ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠨᠢ ᠠᠷᠠᠳ ᠲᠦᠮᠡᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠬᠤ ᠪᠠᠷ ᠪᠠᠷᠠᠬᠤ ᠦᠭᠡᠢ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠵᠤ ᠪᠠᠶᠢᠳᠠᠭ᠃ ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ | ᠪᠠᠶᠢᠭᠠᠯᠢ ᠶᠢᠨ ᠭᠠᠮᠰᠢᠭ ᠤᠨ ᠲᠥᠷᠥᠯ ᠵᠦᠢᠯ ᠣᠯᠠᠨ᠂ ᠰᠢᠷᠦᠭᠦᠨ ᠪᠣᠷᠣᠭᠠᠨ ᠦᠶᠡᠷ ᠤᠰᠤᠲᠤᠯ᠂ ᠣᠶ ᠰᠢᠭᠤᠢ | ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠮᠰᠢᠭ᠂ ᠬᠠᠬᠢᠷ ᠬᠦᠢᠲᠡᠨ ᠭᠠᠵᠠᠷ ᠣᠷᠣᠨ ᠤ ᠪᠣᠷᠣᠭᠠᠨ ᠴᠠᠰᠤ | ᠮᠥᠰᠥᠲᠦᠯ ᠵᠡᠷᠭᠡ ᠰᠡᠷᠭᠡᠶᠢᠯᠡᠨ ᠵᠠᠰᠠᠬᠤ ᠡᠭᠦᠷᠭᠡ ᠬᠠᠷᠢᠴᠠᠩᠭᠤᠢ ᠪᠠᠷ ᠨᠡᠯᠢᠶᠡᠳ ᠬᠦᠨᠳᠦ ᠪᠠᠶᠢᠵᠤ᠂ ᠪᠠᠶᠢᠭᠠᠯᠢ ᠶᠢᠨ | ᠭᠠᠮᠰᠢᠭ ᠢ ᠰᠡᠷᠭᠡᠶᠢᠯᠡᠨ ᠵᠠᠰᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ᠃ ᠡᠶᠢᠮᠦᠷᠬᠦᠦ | ᠪᠠᠶᠢᠳᠠᠯ ᠳᠤ ᠮᠠᠨ ᠤ ᠣᠷᠣᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ | ᠠᠷᠢᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠠ ᠭᠡᠨᠡᠳᠡᠯ ᠤᠨ ᠭᠠᠮᠰᠢᠭ | ᠢ ᠪᠠᠴᠢᠮ ᠠᠷᠭᠠᠴᠠᠭᠠᠨ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠪᠦᠭᠦ | ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠨᠥᠬᠦᠴᠡᠯ ᠢ ᠪᠤᠶ ᠪᠣᠯᠭᠠᠨ | ᠥᠭᠴᠦ ᠪᠠᠶᠢᠨ᠎ᠠ᠃ | ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ ᠠᠷᠪᠠᠨ ᠵᠢᠷᠭᠤᠳᠠᠭᠢ ᠪᠦᠭᠦ ᠤᠯᠤᠰ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠂ ᠲᠤᠰ ᠡᠳᠦᠷ ᠤᠨ ᠭᠤᠣᠯ ᠰᠡᠳᠦᠪ ᠪᠣᠯ ︽ᠬᠥᠮᠥᠨ ᠪᠦᠭᠦᠨ | ᠠᠮᠤᠷ ᠲᠦᠪᠰᠢᠨ ᠢ ᠠᠩᠬᠠᠷᠴᠤ᠂ ᠬᠥᠮᠥᠨ ᠪᠦᠭᠦᠨ ᠪᠠᠴᠢᠮ ᠪᠠᠶᠢᠳᠠᠯ ᠢ ᠠᠷᠭᠠᠴᠠᠭᠠᠨ᠎ᠠ—ᠦᠨᠳᠦᠰᠦᠨ ᠱᠠᠲᠤᠨ ᠤ | ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠠ︾᠃ 5 ᠰᠠᠷ᠎ᠠ ᠶᠢᠨ | 11 ᠤ ᠡᠳᠦᠷ ᠠᠴᠠ 17 ᠤ ᠡᠳᠦᠷ ᠪᠣᠯ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ | ᠭᠠᠷᠠᠭ ᠪᠤᠯᠬᠤ ᠶᠤᠮ᠃ | ᠮᠠᠨ ᠤ ᠤᠯᠤᠰ ᠲᠤ ᠭᠠᠮᠰᠢᠭ ᠤᠨ ᠲᠥᠷᠥᠯ ᠵᠦᠢᠯ ᠣᠯᠠᠨ᠂ ᠲᠠᠷᠬᠠᠯᠲᠠ ᠶᠢᠨ ᠭᠠᠵᠠᠷ ᠣᠷᠣᠨ ᠥᠷᠭᠡᠨ᠂ | ᠡᠭᠦᠰᠬᠦ ᠳᠠᠪᠲᠠᠮᠵᠢ ᠥᠨᠳᠥᠷ ᠪᠠᠶᠢᠳᠠᠭ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠪᠣᠯᠣᠨ | ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢᠨ ᠠᠬᠤᠢ ᠪᠠᠶᠢᠳᠠᠯ ᠳᠣᠣᠷ᠎ᠠ᠂ ᠮᠠᠨ ᠤ | ᠤᠯᠤᠰ ᠲᠤ ᠲᠤᠯᠭᠠᠷᠠᠵᠤ ᠪᠠᠶᠢᠭ᠎ᠠ ᠪᠠᠶᠢᠭᠠᠯᠢ ᠶᠢᠨ ᠭᠠᠮᠰᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ᠂ | ᠭᠠᠮᠰᠢᠭ ᠤᠨ ᠠᠶᠤᠯ ᠲᠦᠭᠰᠢᠭᠦᠷᠢ ᠤᠯᠠᠮ ᠨᠢᠭᠡ ᠠᠯᠬᠤᠮ ᠰᠢᠷᠦᠭᠦᠰᠴᠦ᠂ ᠭᠠᠮᠰᠢᠭ ᠤᠨ ᠬᠤᠬᠢᠷᠠᠯ ᠡᠳᠦᠷ ᠢᠷᠡᠬᠦᠶ᠎ᠡ | ᠬᠦᠨᠳᠦ ᠨᠣᠴᠢᠲᠠᠢ ᠪᠣᠯᠵᠤ ᠪᠠᠶᠢᠨ᠎ᠠ᠃ | 2008 ᠣᠨ ᠤ 5 ᠰᠠᠷ᠎ᠠ ᠶᠢᠨ 12 ᠤᠨ ᠡᠳᠦᠷ᠂ ᠰᠧᠴᠤᠸᠠᠨ ᠤ ᠸᠧᠨᠴᠤᠸᠠᠨ ᠳᠤ 8.0 ᠲᠡᠰ ᠤᠨ ᠣᠨᠴᠠ | ᠶᠡᠭᠡ ᠭᠠᠵᠠᠷ ᠬᠥᠳᠡᠯᠦᠯᠲᠡ ᠡᠭᠦᠰᠪᠡ᠃ ᠡᠨᠡ ᠬᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ | ᠡᠪᠳᠡᠯᠡᠭᠡ ᠶᠢᠨ ᠴᠢᠨᠠᠷ ᠢᠶᠠᠷ ᠬᠠᠮᠤᠭ ᠤᠨ ᠶᠡᠭᠡ ᠭᠠᠵᠠᠷ ᠬᠥᠳᠡᠯᠦᠯᠲᠡ ᠳᠤ ᠰᠧᠴᠤᠸᠠᠨ ᠮᠤᠵᠢ ᠳᠤ 68712 | ᠬᠥᠮᠥᠨ ᠠᠳᠡᠵᠦ᠂ 17912 ᠬᠥᠮᠥᠨ ᠪᠠᠷ᠎ᠠ ᠰᠤᠷᠠᠭ ᠦᠭᠡᠢ ᠪᠣᠯᠵᠠᠢ᠃ ᠡᠨᠡ ᠤᠳᠠᠭᠠᠨ ᠤ ᠶᠡᠭᠡ ᠭᠠᠵᠠᠷ | ᠬᠥᠳᠡᠯᠦᠯᠲᠡ ᠨᠢ ᠪᠦᠭᠦ ᠤᠯᠤᠰ ᠤᠨ ᠠᠷᠠᠳ ᠲᠦᠮᠡᠨ ᠳᠤ ᠯᠤᠲᠤ ᠶᠡᠭᠡ ᠰᠡᠳᠬᠢᠴᠡ ᠶᠢᠨ ᠳᠠᠷᠤᠯᠲᠠ ᠪᠠ | ᠰᠡᠳᠬᠢᠯ ᠤᠨ ᠰᠢᠷᠬ᠎ᠠ ᠠᠪᠴᠢᠷᠠᠵᠤ᠂ ᠤᠯᠤᠰ ᠪᠠ ᠦᠨᠳᠦᠰᠦᠲᠡᠨ ᠤ ᠲᠡᠦᠬᠡᠨ ᠳᠡᠭᠡᠷᠡᠬᠢ ᠬᠦᠨᠳᠦ ᠶᠡᠭᠡ ᠭᠠᠢ | ᠭᠠᠮᠰᠢᠭ ᠪᠣᠯᠤᠭᠰᠠᠨ ᠪᠠᠶᠢᠨ᠎ᠠ᠃ ᠭᠠᠮᠰᠢᠭ ᠡᠭᠦᠰᠦᠭᠰᠡᠨ ᠤ ᠲᠠᠷᠠᠭ᠎ᠠ᠂ ᠪᠦᠭᠦ ᠤᠯᠤᠰ ᠤᠨ ᠠᠷᠠᠳ ᠲᠦᠮᠡᠨ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ ᠲᠦᠮᠡᠨ ᠤᠯᠠᠨ ᠢᠶᠠᠷ ᠢᠶᠠᠨ | ᠰᠡᠳᠬᠢᠯ ᠨᠢᠭᠡᠳᠴᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠷᠢᠳ ᠡᠮᠦᠨ᠎ᠡ | ᠪᠠᠶᠢᠭ᠎ᠠ ᠦᠭᠡᠢ ᠪᠦᠯᠬᠦᠮᠳᠡᠯ ᠪᠠ ᠪᠠᠲᠤ ᠴᠢᠩᠭ᠎ᠠ ᠪᠠᠶᠢᠳᠠᠯ ᠢᠶᠠᠨ ᠢᠯᠡᠷᠡᠭᠦᠯᠦᠭᠰᠡᠨ ᠪᠠᠶᠢᠨ᠎ᠠ᠃ 2008 ᠣᠨ ᠤ 6 | ᠰᠠᠷ᠎ᠠ ᠳᠤ᠂ ᠱᠠᠨ ᠰᠢ ᠮᠤᠵᠢ ᠶᠢᠨ ᠲᠠᠶᠢᠶᠤᠸᠠᠨ ᠬᠤᠲᠠ ᠶᠢᠨ ᠵᠠᠷᠢᠮ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠭᠠᠮᠰᠢᠭ ᠲᠤ ᠠᠳᠡᠭᠰᠡᠳ ᠤᠨ ᠲᠤᠬᠠᠢ ᠡᠷᠭᠢᠴᠡᠭᠦᠯᠦᠨ ᠡᠮᠵᠡᠭᠯᠡᠵᠦ ᠪᠠᠶᠢᠬᠤ ᠪᠠᠨ ᠢᠯᠡᠳᠬᠡᠵᠦ᠂ ᠪᠦᠭᠦ ᠠᠷᠠᠳ ᠤᠨ | ᠰᠠᠨᠠᠭᠠᠰᠢᠷᠠᠨ ᠵᠣᠪᠠᠨᠢᠬᠤ ᠤᠬᠠᠮᠰᠠᠷ ᠢ ᠨᠡᠮᠡᠭᠳᠡᠭᠦᠯᠦᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠴᠢᠳᠠᠪᠤᠷᠢ ᠶᠢ ᠳᠡᠭᠡᠭᠰᠢᠯᠡᠭᠦᠯᠭᠦ ᠶᠢᠨ ᠲᠥᠯᠥᠭᠡ ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠪᠤᠶᠤ | ︽ᠳᠤᠮᠳᠠᠳᠤ ᠤᠯᠤᠰ ᠤᠨ ᠭᠠᠮᠰᠢᠭ ᠠᠴᠠ ᠠᠪᠤᠷᠠᠬᠤ ᠡᠳᠦᠷ ᠢ ᠭᠠᠷᠭᠠᠬᠤ ᠴᠢᠬᠤᠯᠠᠲᠠᠢ᠂ ᠡᠭᠦᠨ ᠢᠶᠠᠷ ᠳᠠᠮᠵᠢᠭᠤᠯᠤᠨ | ᠭᠠᠵᠠᠷ ᠬᠥᠳᠡᠯᠦᠯᠲᠡ ᠳᠤ ᠠᠳᠡᠭᠰᠡᠳ ᠤᠨ ᠲᠤᠬᠠᠢ ᠳᠤᠷᠠᠳᠬᠠᠯ ᠢᠶᠠᠨ ᠢᠯᠡᠳᠬᠡᠵᠦ᠂ ᠪᠦᠯᠬᠦᠮᠳᠡᠨ ᠭᠠᠮᠰᠢᠭ ᠢ | ᠡᠰᠡᠷᠭᠦᠴᠡᠬᠦ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ︾ ᠭᠡᠬᠦ ᠰᠠᠨᠠᠭᠤᠯᠭ᠎ᠠ ᠳᠡᠪᠰᠢᠭᠦᠯᠪᠡ᠃ 2009 ᠣᠨ ᠤ 3 | ᠰᠠᠷ᠎ᠠ ᠶᠢᠨ 2 ᠤᠨ ᠡᠳᠦᠷ᠂ ᠤᠯᠤᠰ ᠤᠨ ᠭᠠᠮᠰᠢᠭ ᠢ ᠪᠠᠭᠠᠰᠬᠠᠬᠤ ᠵᠥᠪᠯᠡᠯ᠂ ᠠᠷᠠᠳ ᠤᠨ ᠶᠠᠪᠤᠳᠠᠯ ᠤᠨ ᠶᠠᠮᠤᠨ | ᠬᠠᠮᠲᠤᠷᠠᠨ ᠮᠡᠳᠡᠭᠡ ᠨᠡᠶᠢᠲᠡᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ 2009 | ᠣᠨ ᠠᠴᠠ ᠡᠬᠢᠯᠡᠨ᠂ ᠵᠢᠯ ᠪᠦᠷᠢ ᠶᠢᠨ 5 ᠰᠠᠷ᠎ᠠ ᠶᠢᠨ 12 ᠤᠨ ᠡᠳᠦᠷ ᠢ ᠪᠦᠭᠦ ᠤᠯᠤᠰ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠡᠳᠦᠷ ᠪᠣᠯᠭᠠᠪᠠ᠃ | | | | | ᠤᠷᠢᠳᠴᠢᠯᠠᠨ ᠰᠡᠷᠭᠡᠶᠢᠯᠡᠯᠲᠡ—ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ | ᠮᠠᠨ ᠤ ᠣᠷᠣᠨ ᠪᠣᠯ ᠣᠶ ᠰᠢᠭᠤᠢ ᠨᠤᠲᠤᠭ ᠪᠡᠯᠴᠢᠭᠡᠷ ᠤᠨ ᠲᠣᠮᠣ ᠣᠷᠣᠨ ᠪᠤᠯᠬᠤ ᠪᠥᠭᠡᠳ ᠣᠳᠣ ᠪᠠᠶᠢᠭ᠎ᠠ | ᠣᠶ ᠰᠢᠭᠤᠢ ᠶᠢᠨ ᠲᠠᠯᠠᠪᠠᠶ 3.57 ᠳ᠋ᠦᠩᠰᠢᠭᠤᠷ ᠮᠦ ᠳᠤ ᠬᠦᠷᠴᠦ᠂ ᠨᠤᠲᠤᠭ ᠪᠡᠯᠴᠢᠭᠡᠷ ᠤᠨ ᠲᠠᠯᠠᠪᠠᠶ 8.15 | ᠳ᠋ᠦᠩᠰᠢᠭᠤᠷ ᠮᠦ ᠪᠠᠶᠢᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ | ᠤᠨ ᠴᠡᠭ ᠣᠯᠠᠨ᠂ ᠱᠤᠭᠤᠮ ᠤᠷᠲᠤ᠂ ᠬᠡᠪᠴᠢᠶ᠎ᠡ ᠥᠷᠭᠡᠨ ᠪᠣᠯᠬᠤᠷ ᠡᠭᠦᠷᠭᠡ ᠬᠠᠲᠠᠭᠤ ᠪᠡᠷᠬᠡ ᠪᠠᠶᠢᠳᠠᠭ᠃ | ᠡᠨᠡ ᠵᠢᠯ ᠮᠠᠨ ᠤ ᠣᠷᠣᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ | ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠶᠤᠯᠭᠦᠢ ᠦᠢᠯᠡᠳᠪᠦᠷᠢᠯᠡᠯ ᠤᠨ ᠬᠢᠨᠠᠨ | ᠰᠢᠯᠭᠠᠯᠲᠠ︾ ᠪᠠ ︽ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠯᠲᠠ︾ ᠶᠢᠨ ᠵᠢᠯᠤᠭᠤᠳᠬᠤ | ᠦᠢᠯᠡᠳᠦᠯ ᠢ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠢᠯᠠᠩᠭᠤᠶ᠎ᠠ ᠬᠤᠰᠢᠭᠤ ᠰᠢᠶᠠᠨ ︵ᠬᠤᠲᠠ᠂ ᠲᠣᠭᠤᠷᠢᠭ︶᠂ | ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠭᠠᠯ | ᠲᠦᠢᠮᠡᠷ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ | ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠪᠠᠶᠢᠨ᠎ᠠ᠃ | ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠶᠡᠷᠦᠩᠬᠡᠢ ᠠᠩᠭᠢ | ᠠᠴᠠ 34 ᠰᠠᠯᠪᠤᠷᠢ ᠠᠩᠭᠢ ᠶᠢᠨ1800 ᠭᠠᠷᠤᠢ ᠬᠥᠮᠥᠨ ᠢ ᠲᠣᠮᠢᠯᠠᠵᠤ᠂ ᠪᠦᠯᠦᠭ ᠤᠳᠠᠭ᠎ᠠ ᠬᠤᠪᠢᠶᠠᠨ ᠣᠷᠣᠨ ᠤ | ᠳᠣᠲᠣᠨ᠎ᠠ ᠭᠠᠳᠠᠨᠠᠬᠢ 27 ᠭᠤᠣᠯᠳᠠᠯᠭ᠎ᠠ ᠲᠠᠢ ᠭᠠᠯ ᠲᠦᠢᠮᠡᠷ ᠤᠨ ᠠᠶᠤᠯᠲᠤ ᠣᠷᠣᠨ ᠳᠤ ᠬᠦᠷᠴᠦ | ᠰᠡᠷᠭᠡᠶᠢᠯᠡᠯᠲᠡ ᠶᠢᠨ ᠠᠵᠢᠯᠯᠠᠭ᠎ᠠ ᠥᠷᠨᠢᠭᠦᠯᠪᠡ᠃ ︽ᠬᠠᠩᠰᠢ ᠶᠢᠨ ᠠᠮᠠᠷᠠᠯᠲᠠ︾᠂ ︽ᠲᠠᠪᠤᠨ ᠰᠠᠷ᠎ᠠ ᠶᠢᠨ ᠨᠢᠭᠡᠨ ᠤ | ᠠᠮᠠᠷᠠᠯᠲᠠ︾ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠭᠠᠯ ᠲᠦᠢᠮᠡᠷ | ᠰᠡᠷᠭᠡᠶᠢᠯᠡᠵᠦ ᠤᠨᠲᠠᠷᠠᠭᠠᠬᠤ ᠶᠡᠷᠦᠩᠬᠡᠢ ᠠᠩᠭᠢ ᠠᠴᠠ ᠪᠠᠰᠠ 124 ᠰᠠᠯᠪᠤᠷᠢ ᠠᠩᠭᠢ ᠶᠢᠨ 2380 ᠬᠥᠮᠥᠨ ᠢ | ᠲᠣᠮᠢᠯᠠᠨ 143 ᠡᠭᠦᠷᠭᠡ ᠭᠦᠢᠴᠡᠳᠬᠡᠬᠦ ᠭᠠᠵᠠᠷ ᠲᠤ ᠣᠴᠢᠭᠤᠯᠵᠤ ᠭᠠᠯ ᠰᠡᠷᠭᠡᠶᠢᠯᠡᠬᠦ ᠡᠭᠦᠷᠭᠡ ᠭᠦᠢᠴᠡᠳᠬᠡᠬᠦ | ᠲᠤᠰᠬᠠᠢ ᠠᠵᠢᠯᠯᠠᠭ᠎ᠠ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠤᠨ ᠭᠡᠮ | ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ︽ᠬᠠᠩᠰᠢ ᠶᠢᠨ ᠠᠮᠠᠷᠠᠯᠲᠠ︾᠂ ︽ᠲᠠᠪᠤᠨ ᠰᠠᠷ᠎ᠠ ᠶᠢᠨ | ᠨᠢᠭᠡᠨ ᠤ ᠠᠮᠠᠷᠠᠯᠲᠠ︾ ᠪᠣᠯᠣᠨ ᠬᠠᠪᠤᠷ ᠤᠨ ᠰᠡᠷᠭᠡᠶᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠵᠡᠷᠭᠡ | ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠶᠡᠭᠡ ᠬᠢᠩᠭᠠᠨ ᠳᠠᠪᠠᠭ᠎ᠠ ᠶᠢᠨ ᠪᠠᠯᠠᠷᠯᠢᠭ ᠣᠶᠢᠲᠤ | ᠣᠷᠣᠨ᠂ 11 ᠬᠡᠰᠡᠭ ᠡᠭᠦᠰᠦᠮᠡᠯ ᠣᠶᠢᠲᠤ ᠣᠷᠣᠨ᠂ 1 ᠳ᠋ᠦᠩᠰᠢᠭᠤᠷ ᠮᠦ ᠲᠠᠷᠢᠮᠠᠯ ᠣᠶᠢᠲᠤ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠰᠡᠷᠭᠡᠶᠢᠯᠡᠵᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ | ᠵᠥᠪᠰᠢᠶᠡᠷᠡᠬᠦ᠂ ᠲᠤᠰᠠᠭᠠᠷᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠴᠢᠩᠭᠠᠳᠬᠠᠪᠠ᠃ | ᠤᠷᠢᠳᠴᠢᠯᠠᠨ ᠰᠡᠷᠭᠡᠶᠢᠯᠡᠯᠲᠡ—ᠭᠠᠵᠠᠷ ᠬᠥᠳᠡᠯᠦᠯᠲᠡ ᠶᠢᠨ ᠭᠠᠮᠰᠢᠭ | ᠮᠠᠨ ᠤ ᠣᠷᠣᠨ ᠤ ᠭᠠᠵᠠᠷ ᠤᠨ ᠪᠦᠲᠦᠴᠡ ᠪᠤᠳᠤᠯᠢᠶᠠᠨᠲᠠᠢ᠂ ᠰᠢᠨ᠎ᠡ ᠲᠣᠭᠲᠠᠴᠠ ᠶᠢᠨ ᠬᠥᠳᠡᠯᠭᠡᠭᠡᠨ ᠴᠢᠩᠭ᠎ᠠ | ᠰᠢᠷᠦᠭᠦᠨ ᠪᠠᠶᠢᠵᠤ᠂ ᠪᠦᠭᠦ ᠤᠯᠤᠰ ᠲᠤ ᠡᠪᠳᠡᠯᠡᠭᠡ ᠶᠢᠨ ᠴᠢᠨᠠᠷᠲᠠᠢ ᠭᠠᠵᠠᠷ ᠬᠥᠳᠡᠯᠦᠯᠲᠡ ᠶᠢᠨ ᠳᠠᠪᠲᠠᠮᠵᠢ ᠨᠡᠯᠢᠶᠡᠳ | ᠥᠨᠳᠥᠷ ᠮᠤᠵᠢ ᠣᠷᠣᠨ ᠤ ᠨᠢᠭᠡ ᠪᠣᠯᠣᠨ᠎ᠠ᠃ ᠮᠠᠨ ᠤ ᠣᠷᠣᠨ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠶᠢ ︽ᠪᠦᠭᠦ ᠭᠠᠮᠰᠢᠭ ᠤᠨ ᠲᠥᠷᠥᠯ ᠵᠦᠢᠯ᠂ ᠪᠠᠴᠢᠮ ᠪᠠᠶᠢᠳᠠᠯ ᠢ ᠠᠷᠭᠠᠴᠠᠭᠠᠬᠤ︾ ᠬᠠᠮᠢᠶᠠᠷᠤᠯᠲᠠ ᠶᠢᠨ | ᠳᠦᠷᠢᠮ ᠳᠤ ᠣᠷᠣᠭᠤᠯᠵᠤ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠭᠠᠵᠠᠷ ᠬᠥᠳᠡᠯᠦᠯᠲᠡ ᠶᠢᠨ ᠪᠠᠶᠢᠳᠠᠯ ᠢ | ᠮᠥᠷᠳᠡᠬᠦ᠂ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ ᠢᠨᠵᠧᠨᠧᠷᠢᠩ ᠢ ᠨᠡᠶᠢᠳᠡᠮ ᠪᠠᠶᠢᠴᠠᠭᠠᠬᠤ᠂ | ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ | ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠪᠠᠷ ᠪᠦᠬᠦᠯᠢ ᠴᠣᠭᠴᠠ ᠶᠢᠨ ᠠᠵᠢᠯ ᠤᠨ ᠴᠢᠳᠠᠪᠤᠷᠢ ᠪᠠ ᠲᠦᠪᠰᠢᠨ | ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠦᠭᠦ ᠣᠷᠣᠨ ᠤ ᠭᠠᠵᠠᠷ ᠬᠥᠳᠡᠯᠦᠯᠲᠡ ᠶᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ | ᠤ ᠠᠮᠤᠷ ᠲᠦᠪᠰᠢᠨ ᠤ ᠲᠥᠷᠥᠭᠳᠡᠯ᠂ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠭᠦ ᠶᠢᠨ ᠲᠥᠯᠥᠭᠡ ᠴᠥᠬᠦᠷᠡᠰᠢ | ᠦᠭᠡᠢ ᠴᠢᠷᠮᠠᠶᠢᠨ᠎ᠠ᠃ | ᠥᠪᠡᠷᠲᠡᠭᠡᠨ ᠵᠠᠰᠠᠬᠤ ᠣᠷᠣᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠢᠨᠵᠧᠨᠧᠷᠢᠩ ᠢ | ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠭᠠᠵᠠᠷ ᠬᠥᠳᠡᠯᠦᠯᠲᠡ ᠶᠢᠨ ᠬᠥᠨᠥᠭᠡᠯ ᠢ ᠰᠡᠷᠭᠡᠶᠢᠯᠡᠬᠦ ᠰᠠᠭᠤᠷᠢ ᠴᠢᠨᠠᠷᠲᠠᠢ | ᠠᠵᠢᠯ ᠢ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠶ ᠥᠷᠨᠢᠭᠦᠯᠵᠦ ᠪᠠᠶᠢᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠦᠪᠵᠢᠭᠦᠯᠭᠡ︾ | ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠣᠨ ᠰᠢᠨ᠎ᠡ ᠴᠠᠭ ᠦᠶ᠎ᠡ ᠶᠢᠨ | ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠭᠰᠠᠨ ᠰᠢᠰᠲ᠋ᠧᠮ ᠢ | ᠠᠩᠬ᠎ᠠ ᠠᠯᠬᠤᠮ ᠪᠦᠷᠢᠯᠳᠦᠭᠦᠯᠵᠦ᠂ 2035 ᠣᠨ ᠪᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ | ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ ᠭᠡᠵᠦ ᠲᠣᠭᠲᠠᠭᠠᠪᠠ᠃ ︽ᠲᠥᠯᠦᠪᠵᠢᠭᠦᠯᠭᠡ︾ ᠳᠤ ᠭᠠᠵᠠᠷ ᠬᠥᠳᠡᠯᠦᠯᠲᠡ ᠶᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠴᠢᠳᠠᠪᠤᠷᠢ ᠶᠢ ᠳᠡᠭᠡᠭᠰᠢᠯᠡᠭᠦᠯᠭᠦ᠂ ᠭᠠᠵᠠᠷ ᠬᠥᠳᠡᠯᠦᠯᠲᠡ | ᠶᠢᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠭᠦ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠭᠦ ᠵᠡᠷᠭᠡ ᠭᠤᠣᠯ ᠡᠭᠦᠷᠭᠡ ᠶᠢ | ᠲᠣᠳᠣᠷᠬᠠᠶᠢᠯᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ | ᠰᠠᠭᠤᠷᠢᠨ ᠤ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠬᠥᠳᠡᠯᠭᠡᠭᠡᠨᠲᠦ ᠵᠥᠷᠢᠭᠳᠡᠯ ᠢ ᠬᠠᠶᠢᠨ ᠬᠡᠮᠵᠢᠬᠦ | ᠲᠥᠷᠥᠯ ᠵᠦᠢᠯ ᠵᠡᠷᠭᠡ ᠣᠯᠠᠨ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ | ᠲᠣᠳᠣᠷᠬᠠᠶᠢᠯᠠᠵᠠᠢ᠃ | ᠤᠷᠢᠳᠴᠢᠯᠠᠨ ᠰᠡᠷᠭᠡᠶᠢᠯᠡᠯᠲᠡ—ᠴᠠᠭ ᠠᠭᠤᠷ ᠤᠨ ᠭᠠᠮᠰᠢᠭ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠣᠯ ᠪᠠᠶᠢᠭᠠᠯᠢ ᠶᠢᠨ ᠭᠠᠮᠰᠢᠭ ᠢ | ᠰᠡᠷᠭᠡᠶᠢᠯᠡᠬᠦ ᠶᠢᠨ ᠭᠤᠣᠯᠳᠠᠯᠭ᠎ᠠ ᠪᠣᠯᠣᠨ᠎ᠠ᠃ ᠣᠶᠢᠷ᠎ᠠ ᠶᠢᠨ ᠵᠢᠯ ᠳᠤ ᠮᠠᠨ ᠤ ᠣᠷᠣᠨ ᠤ ᠴᠠᠭ ᠠᠭᠤᠷ ᠤᠨ ᠭᠠᠮᠰᠢᠭ ᠢ | ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠴᠢᠳᠠᠪᠤᠷᠢ ᠲᠣᠭᠲᠠᠭᠤᠨ ᠢᠶᠠᠷ | ᠳᠡᠭᠡᠭᠰᠢᠯᠡᠵᠦ᠂ ᠪᠦᠭᠦ ᠣᠷᠣᠨ ᠳᠤ ︽ᠭᠤᠷᠪᠠᠨ ᠥᠷᠲᠡᠭᠡ ᠨᠢᠭᠡ ᠲᠥᠪ︾ ᠤᠨ ᠳᠠᠭᠠᠭᠤᠯᠢ ᠣᠳᠣᠨ ᠤ ᠠᠯᠤᠰ ᠰᠡᠷᠡᠯ | ᠤᠨ ᠭᠥᠯᠢᠶᠡᠨ ᠠᠪᠴᠤ ᠬᠡᠷᠡᠭᠯᠡᠬᠦ ᠰᠢᠰᠲ᠋ᠧᠮ ᠢ ᠪᠠᠶᠢᠭᠤᠯᠵᠤ᠂ ᠴᠠᠭ ᠠᠭᠤᠷ ᠤᠨ ᠷᠠᠳᠠᠷ 21᠂ ᠴᠠᠭ ᠠᠭᠤᠷ ᠤᠨ | ᠥᠷᠲᠡᠭᠡ 2740᠂ ᠬᠥᠷᠥᠰᠥ ᠰᠢᠷᠣᠢ ᠶᠢᠨ ᠤᠰᠤ ᠶᠢ ᠠᠵᠢᠭᠯᠠᠨ ᠬᠡᠮᠵᠢᠬᠦ ᠥᠷᠲᠡᠭᠡ ᠶᠢ 233 ᠪᠠᠶᠢᠭᠤᠯᠪᠠ᠃ | ᠵᠢᠯ᠂ ᠤᠯᠠᠷᠢᠯ᠂ ᠰᠠᠷ᠎ᠠ᠂ ᠭᠠᠷᠠᠭ᠂ ᠡᠳᠦᠷ᠂ ᠴᠠᠭ ᠬᠤᠭᠤᠴᠠᠭᠠᠨ ᠤ ᠵᠠᠪᠰᠠᠷ ᠦᠭᠡᠢ ᠣᠶᠤᠨᠴᠢ ᠴᠠᠭ ᠠᠭᠤᠷ ᠤᠨ | ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠭᠦ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠵᠤ᠂ | ᠰᠢᠷᠦᠭᠦᠨ ᠪᠣᠷᠣᠭᠠᠨ ᠢ ᠤᠷᠢᠳᠴᠢᠯᠠᠨ ᠰᠡᠷᠡᠮᠵᠢᠯᠡᠭᠦᠯᠭᠦ ᠣᠨᠣᠪᠴᠢ ᠶᠢᠨ ᠨᠣᠷᠮ᠎ᠠ ᠶᠢ 90% ᠳᠤ ᠬᠦᠷᠭᠡᠵᠦ᠂ | ᠴᠢᠩᠭ᠎ᠠ ᠰᠣᠯᠢᠭ ᠤᠷᠤᠰᠬᠠᠯ ᠤᠨ ᠤᠷᠢᠳᠴᠢᠯᠠᠨ ᠰᠡᠷᠡᠮᠵᠢᠯᠡᠭᠦᠯᠭᠦ ᠬᠡᠮᠵᠢᠶ᠎ᠡ ᠶᠢ 53 ᠮᠢᠨᠦ᠋ᠲ ᠲᠤ ᠬᠦᠷᠭᠡᠪᠡ᠃ ᠴᠠᠭ | ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠨᠡᠶᠢᠲᠡᠯᠡᠬᠦ ᠬᠠᠮᠤᠷᠬᠤ ᠬᠡᠪᠴᠢᠶ᠎ᠡ ᠪᠣᠯᠣᠨ ᠴᠠᠭ | ᠬᠤᠭᠤᠴᠠᠭᠠᠲᠤ ᠴᠢᠨᠠᠷ ᠢ ᠦᠷᠭᠦᠯᠵᠢᠯᠡᠨ ᠲᠡᠭᠡᠭᠰᠢᠯᠡᠭᠦᠯᠵᠤ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ | ᠵᠠᠩᠭᠢ ᠨᠡᠶᠢᠲᠡᠯᠡᠬᠦ ᠰᠢᠰᠲ᠋ᠧᠮ ᠢ ᠪᠠᠶᠢᠭᠤᠯᠵᠤ᠂ ᠰᠡᠷᠡᠮᠵᠢᠯᠡᠭᠦᠯᠭᠦ ᠮᠡᠳᠡᠭᠡ ᠵᠠᠩᠭᠢ ᠶᠢᠨ ᠬᠥᠮᠥᠨ ᠠᠮᠠ ᠶᠢᠨ ᠶᠡᠷᠦᠩᠬᠡᠢ | ᠪᠦᠷᠬᠦᠴᠡ ᠶᠢᠨ ᠨᠣᠷᠮ᠎ᠠ ᠶᠢ 98.89% ᠳᠤ ᠬᠦᠷᠭᠡᠪᠡ᠃ ᠬᠢᠯᠢ ᠬᠢᠵᠠᠭᠠᠷ ᠮᠠᠯᠵᠢᠬᠤ ᠲᠠᠷᠢᠶᠠᠯᠠᠬᠤ ᠣᠷᠣᠨ ᠤ ᠴᠠᠭ | ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠨᠡᠶᠢᠲᠡᠯᠡᠬᠦ ᠬᠤᠭᠤᠴᠠᠭᠠᠲᠤ ᠴᠢᠨᠠᠷ ᠢ ᠶᠡᠭᠡ ᠪᠠᠷ | ᠳᠡᠭᠡᠭᠰᠢᠯᠡᠭᠦᠯᠪᠡ᠃ ᠣᠷᠣᠨ᠂ ᠠᠶᠢᠮᠠᠭ᠂ ᠬᠤᠰᠢᠭᠤ ᠭᠤᠷᠪᠠᠨ ᠱᠠᠲᠤᠨ ᠤ ᠵᠠᠰᠠᠭ ᠤᠨ ᠣᠷᠳᠣᠨ ᠴᠥᠮ ᠬᠥᠮᠥᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠵᠢᠯᠤᠭᠤᠳᠬᠤ | ᠭᠠᠵᠠᠷ ᠢ ᠪᠠᠶᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠴᠥᠮ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠢ ᠨᠠᠶᠢᠷᠠᠭᠤᠯᠤᠨ ᠵᠣᠬᠢᠶᠠᠵᠤ᠂ ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠭᠤᠣᠯᠯᠠᠨ | ᠤᠳᠤᠷᠢᠳᠴᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠨᠡᠶᠢᠭᠡᠮ ᠳᠠᠶᠠᠭᠠᠷ ᠤᠨ ᠬᠢᠨ ᠣᠷᠣᠯᠴᠠᠬᠰᠠᠨ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠂ ᠴᠠᠭ ᠠᠭᠤᠷ ᠤᠨ ᠭᠠᠮᠰᠢᠭ | ᠠᠴᠠ ᠪᠣᠯᠤᠭᠰᠠᠨ ᠬᠥᠮᠥᠨ ᠠᠮᠠ ᠶᠢᠨ ᠦᠬᠦᠵᠦ ᠰᠢᠷᠬᠠᠲᠤᠭᠰᠠᠨ ᠲᠤᠭ᠎ᠠ ᠦᠷᠭᠦᠯᠵᠢᠯᠡᠨ ᠲᠣᠭᠲᠠᠭᠤᠨ ᠢᠶᠠᠷ | ᠪᠠᠭᠤᠷᠠᠵᠤ᠂ ᠠᠵᠤ ᠠᠬᠤᠢ ᠳᠤ ᠤᠴᠠᠷᠠᠭᠤᠯᠤᠭᠰᠠᠨ ᠬᠤᠬᠢᠷᠠᠯ ᠤᠨ GDP ᠳᠠᠬᠢ ᠡᠵᠡᠯᠡᠬᠦ ᠬᠠᠷᠢᠴᠠᠯ ᠨᠢ ᠣᠯᠠᠨ | ᠵᠢᠯ ᠳᠠᠷᠠᠭᠠᠯᠠᠨ 1% ᠠᠴᠠ ᠳᠣᠣᠷ᠎ᠠ ᠪᠣᠯᠪᠠ᠃ | ᠤᠷᠢᠳᠴᠢᠯᠠᠨ ᠰᠡᠷᠭᠡᠶᠢᠯᠡᠯᠲᠡ—ᠭᠠᠵᠠᠷ ᠤᠨ ᠭᠠᠮᠰᠢᠭ | 2023 ᠣᠨ ᠤ ᠰᠡᠭᠦᠯᠴᠢ ᠪᠤᠯᠲᠠᠯ᠎ᠠ᠂ ᠪᠦᠭᠦ ᠣᠷᠣᠨ ᠤ ᠭᠠᠵᠠᠷ ᠤᠨ ᠭᠠᠮᠰᠢᠭ ᠤᠨ ᠲᠡᠯᠳᠡ ᠭᠡᠮ ᠤᠨ ᠴᠡᠭ | 2522 ᠪᠠᠶᠢᠨ᠎ᠠ᠂ ᠡᠭᠦᠨ ᠳᠤ 1297 ᠭᠠᠵᠠᠷ ᠨᠤᠷᠠᠵᠤ᠂ 84 ᠪᠡᠯ ᠶᠡᠭᠦᠷᠡᠵᠦ᠂ 775 ᠭᠠᠵᠠᠷ ᠰᠢᠪᠠᠷ ᠴᠢᠯᠠᠭᠤᠨ | ᠤ ᠤᠷᠤᠰᠬᠠᠯ ᠳᠤ ᠲᠠᠭᠠᠷᠢᠬᠳᠠᠵᠤ᠂ 363 ᠭᠠᠵᠠᠷ ᠴᠥᠮᠥᠷᠡᠵᠦ᠂ 3 ᠭᠠᠵᠠᠷ ᠠᠩ ᠭᠠᠷᠴᠠᠢ᠃ ᠪᠦᠭᠦ ᠣᠷᠣᠨ ᠳᠤ | 4834 ᠬᠥᠮᠥᠨ ᠠᠮᠠ ᠭᠠᠵᠠᠷ ᠤᠨ ᠭᠠᠮᠰᠢᠭ ᠤᠨ ᠰᠦᠷᠳᠡᠭᠦᠯᠦᠯ ᠳᠤ ᠤᠴᠠᠷᠠᠵᠤ᠂ ᠠᠵᠤ ᠠᠬᠤᠢ ᠶᠢᠨ ᠳᠠᠯᠳᠠ | ᠬᠤᠬᠢᠷᠠᠯ 45.37 ᠳ᠋ᠦᠩᠰᠢᠭᠤᠷ ᠲᠥᠭᠦᠷᠢᠭ ᠲᠤ ᠬᠦᠷᠴᠡᠢ᠃ | ᠮᠠᠨ ᠤ ᠣᠷᠣᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ | ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠵᠠᠷ ᠤᠨ | ᠭᠠᠮᠰᠢᠭ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠶᠢᠨ ᠲᠥᠯᠥᠭᠡ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2024 ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾ ᠢ | ᠨᠡᠶᠢᠲᠡᠯᠡᠵᠦ᠂ ᠪᠦᠭᠦ ᠣᠷᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠳᠤ ᠦᠨᠳᠦᠰᠦᠯᠡᠯ ᠪᠠ ᠵᠢᠷᠤᠮᠯᠠᠯ ᠬᠠᠩᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2024 ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾ ᠤᠨ ᠲᠣᠬᠢᠷᠠᠭᠤᠯᠤᠯᠲᠠ ᠶᠢ | ᠦᠨᠳᠦᠰᠦᠯᠡᠨ᠂ 2024 ᠣᠨ ᠳᠤ ᠮᠠᠨ ᠤ ᠣᠷᠣᠨ ᠭᠡᠨᠡᠳᠲᠡ ᠶᠢᠨ ᠭᠠᠵᠠᠷ ᠤᠨ ᠭᠠᠮᠰᠢᠭ ᠢ ᠰᠡᠷᠭᠡᠶᠢᠯᠡᠨ | ᠰᠢᠢᠳᠪᠦᠷᠢᠯᠡᠬᠦ ᠠᠵᠢᠯ ᠢ ᠴᠢᠩᠭᠠᠳᠬᠠᠬᠤ ᠲᠠᠯ᠎ᠠ ᠪᠠᠷ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠭᠠᠵᠠᠷ ᠤᠨ ᠢᠶᠠᠨ ᠪᠠᠶᠢᠭᠠᠯᠢ ︵ᠭᠠᠵᠠᠷ︶ ᠶᠢᠨ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠭᠦᠢᠴᠡᠳ ᠠᠰᠢᠭᠯᠠᠨ᠂ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ | ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠤᠨ ᠪᠠᠷᠢᠯᠭ᠎ᠠ ᠶᠢᠨ ᠠᠵᠢᠯᠯᠠᠭ᠎ᠠ ᠶᠢᠨ ᠬᠦᠷᠢᠶᠡᠨ ᠳᠠᠬᠢ | ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠳᠠᠬᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠭᠠᠵᠠᠷ ᠤᠨ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠳᠦᠷᠢᠮ ᠢ ᠬᠠᠮᠲᠤ ᠪᠠᠷ | ᠱᠠᠯᠠᠪᠳᠠᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠪᠣᠯᠣᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠨ᠎ᠠ᠃ ᠣᠷᠣᠨ | ᠨᠤᠲᠤᠭ ᠤᠨ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠢᠨ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠮᠰᠢᠭ ᠤᠨ ᠪᠠᠶᠢᠳᠠᠯ ᠲᠦᠭᠰᠢᠭᠦᠷᠢ ᠶᠢᠨ ᠪᠠᠶᠢᠳᠠᠯ ᠲᠣᠬᠢᠶᠠᠯᠳᠤᠪᠠᠯ | ᠮᠡᠳᠡᠭᠡ ᠵᠠᠩᠭᠢ ᠮᠡᠳᠡᠭᠦᠯᠦᠨ ᠬᠦᠷᠭᠡᠬᠦ ᠴᠠᠭ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ᠂ ᠴᠢᠩᠭ᠎ᠠ ᠨᠢᠮᠪᠠᠢ ᠪᠠᠶᠢᠬᠤ | ᠶᠢ ᠦᠨᠡᠨ ᠬᠦ ᠪᠠᠲᠤᠯᠠᠵᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ | ᠦᠭᠡᠢ ᠪᠠᠶᠢᠬᠤ ᠦᠵᠡᠭᠳᠡᠯ ᠢ ᠡᠷᠡᠰ ᠬᠤᠷᠢᠭᠯᠠᠵᠤ ᠪᠠᠶᠢᠨ᠎ᠠ᠃ | ᠤᠷᠢᠳᠴᠢᠯᠠᠨ ᠰᠡᠷᠭᠡᠶᠢᠯᠡᠯᠲᠡ—ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ | ᠮᠠᠨ ᠤ ᠣᠷᠣᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢᠶᠠᠷ ᠭᠤᠣᠯ ᠪᠤᠯᠭᠠᠬᠰᠠᠨ ᠦᠶᠡᠷ | ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠶᠢᠨ ᠳᠦᠷᠢᠮ ᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ 472 ᠤᠰᠤᠨ ᠴᠥᠭᠦᠷᠥᠮ ᠤᠨ ︽ᠳᠥᠷᠪᠡᠨ ᠬᠠᠷᠢᠭᠤᠴᠠᠯᠭᠠᠲᠠᠨ︾ ᠪᠣᠯᠣᠨ | 1482 ᠴᠢᠬᠤᠯᠠ ᠨᠦᠯᠦᠮᠡᠯ ᠭᠠᠵᠠᠷ ᠤᠨ ᠬᠠᠰᠢᠯᠭ᠎ᠠ ᠶᠢᠨ ︽ᠭᠤᠷᠪᠠᠨ ᠬᠠᠷᠢᠭᠤᠴᠠᠯᠭᠠᠲᠠᠨ︾ ᠳᠤ ᠴᠠᠭ ᠲᠤᠬᠠᠢ | ᠳᠤᠨᠢ ᠲᠣᠬᠢᠷᠠᠭᠤᠯᠤᠯᠲᠠ ᠬᠢᠪᠡ᠃ ᠪᠠᠰᠠ ᠪᠦᠭᠦ ᠣᠷᠣᠨ ᠤ ᠤᠰᠤᠨ ᠴᠥᠭᠦᠷᠥᠮ ᠤᠨ ᠬᠠᠮᠢᠶᠠᠷᠤᠯᠲᠠ ᠵᠢᠴᠢ ᠦᠶᠡᠷ | ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠤ᠂ | ᠬᠠᠷᠢᠭᠤᠴᠠᠯᠭ᠎ᠠ ᠶᠢᠨ ᠳᠦᠷᠢᠮ ᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠭᠰᠠᠨ | ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠣᠷᠣᠭᠠᠨ ᠤ ᠪᠠᠶᠢᠳᠠᠯ᠂ | ᠤᠰᠤᠨ ᠤ ᠪᠠᠶᠢᠳᠠᠯ᠂ ᠭᠠᠩ ᠤᠨ ᠪᠠᠶᠢᠳᠠᠯ ᠢ ᠨᠢᠭᠲᠠ ᠠᠵᠢᠭᠯᠠᠵᠤ᠂ ᠥᠪᠡᠷᠲᠡᠭᠡᠨ ᠵᠠᠰᠠᠬᠤ ᠣᠷᠣᠨ ᠤ ᠠᠭᠤᠯᠠᠨ | ᠦᠶᠡᠷ ᠤᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠭᠦ ᠲᠠᠪᠴᠠᠩ ᠤᠨ ︽ᠭᠤᠷᠪᠠᠨ ᠱᠠᠲᠤ ᠬᠠᠮᠲᠤᠷᠠᠨ | ᠬᠥᠳᠡᠯᠦᠯᠴᠡᠬᠦ︾ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠭᠤᠯᠠᠨ ᠦᠶᠡᠷ ᠤᠨ ᠭᠠᠮᠰᠢᠭ ᠢ | ᠰᠡᠷᠡᠮᠵᠢᠯᠡᠭᠦᠯᠭᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠵᠦ᠂ ᠲᠦᠭᠰᠢᠭᠦᠷᠢ ᠶᠢᠨ ᠣᠷᠣᠨ ᠤ | ᠳᠣᠲᠣᠷᠠᠬᠢ ᠠᠷᠠᠳ ᠣᠯᠠᠨ ᠳᠤ ᠰᠡᠷᠡᠮᠵᠢᠯᠡᠭᠦᠯᠭᠦ ᠣᠬᠤᠷ ᠮᠡᠳᠡᠭᠡ ᠶᠢ ᠬᠦᠷᠭᠡᠪᠡ᠃ ᠨᠢᠳᠤᠨᠤᠨ ᠤ ᠦᠶᠡᠷ ᠤᠨ | ᠬᠤᠭᠤᠴᠠᠭᠠᠨ ᠳᠤ ᠡᠯ᠎ᠡ ᠵᠦᠢᠯ ᠤᠨ ᠤᠷᠢᠳᠴᠢᠯᠠᠨ ᠮᠡᠳᠡᠭᠡᠯᠡᠬᠦ ᠰᠡᠷᠡᠮᠵᠢᠯᠡᠭᠦᠯᠦᠯ ᠢ ᠨᠡᠶᠢᠲᠡ 996 ᠬᠤᠭᠤᠴᠠᠭ᠎ᠠ | ᠨᠡᠶᠢᠲᠡᠯᠡᠵᠦ᠂ 2288 ᠤᠳᠠᠭ᠎ᠠ ᠰᠡᠷᠡᠮᠵᠢᠯᠡᠭᠦᠯᠭᠦ ᠳᠣᠬᠢᠶ᠎ᠠ ᠨᠡᠶᠢᠲᠡᠯᠡᠵᠦ᠂ 17337 ᠬᠠᠷᠢᠭᠤᠴᠠᠯᠭᠠᠲᠠᠨ ᠳᠤ | ᠬᠤᠯᠪᠣᠭᠳᠠᠨ᠂ ᠰᠡᠷᠡᠮᠵᠢᠯᠡᠭᠦᠯᠭᠦ ᠣᠬᠤᠷ ᠮᠡᠳᠡᠭᠡ ᠶᠢ 2448.20 ᠲᠦᠮᠡᠨ ᠵᠤᠷᠪᠤᠰ ᠬᠦᠷᠭᠡᠪᠡ᠃ ᠪᠦᠭᠦ ᠣᠷᠣᠨ ᠤ | ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ 41879 ︽ᠭᠤᠷᠪᠠᠨ ᠬᠠᠷᠢᠭᠤᠴᠠᠯᠭᠠᠲᠠᠨ︾ ᠢ | ᠨᠠᠶᠢᠳᠠᠪᠤᠷᠢᠵᠢᠭᠤᠯᠵᠤ᠂ ᠰᠢᠶᠠᠨ ᠰᠢᠶᠠᠩ ᠲᠣᠰᠬᠤᠨ 3 ᠱᠠᠲᠤᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ | ᠡᠵᠡᠮᠳᠡᠬᠦ ᠲᠥᠰᠥᠯ ᠳᠤ ᠵᠠᠰᠠᠪᠤᠷᠢ ᠣᠷᠣᠭᠤᠯᠤᠨ ᠰᠢᠨᠡᠳᠬᠡᠪᠡ᠃ | ᠦᠶᠡᠷ ᠤᠰᠤᠳᠤᠯ ᠤᠨ ᠭᠠᠮᠰᠢᠭ ᠢ ᠰᠡᠷᠭᠡᠶᠢᠯᠡᠬᠦ ᠪᠣᠯ ᠶᠡᠷᠦ ᠠᠴᠠ ᠠᠷᠠᠳ ᠢ ᠠᠮᠤᠷᠵᠢᠭᠤᠯᠤᠨ ᠤᠯᠤᠰ ᠢᠶᠠᠨ | ᠮᠠᠨᠳᠤᠭᠤᠯᠬᠤ ᠳᠤ ᠬᠤᠯᠪᠣᠭᠳᠠᠭᠰᠠᠨ ᠶᠡᠭᠡ ᠶᠠᠪᠤᠳᠠᠯ ᠮᠥᠨ᠃ ᠪᠦᠭᠦ ᠣᠷᠣᠨ ᠤ ᠡᠯ᠎ᠡ ᠬᠤᠰᠢᠭᠤ ᠰᠢᠶᠠᠨ ᠲᠣᠭᠤᠷᠢᠭ | ᠨᠢ ᠳᠤᠮᠳᠠ ᠪᠠᠭ᠎ᠠ ᠭᠤᠣᠯ ᠮᠥᠷᠡᠨ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢᠶᠠᠷ ᠲᠠᠮᠵᠢᠨ ᠭᠤᠣᠯᠳᠠᠯᠭ᠎ᠠ ᠲᠠᠢ | ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠶᠡᠭᠡ ᠪᠠᠷ ᠲᠠᠭᠡᠭᠰᠢᠯᠡᠭᠦᠯᠵᠤ᠂ ᠶᠡᠷᠦᠩᠬᠡᠢ ᠳᠡᠭᠡᠨ 5 ᠵᠢᠯ | ᠳᠤ ᠨᠢᠭᠡ ᠲᠣᠬᠢᠶᠠᠯᠳᠤᠬᠤ ᠦᠶᠡᠷ ᠢ ᠰᠡᠷᠭᠡᠶᠢᠯᠡᠵᠦ ᠲᠠᠶᠢᠯᠭᠦ ᠪᠠᠶᠢᠭᠰᠠᠨ ᠠᠴᠠ ᠪᠠᠨ 10 ᠵᠢᠯ ᠳᠤ ᠨᠢᠭᠡ | ᠲᠣᠬᠢᠶᠠᠯᠳᠤᠬᠤ ᠶᠡᠭᠡ ᠦᠶᠡᠷ ᠢ ᠰᠡᠷᠭᠡᠶᠢᠯᠡᠵᠦ ᠲᠠᠶᠢᠯᠭᠦ ᠪᠣᠯᠵᠤ᠂ ᠵᠠᠷᠢᠮ ᠨᠢ 10 ᠵᠢᠯ ᠳᠤ ᠨᠢᠭᠡ ᠲᠣᠬᠢᠶᠠᠯᠳᠤᠬᠤ | ᠶᠡᠭᠡ ᠦᠶᠡᠷ ᠢ ᠰᠡᠷᠭᠡᠶᠢᠯᠡᠵᠦ ᠲᠠᠶᠢᠯᠭᠦ ᠪᠠᠶᠢᠭᠰᠠᠨ ᠠᠴᠠ ᠪᠠᠨ 100 ᠵᠢᠯ ᠳᠤ ᠨᠢᠭᠡ ᠲᠣᠬᠢᠶᠠᠯᠳᠤᠬᠤ ᠣᠨᠴᠠ ᠶᠡᠭᠡ | ᠦᠶᠡᠷ ᠢ ᠰᠡᠷᠭᠡᠶᠢᠯᠡᠵᠦ ᠲᠠᠶᠢᠯᠭᠦ ᠪᠣᠯᠵᠠᠢ᠃ | ᠣᠶᠢᠷ᠎ᠠ ᠶᠢᠨ ᠵᠢᠯ ᠳᠤ ᠮᠠᠨ ᠤ ᠣᠷᠣᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠤᠮᠳᠠ ᠪᠠᠭ᠎ᠠ | ᠭᠤᠣᠯ ᠮᠥᠷᠡᠨ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠤᠰᠤᠨ ᠤ ᠡᠷᠭᠢ ᠶᠢ ᠬᠠᠮᠲᠤ ᠳᠤᠨᠢ ᠵᠠᠰᠠᠬᠤ᠂ ᠰᠢᠰᠲ᠋ᠧᠮ ᠲᠠᠢ ᠵᠠᠰᠠᠬᠤ ᠪᠠᠷ ᠳᠡᠮᠵᠢᠨ ᠭᠤᠣᠯ ᠮᠥᠷᠡᠨ ᠤ ᠪᠠᠶᠢᠭᠠᠯᠢ | ᠣᠷᠴᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠴᠦ ᠳᠡᠭᠡᠭᠰᠢᠯᠡᠭᠦᠯᠪᠡ᠃ | ᠤᠳᠤ ᠨᠢᠭᠡᠨᠲᠡ ᠵᠠᠰᠠᠭᠰᠠᠨ ᠳᠤᠮᠳᠠ ᠪᠠᠭ᠎ᠠ ᠭᠤᠣᠯ ᠮᠥᠷᠡᠨ ᠤ ᠬᠡᠰᠡᠭ ᠤᠨ ᠦᠶᠡᠷ ᠢ ᠰᠡᠷᠭᠡᠶᠢᠯᠡᠬᠦ ᠪᠠᠷᠢᠮᠵᠢᠶ᠎ᠠ ᠳᠤ | ᠭᠦᠷᠦᠭᠰᠡᠨ ᠬᠡᠰᠡᠭ 2290 ᠺᠢᠯᠣᠮᠧᠲᠷ ᠢ ᠳᠠᠪᠠᠵᠤ᠂ ᠪᠠᠷᠢᠮᠵᠢᠶ᠎ᠠ ᠳᠤ ᠭᠦᠷᠦᠭᠰᠡᠨ ᠨᠣᠷᠮ᠎ᠠ 97.92% ᠲᠤ | ᠭᠦᠷᠪᠠ᠃ | ᠡᠨᠡ ᠵᠢᠯ ᠮᠠᠨ ᠤ ᠣᠷᠣᠨ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠬᠠᠭᠰᠠᠷᠠᠭᠠᠨ ᠲᠠᠢ ᠲᠡᠮᠡᠴᠡᠬᠦ᠂ ᠶᠡᠭᠡ | ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠰᠡᠷᠭᠡᠶᠢᠯᠡᠬᠦ᠂ ᠪᠠᠭᠠᠰᠬᠠᠬᠤ᠂ ᠠᠪᠤᠷᠠᠬᠤ | ᠪᠦᠭᠦ ᠬᠡᠯᠬᠢᠶ᠎ᠡ ᠳᠤ ᠬᠠᠮᠵᠢᠯᠴᠠᠨ ᠬᠦᠴᠦᠯᠡᠵᠦ᠂ ᠭᠠᠩ ᠬᠠᠭᠰᠠᠷᠠᠭᠠᠨ ᠦᠶᠡᠷ ᠤᠰᠤᠲᠤᠯ ᠵᠡᠷᠭᠡ ᠪᠠᠷ ᠡᠭᠦᠰᠬᠦ᠂ ᠭᠠᠩ | ᠬᠠᠭᠰᠠᠷᠠᠭᠠᠨ ᠦᠶᠡᠷ ᠤᠰᠤᠲᠤᠯ ᠤᠨ ᠲᠦᠷᠭᠡᠨ ᠬᠤᠪᠢᠷᠠᠬᠤ ᠶᠢ ᠴᠢᠩᠭ᠎ᠠ ᠰᠡᠷᠭᠡᠶᠢᠯᠡᠵᠦ᠂ ᠦᠶᠡᠷ ᠤᠰᠤᠲᠤᠯ ᠭᠠᠩ | ᠬᠠᠭᠰᠠᠷᠠᠭᠠᠨ ᠤ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠᠷ ᠬᠦᠴᠦᠯᠡᠵᠦ ᠪᠠᠶᠢᠨ᠎ᠠ᠃ | | | |