ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠲᠠᠯ᠎ᠠ ᠨᠤᠲᠤᠭ ᠤᠨ ᠬᠡᠭᠡᠷᠡᠯᠡᠨ ᠭᠦᠶᠦᠬᠦ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/14
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠲᠠᠯ᠎ᠠ ᠨᠤᠲᠤᠭ ᠤᠨ ᠬᠡᠭᠡᠷᠡᠯᠡᠨ ᠭᠦᠶᠦᠬᠦ ᠰᠢᠷᠢᠰ ᠠᠵᠢᠯᠯᠠᠭ᠎ᠠ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠶ ᠳᠤ ᠡᠬᠢᠯᠡᠪᠡ᠃      ᠡᠭᠢᠯᠡᠯᠲᠡ ᠶᠢᠨ ᠶᠣᠰᠣᠯᠠᠯ ᠳᠤ᠂ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠤᠨ ᠦᠵᠡᠭᠦᠯᠭᠡ ᠭᠠᠷᠭᠠᠵᠤ᠂ ᠪᠡᠶ᠎ᠡ ᠴᠢᠭᠢᠷᠠᠭᠵᠢᠭᠤᠯᠬᠤ ᠳᠠᠰᠬᠠᠯᠵᠢᠭᠤᠯᠤᠭᠴᠢ ᠠᠴᠠ ᠤᠷᠤᠯᠳᠤᠭᠠᠨ ᠳᠤ ᠣᠷᠣᠯᠴᠠᠭᠰᠠᠳ ᠢ ᠳᠠᠭᠠᠭᠤᠯᠤᠨ ᠪᠡᠯᠡᠳᠬᠡᠯ ᠠᠵᠢᠯᠯᠠᠭ᠎ᠠ ᠬᠢᠵᠦ᠂ ᠪᠡᠶ᠎ᠡ ᠴᠢᠭᠢᠷᠠᠭᠵᠢᠭᠤᠯᠬᠤ ᠳᠤᠷ᠎ᠠ ᠪᠠᠭ᠋ᠠᠲᠠᠳ 3 ᠺᠢᠯᠣᠮᠧᠲᠷ ᠤᠨ ᠭᠦᠶᠦᠯᠲᠡ ᠪᠠᠨ ᠡᠬᠢᠯᠡᠭᠦᠯᠪᠡ᠃ ᠠᠵᠢᠯᠯᠠᠭ᠎ᠠ ᠳᠤ  ᠪᠠᠰᠠ ᠦᠵᠡᠮᠵᠢ ᠶᠢᠨ ᠣᠷᠣᠨ ᠢᠶᠠᠷ ᠲᠣᠭᠤᠷᠢᠨ ᠦᠵᠡᠬᠦ ᠵᠡᠷᠭᠡ ᠭᠤᠭᠴᠤᠭ᠎ᠠ ᠲᠣᠬᠢᠷᠠᠭᠤᠯᠵᠤ᠂ ᠤᠯᠠᠨ ᠲᠦᠮᠡᠨ ᠠᠳᠤᠭᠤᠨ ᠰᠣᠶᠣᠯ ᠤᠨ ᠤᠷᠠᠯᠢᠭ ᠤᠨ ᠣᠷᠳᠣᠨ ᠢ ᠲᠣᠭᠤᠷᠢᠨ ᠦᠵᠡᠵᠦ᠂ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠦᠵᠡᠭᠦᠯᠭᠡ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠭᠦᠯᠭᠡ ᠶᠢ ᠰᠣᠨᠢᠷᠬᠠᠪᠠ᠃ ᠲᠣᠰ ᠤᠳᠠᠭᠠᠨ ᠤ ᠠᠵᠢᠯᠯᠠᠭ᠎ᠠ ᠶᠢ ︽5·1︾ ᠤ ᠠᠮᠠᠷᠠᠯᠲᠠ ᠶᠢᠨ ᠬᠤᠭᠤᠴᠠᠭᠠᠨ ᠳᠤ ᠲᠣᠬᠢᠶᠠᠯᠳᠤᠭᠤᠯᠵᠤ᠂ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠶ ᠳᠤ ᠡᠷᠭᠢᠯᠡᠭᠰᠡᠨ ᠨᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠦᠭᠦ ᠠᠷᠠᠳ ᠤᠨ ᠡᠷᠡᠭᠦᠯ ᠮᠡᠨᠳᠦ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠬᠢᠭᠡᠳ ᠦᠵᠡᠮᠵᠢ ᠶᠢᠨ ᠣᠷᠣᠨ ᠤ ᠰᠣᠶᠣᠯ ᠵᠢᠭᠤᠯᠴᠢᠯᠠᠯ ᠢ ᠬᠠᠷᠢᠯᠴᠠᠨ ᠤᠶᠠᠯᠳᠤᠭᠤᠯᠬᠤ ᠶᠢᠨ ᠬᠠᠮᠲᠤ᠂ ᠨᠠᠩ ᠣᠯᠠᠨ ᠬᠥᠮᠥᠨ ᠢ ᠳᠠᠶᠢᠴᠢᠯᠠᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠣᠷᠤᠯᠴᠠᠬᠤ ᠶᠢ ᠠᠬᠢᠭᠤᠯᠪᠠ᠃ ᠲᠡᠷᠡ ᠮᠥᠷᠲᠡᠭᠡᠨ ᠣᠯᠠᠨ ᠲᠦᠮᠡᠨ ᠳᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠠᠴᠠ ᠪᠣᠯᠤᠭᠰᠠᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠪᠠᠶᠠᠷ ᠪᠠᠶᠠᠰᠤᠯ ᠵᠢᠴᠢ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠷᠢᠳᠢ ᠰᠢᠳᠢ ᠪᠠ ᠬᠠᠪᠤ ᠴᠡᠩᠭᠡᠯ ᠢ ᠮᠡᠳᠡᠷᠡᠭᠦᠯᠬᠦ ᠶᠢᠨ ᠬᠠᠮᠲᠤ᠂ ᠣᠯᠠᠨ ᠶᠠᠩᠵᠤᠴᠢᠯᠠᠭᠰᠠᠨ᠂ ᠲᠥᠷᠥᠯ ᠲᠡᠮᠳᠡᠭᠴᠢᠯᠡᠭᠰᠡᠨ᠂ ᠣᠯᠠᠨ ᠲᠦᠮᠡᠨᠴᠢᠯᠡᠭᠰᠡᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠪᠠᠷ ᠳᠠᠮᠵᠢᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠬᠠᠩᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠠᠯ᠎ᠠ ᠨᠤᠲᠤᠭ ᠤᠨ ᠬᠡᠭᠡᠷᠡᠯᠡᠨ ᠭᠦᠶᠦᠬᠦ ᠠᠵᠢᠯᠯᠠᠭ᠎ᠠ ᠨᠢ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠬᠥᠳᠡᠯᠭᠡᠭᠡᠨ ᠤ ᠲᠥᠷᠥᠯ ᠵᠦᠢᠯ ᠪᠣᠯᠣᠨ᠎ᠠ᠂ ︽ᠪᠠᠶᠠᠰᠬᠤᠯᠠᠩᠲᠤ ᠲᠠᠯ᠎ᠠ ᠨᠤᠲᠤᠭ·ᠡᠷᠡᠭᠦᠯ ᠡᠩᠬᠡ ᠥᠪᠥᠷ ᠮᠣᠩᠭᠤᠯ︾ ᠪᠦᠭᠦ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠨᠢ 2009 ᠣᠨ ᠠᠴᠠ ᠡᠬᠢᠯᠡᠨ 15 ᠵᠢᠯ ᠳᠠᠷᠠᠭᠠᠯᠠᠨ ᠶᠠᠪᠤᠭᠳᠠᠵᠤ᠂ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠪᠠᠷ ᠳᠡᠮᠵᠢᠨ᠂ ᠨᠢᠭᠡᠨᠲᠡ ᠮᠠᠨ ᠤ ᠣᠷᠣᠨ ᠤ ᠦᠨᠳᠦᠰᠦᠲᠡᠨ ᠤ ᠣᠨᠴᠠᠯᠢᠭ ᠲᠠᠢ᠂ ᠣᠯᠠᠨ ᠲᠦᠮᠡᠨ ᠤ ᠰᠠᠭᠤᠷᠢ ᠲᠠᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥᠯ ᠲᠡᠮᠳᠡᠭᠲᠦ ᠤᠷᠤᠯᠳᠤᠭᠠᠨ ᠤ ᠠᠵᠢᠯᠯᠠᠭ᠎ᠠ ᠪᠣᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号