠷᠢᠮ ᠬᠥᠮᠥᠨ ᠤᠷᠲᠤ ᠴᠠᠭᠠᠨ ᠬᠡᠷᠡᠮ ᠳᠡᠭᠡᠷᠡᠬᠢ ᠴᠢᠯᠠᠭᠤ ᠶᠢ ᠨᠤᠷᠠᠭᠠᠬᠤ ᠭᠡᠪᠡᠯ ᠲᠡᠷᠡ ᠡᠷᠡᠰ ᠬᠤᠷᠢᠭᠯᠠᠳᠠᠭ ᠪᠠᠶᠢᠪᠠ᠃      ︽ᠤᠷᠳᠤ ᠴᠠᠭᠠᠨ ᠬᠡᠷᠡᠮ ᠮᠢᠨᠤ ᠥᠰᠴᠦ ᠪᠣᠶᠢᠵᠢᠭᠰᠠᠨ ᠢ ᠪᠦᠷ ᠬᠠᠷᠠᠭᠰᠠᠨ ᠶᠤᠮ᠂ ᠪᠢ ᠤᠷᠳᠤ ᠴᠠᠭᠠᠨ ᠬᠡᠷᠡᠮ ᠢ ᠨᠠᠰᠤ ᠪᠠᠷ ᠢᠶᠠᠨ ᠰᠠᠬᠢᠨ ᠬᠠᠮᠠᠭᠠᠯᠠᠨ᠎ᠠ︾ ᠭᠡᠬᠦ ᠲᠡᠭᠦᠨ ᠤ ᠡᠭᠡᠯ ᠪᠣᠷᠣᠭᠵᠢᠭᠤᠨ ᠦᠭᠡ ᠨᠢ ᠤᠷᠲᠤ ᠴᠠᠭᠠᠨ ᠬᠡᠷᠡᠮ ᠤᠨ ᠲᠦᠭ ᠲᠦᠮᠡᠨ ᠬᠠᠮᠠᠭᠠᠯᠠᠭᠴᠢ ᠶᠢᠨ ᠰᠡᠳᠬᠢᠯ ᠤᠨ ᠳᠠᠭᠤᠨ ᠢ ᠲᠥᠯᠥᠭᠡᠯᠡᠵᠦ ᠪᠠᠶᠢᠯ᠎ᠠ᠃      ᠥᠨᠳᠥᠷ ᠭᠠᠵᠠᠷ ᠪᠠᠬᠢᠯᠡᠯᠲᠡ ᠪᠣᠰᠬᠠᠵᠤ ᠬᠤᠲᠠ ᠤᠰᠤ ᠪᠠᠨ ᠰᠠᠬᠢᠨ᠎ᠠ      ᠰᠢᠭᠡᠳᠡᠢ ᠠᠴᠠ ᠮᠣᠷᠳᠠᠵᠤ ᠪᠠᠷᠠᠭᠤᠨ ᠬᠤᠶᠢᠰᠢ ᠪᠠᠨ 100 ᠭᠠᠷᠤᠢ ᠺᠢᠯᠣᠮᠧᠲᠷ ᠠᠶᠠᠯᠠᠪᠠᠯ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ—ᠳᠠᠪᠠᠭᠠᠳᠤ ᠡᠷᠲᠡᠨ ᠤ ᠬᠤᠳᠠ ︵ᠭᠤᠤ ᠴᠢᠤᠸᠠᠢ ᠰᠠᠢ︶ ᠶᠢᠨ ᠪᠠᠭᠤᠷᠢ ᠨᠢᠳᠦᠨ ᠡᠮᠦᠨ᠎ᠡ ᠬᠠᠷᠠᠭᠳᠠᠨ᠎ᠠ᠃      ᠡᠷᠲᠡᠨ ᠤ ᠬᠤᠲᠠ ᠨᠢ ᠬᠤᠶᠠᠷ ᠬᠤᠲᠠ ᠶᠢᠨ ᠪᠠᠭᠤᠷᠢ ᠪᠠᠷ ᠪᠦᠷᠢᠯᠳᠦᠵᠦ᠂ ᠬᠡᠷᠡᠮ ᠨᠢ ᠢᠯᠡᠷᠬᠡᠢ ᠰᠡᠭᠦᠯ ᠳᠤᠨᠢ ᠵᠠᠰᠠᠵᠤ ᠪᠠᠬᠢᠯᠡᠭᠰᠡᠨ ᠣᠷᠣᠮ ᠲᠠᠢ᠃ ᠬᠤᠲᠠ ᠶᠢᠨ ᠪᠠᠭᠤᠷᠢ ᠶᠢᠨ ᠡᠭᠦᠳᠡᠨ ᠳᠡᠭᠡᠷ᠎ᠡ ᠨᠢ ︽ᠭᠤᠤ ᠴᠢᠤᠸᠠᠢ ᠰᠠᠢ ᠶᠢᠨ ᠣᠷᠳᠣ ᠴᠠᠭᠠᠨ ᠬᠡᠷᠡᠮ ᠤᠨ ᠪᠠᠭᠤᠷᠢ︾ ᠭᠡᠰᠡᠨ ᠫᠠᠶᠢᠰᠠ ᠲᠠᠢ ᠪᠠᠶᠢᠵᠤ᠂ ᠳᠡᠭᠡᠷ᠎ᠡ ᠨᠢ ︽ᠭᠤᠤ ᠴᠢᠤᠸᠠᠢ ᠰᠠᠢ ︵ᠲᠠᠪᠠᠭᠠᠲᠤ ᠡᠷᠲᠡᠨ ᠤ ᠬᠤᠲᠠ︶ 2001 ᠣᠨ ᠳᠤ ᠲᠠᠪᠤᠳᠤᠭᠠᠷ ᠪᠦᠯᠦᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠢᠭᠡᠴᠢ ᠳᠤ ᠵᠢᠭᠰᠠᠭᠠᠭᠳᠠᠵᠤ᠂ ᠤᠷᠠᠳ ᠤᠨ ᠬᠤᠶᠢᠲᠤ ᠬᠤᠰᠢᠭᠤᠨ ᠤ ᠬᠥᠬᠡ ᠥᠨᠳᠥᠷ ᠪᠠᠯᠭᠠᠰᠤᠨ ᠤ ᠳᠠᠪᠠᠭᠠᠳᠤ ᠭᠤᠤ ᠳᠤ ᠪᠠᠶᠢᠷᠢᠯᠠᠵᠤ ᠪᠤᠶ᠃ ᠡᠷᠲᠡᠨ ᠤ ᠬᠤᠲᠠ ᠨᠢ ᠡᠮᠦᠨᠡᠲᠦ ᠤᠮᠠᠷᠠᠲᠤ ᠬᠤᠶᠠᠷ ᠵᠢᠵᠢᠭ ᠬᠤᠲᠠ ᠪᠠᠷ ᠪᠦᠷᠢᠯᠳᠦᠵᠡᠢ᠂ ᠤᠮᠠᠷᠠᠲᠤ ᠬᠤᠲᠠ ᠨᠢ ᠳᠥᠷᠪᠡᠯᠵᠢᠨ ᠬᠡᠯᠪᠡᠷᠢᠲᠡᠢ᠂ ᠡᠮᠦᠨᠡᠰᠢ ᠤᠮᠠᠷᠠᠰᠢ ᠥᠷᠭᠡᠨ ᠨᠢ 36.8 ᠮᠧᠲᠷ᠂ ᠵᠡᠭᠦᠨᠰᠢ ᠪᠠᠷᠠᠭᠤᠨᠰᠢ ᠥᠷᠭᠡᠨ ᠨᠢ 35.2 ᠮᠧᠲᠷ ᠪᠠᠶᠢᠵᠤ᠂ ᠬᠡᠷᠡᠮ ᠢ ᠨᠢ ᠨᠡᠯᠢᠶᠡᠳ ᠲᠣᠮᠣ ᠭᠤᠯᠳᠤᠷᠢᠯ ᠴᠢᠯᠠᠭᠤ ᠪᠠᠷ ᠪᠠᠷᠢᠵᠤ᠂ ᠬᠡᠷᠡᠮ ᠤᠨ ᠬᠥᠨᠳᠡᠢ ᠳᠣᠲᠣᠷ᠎ᠠ ᠨᠢ ᠵᠢᠵᠢᠭ ᠴᠢᠯᠠᠭᠤ ᠪᠠᠷ ᠳᠡᠪᠢᠰᠴᠦ ᠲᠣᠭᠲᠠᠪᠤᠷᠢᠲᠠᠢ ᠪᠣᠯᠭᠠᠪᠠ᠃ ᠬᠤᠲᠠ ᠶᠢᠨ ᠵᠡᠭᠦᠨ ᠬᠤᠶᠢᠲᠤ ᠥᠨᠴᠥᠭ ᠲᠤ ᠬᠤᠲᠠ ᠶᠢᠨ ᠬᠡᠷᠡᠮ ᠳᠡᠭᠡᠷ᠎ᠡ ᠭᠠᠷᠬᠤ ᠱᠠᠲᠤᠯᠢᠭ ᠵᠠᠮ ᠲᠠᠢ᠃ ᠡᠮᠦᠨ᠎ᠡ ᠬᠤᠲᠠ ᠨᠢ ᠣᠷᠳᠣ ᠳᠥᠷᠪᠡᠯᠵᠢᠨ ᠬᠡᠯᠪᠡᠷᠢᠲᠡᠢ᠂ ᠬᠤᠶᠢᠲᠤ ᠬᠡᠷᠡᠮ ᠨᠢ ᠬᠤᠶᠢᠲᠤ ᠬᠤᠲᠠ ᠶᠢᠨ ᠡᠮᠦᠨ᠎ᠡ ᠬᠡᠷᠡᠮ ᠢ ᠬᠠᠮᠲᠤ ᠪᠠᠷ ᠬᠡᠷᠡᠭᠯᠡᠵᠦ᠂ ᠵᠡᠭᠦᠨᠰᠢ ᠪᠠᠷᠠᠭᠤᠨᠰᠢ ᠲᠣᠰ ᠲᠣᠰ ᠨᠢᠭᠡ ᠬᠡᠰᠡᠭ ᠣᠷᠳᠣ ᠪᠠᠶᠢᠭᠤᠯᠪᠠ᠃ ᠵᠡᠭᠦᠨᠰᠢ ᠪᠠᠷᠠᠭᠤᠨᠰᠢ ᠶᠢᠨ ᠣᠷᠳᠣ ᠨᠢ 64 ᠮᠧᠲᠷ᠂ ᠡᠮᠦᠨᠡᠰᠢ ᠤᠮᠠᠷᠠᠰᠢ ᠪᠠᠨ ᠥᠷᠭᠡᠨ ᠨᠢ 48 ᠮᠧᠲᠷ᠃ ᠡᠭᠦᠳᠡᠨ ᠪᠠᠭᠤᠷᠢ  ᠨᠢ ᠵᠡᠭᠦᠨ ᠬᠡᠷᠡᠮ ᠤᠨ ᠡᠮᠦᠨ᠎ᠡ ᠲᠠᠯ᠎ᠠ ᠳᠤ ᠪᠠᠶᠢᠨ᠎ᠠ᠃ ᠡᠮᠦᠨᠡᠲᠦ ᠤᠮᠠᠷᠠᠲᠤ ᠬᠤᠶᠠᠷ ᠪᠠᠭ᠎ᠠ ᠬᠤᠲᠠ ᠶᠢᠨ ᠪᠠᠷᠢᠯᠭ᠎ᠠ ᠶᠢᠨ ᠬᠡᠪ ᠨᠠᠮᠪᠠ ᠨᠢ ᠢᠯᠡᠷᠬᠡᠢ ᠠᠳᠠᠯᠢ ᠪᠤᠰᠤ᠂ ᠡᠨᠡ ᠨᠢ ᠠᠳᠠᠯᠢ ᠴᠠᠭ ᠦᠶ᠎ᠡ ᠳᠤ ᠨᠢᠭᠡ ᠯᠡ ᠤᠳᠠᠭ᠎ᠠ ᠪᠠᠷᠢᠭᠰᠠᠨ ᠪᠢᠰᠢ ᠭᠡᠳᠡᠭ ᠢ ᠬᠠᠷᠠᠭᠤᠯᠵᠤ ᠪᠠᠶᠢᠨ᠎ᠠ᠃      ᠵᠠᠷᠢᠮ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠤᠮᠠᠷᠠᠲᠤ ᠬᠤᠲᠠ ᠶᠢ ᠪᠠᠶᠢᠯᠳᠤᠭᠠᠨᠲᠤ ᠤᠯᠤᠰ ᠤᠨ ᠦᠶ᠎ᠡ ᠳᠤ ᠪᠠᠶᠢᠭᠤᠯᠵᠤ᠂ ᠡᠮᠦᠨᠡᠲᠦ ᠬᠤᠲᠠ ᠶᠢ ᠬᠠᠨ ᠤᠯᠤᠰ ᠤᠨ ᠦᠶ᠎ᠡ ᠳᠤ ᠥᠷᠭᠡᠳᠬᠡᠨ ᠪᠠᠶᠢᠭᠤᠯᠵᠠᠢ᠃ ᠬᠠᠨ ᠤᠯᠤᠰ ᠤᠨ ᠦᠶ᠎ᠡ ᠶᠢᠨ ᠲᠡᠮᠦᠷ ᠬᠤᠶᠠᠭ ᠪᠠ ᠰᠤᠮᠤᠨ ᠦᠵᠦᠭᠦᠷ᠂ ᠦᠨᠡᠰᠦᠨ ᠥᠩᠭᠡᠲᠦ ᠸᠠᠭᠠᠷ ᠪᠠ ᠡᠯᠡᠰᠦ ᠬᠠᠪᠴᠢᠭᠤᠯᠤᠭᠰᠠᠨ ᠬᠠᠷ᠎ᠠ ᠸᠠᠭᠠᠷ ᠤᠨ ᠢᠯᠲᠠᠰᠤ ᠶᠢ ᠭᠠᠵᠠᠷ ᠤᠨ ᠭᠠᠳᠠᠷᠭᠤ ᠠᠴᠠ ᠣᠯᠵᠤ ᠢᠯᠡᠷᠡᠭᠦᠯᠵᠦ ᠥᠩᠭᠡᠷᠡᠪᠡ᠃ 2006 ᠣᠨ ᠳᠤ  ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠤᠮᠠᠷᠠᠲᠤ ᠶᠢᠨ ᠦᠨᠳᠦᠰᠦᠲᠡᠨ ᠤ ᠬᠠᠭᠤᠴᠢ ᠰᠤᠳᠤᠯᠤᠯ ᠤᠨ ᠰᠤᠳᠤᠯᠬᠤ ᠭᠠᠵᠠᠷ ᠵᠡᠷᠭᠡ ᠤᠯᠤᠰ ᠤᠨ ᠳᠣᠲᠣᠭᠠᠳᠤ ᠶᠢᠨ ᠲᠡᠦᠬᠡ ᠶᠢᠨ ᠬᠠᠭᠤᠴᠢ ᠰᠤᠳᠤᠯᠤᠯ ᠤᠨ ᠡᠷᠳᠡᠮᠲᠡᠳ ᠤᠨ ᠨᠤᠲᠠᠯᠠᠯᠲᠠ ᠪᠠᠷ ᠭᠤᠤ ᠴᠢᠤᠸᠠᠢ ᠰᠠᠢ ᠶᠢᠨ ᠪᠠᠭᠤᠷᠢ ᠪᠠᠷ ᠲᠣᠭᠲᠠᠭᠠᠪᠠ᠃ 2014 ᠣᠨ ᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠲᠦᠷᠦᠯ ᠵᠦᠢᠯ ᠲᠣᠭᠲᠠᠭᠠᠨ 245 ᠲᠦᠮᠡᠨ ᠲᠥᠭᠦᠷᠢᠭ ᠤᠨ ᠪᠡᠯᠡ ᠣᠷᠣᠭᠤᠯᠵᠤ ᠰᠡᠷᠭᠦᠭᠡᠨ ᠬᠠᠮᠠᠭᠠᠯᠠᠵᠤ᠂ ᠲᠤᠬᠠᠢ ᠶᠢᠨ ᠵᠢᠯ ᠳᠡᠭᠡᠨ ᠪᠠᠷᠢᠯᠭ᠎ᠠ ᠶᠢ ᠪᠦᠭᠦᠨ ᠢ ᠳᠠᠭᠤᠰᠬᠠᠪᠠ᠃      ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠤᠮᠠᠷᠠᠲᠤ ᠶᠢᠨ ᠦᠨᠳᠦᠰᠦᠲᠡᠨ ᠤ ᠬᠠᠭᠤᠴᠢ ᠰᠤᠳᠤᠯᠤᠯ ᠤᠨ ᠰᠤᠳᠤᠯᠬᠤ ᠭᠠᠵᠠᠷ ᠪᠣᠯᠣᠨ ᠤᠷᠠᠳ ᠤᠨ ᠬᠤᠶᠢᠲᠤ ᠬᠤᠰᠢᠭᠤᠨ ᠤ ᠤᠬᠠᠭᠤᠯᠬᠤ ᠬᠡᠯᠲᠡᠰ ᠤᠨ ᠨᠠᠶᠢᠷᠠᠭᠤᠯᠤᠨ ᠵᠣᠬᠢᠶᠠᠭᠰᠠᠨ ︽ᠤᠷᠠᠳ ᠤᠨ ᠬᠤᠶᠢᠲᠤ ᠬᠤᠰᠢᠭᠤᠨ ᠤ ᠲᠡᠦᠬᠡ ᠰᠣᠶᠣᠯ ᠤᠨ ᠦᠯᠡᠳᠡᠭᠳᠡᠯ ᠤᠨ ᠲᠤᠬᠠᠢ ᠪᠠᠶᠢᠴᠠᠭᠠᠯᠲᠠ ᠶᠢᠨ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠄ ᠭᠤᠤ ᠴᠢᠤᠸᠠᠢ ᠰᠠᠢ ᠪᠣᠯ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 300 ᠣᠨ ᠳᠤ ᠵᠤᠤ ᠤᠯᠤᠰ ᠤᠨ ᠦ᠋ ᠯᠢᠩ ᠸᠠᠩ ᠤᠨ ᠤᠳᠤ ᠶᠢᠨ ᠪᠠᠶᠠᠨᠨᠠᠭᠤᠷ ᠤᠨ ᠬᠠᠷᠢᠶᠠᠨ ᠳᠣᠲᠣᠷ᠎ᠠ ᠪᠠᠶᠢᠭᠤᠯᠤᠭᠰᠠᠨ ᠠᠩᠬᠠᠳᠠᠭᠴᠢ ᠴᠡᠷᠢᠭ ᠤᠨ ᠶᠠᠪᠤᠳᠠᠯ ᠤᠨ ᠪᠣᠭᠤᠮᠲᠠ ᠪᠠᠶᠢᠵᠤ᠂ ᠮᠥᠨ ᠴᠦ ᠲᠡᠦᠬᠡᠨ ᠠᠴᠠ ᠠᠪᠤᠭᠠᠳ ᠶᠡᠭᠡ ᠴᠡᠷᠢᠭ ᠰᠠᠬᠢᠨ ᠬᠠᠮᠠᠭᠠᠯᠠᠵᠤ ᠪᠠᠶᠢᠭᠰᠠᠨ ᠴᠡᠷᠢᠭ ᠤᠨ ᠶᠠᠪᠤᠳᠠᠯ ᠤᠨ ᠪᠣᠭᠤᠮᠲᠠ ᠪᠣᠯᠣᠨ᠎ᠠ᠃      ᠲᠠᠪᠠᠭᠠᠲᠤ ᠡᠷᠲᠡᠨ ᠤ ᠬᠤᠲᠠ ᠶᠢᠨ ᠪᠠᠭᠤᠷᠢ ᠶᠢᠨ ᠬᠠᠵᠠᠭᠤ ᠳᠤ ᠮᠠᠯᠴᠢᠨ ᠬᠥᠭᠵᠢᠯᠲᠦ ᠶᠢᠨ ᠬᠢ ᠪᠠᠶᠢᠳᠠᠭ᠂ ᠭᠡᠷ ᠤᠨ ᠡᠵᠡᠭᠲᠡᠢ ᠶᠢ ᠨᠢ ᠨᠠᠷᠠᠩᠭᠤᠸ᠎ᠠ ᠭᠡᠳᠡᠭ᠃ ᠡᠨᠡ ᠠᠶᠢᠯ ᠤᠨ ᠬᠡᠳᠦᠨ ᠦᠶ᠎ᠡ ᠶᠢᠨ ᠬᠥᠮᠥᠰ ᠠᠳᠡ 100 ᠭᠠᠷᠤᠢ ᠵᠢᠯ ᠰᠠᠬᠢᠨ ᠬᠠᠮᠠᠭᠠᠯᠠᠭᠰᠠᠨ ᠪᠠᠶᠢᠵᠠᠢ᠃ ᠬᠥᠭᠵᠢᠯᠲᠦ ᠶᠢᠨ ᠴᠡᠭᠡᠵᠢᠯᠡᠵᠦ ᠪᠠᠶᠢᠬᠤ ᠪᠠᠷ᠂ 20 ᠳ᠋ᠤᠭᠠᠷ ᠵᠠᠭᠤᠨ ᠤ ᠳᠠᠯᠠ ᠨᠠᠶᠠᠭᠠᠳ ᠣᠨ ᠳᠤ ᠣᠶᠢᠷ᠎ᠠ ᠬᠠᠪᠢ ᠶᠢᠨ ᠲᠣᠰᠬᠤᠨ ᠤ ᠠᠷᠠᠳ ᠰᠢᠨ᠎ᠡ ᠭᠡᠷ ᠪᠠᠷᠢᠬᠤ ᠳᠠᠭᠠᠨ ᠦᠷᠭᠦᠯᠵᠢ ᠠᠳᠡ ᠴᠢᠯᠠᠭᠤ ᠠᠪᠬᠤ ᠪᠠᠷ ᠢᠷᠡᠳᠡᠭ ᠪᠠᠶᠢᠪᠠ᠃ ᠳᠡᠷᠡ ᠬᠠᠷᠢᠨ ᠡᠶᠢᠮᠦ ᠰᠠᠶᠢᠨ ᠶᠠᠭᠤᠮ᠎ᠠ ᠢᠩᠭᠢᠵᠦ ᠡᠪᠳᠡᠭᠳᠡᠵᠦ ᠪᠤᠯᠬᠤ ᠦᠭᠡᠢ ᠭᠡᠵᠦ ᠪᠤᠳᠤᠵᠥ᠂ ᠶᠣᠰᠣ ᠬᠡᠯᠡᠵᠦ ᠪᠠᠶᠢᠭᠠᠳ ᠶᠠᠭᠤᠮ᠎ᠠ ᠠᠪᠬᠤ ᠪᠠᠷ ᠢᠷᠡᠭᠰᠡᠨ ᠬᠥᠮᠥᠰ ᠢ ᠬᠥᠭᠡᠭᠡᠵᠦ ᠶᠠᠪᠤᠭᠤᠯᠳᠠᠭ ᠪᠠᠶᠢᠯ᠎ᠠ᠃ ᠰᠡᠭᠦᠯ ᠳᠤᠨᠢ ᠡᠷᠭᠢᠨ ᠲᠣᠭᠤᠷᠢᠨ ᠤ ᠲᠣᠰᠬᠤᠨ ᠤ ᠠᠷᠠᠳ ᠬᠡᠨ ᠴᠦ ᠭᠡᠳ ᠳᠤᠷ᠎ᠠ ᠪᠠᠷ ᠢᠶᠠᠨ ᠴᠢᠯᠠᠭᠤ ᠲᠠᠲᠠᠬᠤ ᠪᠠᠷ ᠢᠷᠡᠬᠦ ᠦᠭᠡᠢ ᠪᠣᠯᠵᠠᠢ᠂ ᠤᠴᠢᠷ ᠨᠢ ᠲᠡᠳᠡ ᠪᠦᠷ ᠠᠳᠡ ᠨᠢᠭᠡ ︽ᠵᠥᠷᠢᠭᠦᠳ︾ ᠬᠤᠲᠠ ᠰᠠᠬᠢᠭᠴᠢ ᠪᠠᠶᠢᠨ᠎ᠠ ᠭᠡᠵᠦ ᠮᠡᠳᠡᠭᠰᠡᠨ ᠤ ᠬᠢ ᠪᠠᠶᠢᠯ᠎ᠠ᠃      ᠮᠠᠯᠴᠢᠨ ᠠᠶᠢᠯ ᠤᠨ ᠵᠢᠭᠤᠯᠴᠢᠯᠠᠯ ᠤᠨ ᠬᠥᠭᠵᠢᠯᠲᠡ ᠶᠢ ᠳᠠᠭᠠᠯᠳᠤᠨ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠮᠠᠯᠴᠢᠳ ᠢ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠭᠯᠠᠨ ᠵᠢᠭᠤᠯᠴᠢᠯᠠᠯ ᠤᠨ ᠦᠢᠯᠡᠰ ᠬᠥᠭᠵᠢᠭᠦᠯᠬᠦ ᠶᠢ ᠵᠣᠷᠢᠭᠵᠢᠭᠤᠯᠪᠠ᠃ 2007 ᠣᠨ ᠳᠤ ᠬᠥᠭᠵᠢᠯᠲᠦ ᠶᠢᠨ ᠬᠢᠨ ᠳᠠᠪᠠᠭᠠᠲᠤ ᠡᠷᠲᠡᠨ ᠤ ᠬᠤᠲᠠ ᠶᠢᠨ ᠪᠠᠭᠤᠷᠢ ᠶᠢᠨ ᠲᠦᠷᠦᠯ ᠲᠡᠮᠳᠡᠭ ᠲᠤ ᠲᠦᠰᠢᠭᠯᠡᠨ᠂ ᠠᠵᠢᠯᠴᠢ ᠭᠦᠳᠡᠯᠮᠦᠷᠢᠴᠢ ᠬᠤᠶᠠᠷ ᠭᠠᠷ ᠪᠣᠯᠣᠨ ᠠᠮᠢᠳᠤᠯᠢᠭ ᠲᠠᠷᠢᠬᠢ ᠲᠣᠯᠣᠭᠠᠢ ᠪᠠᠷ ᠢᠶᠠᠨ ︽ᠮᠠᠯᠴᠢᠨ ᠠᠶᠢᠯ ᠵᠢᠭᠤᠯᠴᠢᠯᠠᠯ︾ ᠡᠵᠡᠩᠨᠡᠵᠦ᠂ ᠠᠷᠠᠯᠵᠢᠶ᠎ᠠ ᠮᠠᠶᠢᠮᠠᠢ ᠨᠢ ᠴᠦ ᠤᠯᠠᠮ ᠢᠶᠠᠷ ᠬᠥᠭᠵᠢᠶᠡᠨᠲᠡᠢ ᠪᠣᠯᠵᠠᠢ᠃      ᠦᠦᠷ ᠤᠨ ᠲᠤᠶᠠᠭᠠᠨ ᠳᠤ ᠳᠠᠪᠠᠭᠠᠲᠤ ᠡᠷᠲᠡᠨ ᠤ ᠬᠤᠲᠠ ᠰᠦᠮᠡᠶᠢᠨ ᠰᠦᠨᠳᠡᠷᠯᠡᠵᠦ᠂ ᠬᠥᠮᠥᠰ ᠲᠤ ᠮᠢᠩᠭᠠᠨ ᠵᠢᠯ ᠤᠨ ᠡᠷᠲᠡᠨ ᠤ ᠦᠯᠢᠭᠡᠷ ᠢ ᠬᠦᠦᠷᠨᠢᠵᠦ ᠪᠠᠶᠢᠭ᠎ᠠ ᠰᠢᠭ᠋ ᠬᠠᠷᠠᠭᠳᠠᠨ᠎ᠠ ᠁
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号