ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢ ᠬᠢᠨᠠᠨ ᠬᠡᠮᠵᠢᠬᠦ ᠪᠠ ᠮᠠᠭᠠᠳᠯᠠᠨ | ᠲᠣᠭᠲᠠᠭᠠᠬᠤ ᠲᠥᠪ ᠠᠴᠠ ᠣᠶᠢᠯᠠᠭᠠᠭᠰᠠᠨ ᠢᠶᠠᠷ᠂ 4 ᠰᠠᠷ᠎ᠠ ᠳᠤ᠂ ᠮᠠᠨ ᠤ ᠣᠷᠣᠨ ᠤ ᠢᠳᠡᠰᠢᠨ ᠨᠣᠭᠤᠭ᠎ᠠ ᠶᠢᠨ | ᠦᠨ᠎ᠡ ᠤᠯᠠᠷᠢᠯ ᠤᠨ ᠴᠢᠨᠠᠷᠲᠠᠢ ᠪᠠᠷ ᠪᠠᠭᠤᠷᠠᠵᠠᠢ᠃ | | | | | 4 ᠰᠠᠷ᠎ᠠ ᠳᠤ᠂ ᠪᠦᠭᠦ ᠣᠷᠣᠨ ᠤ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ | ᠬᠠᠩᠰᠢ ᠨᠢ 3.55 ᠲᠥᠭᠦᠷᠢᠭ / 500 ᠭᠷᠡᠮ ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 11.03% | ᠪᠠᠭᠤᠷᠠᠪᠠ᠃ ᠪᠦᠭᠦ ᠣᠷᠣᠨ ᠤ ᠬᠢᠨᠠᠨ ᠬᠡᠮᠵᠢᠭᠰᠡᠨ 15 ᠵᠦᠢᠯ ᠤᠨ ᠢᠳᠡᠰᠢᠨ ᠨᠣᠭᠤᠭ᠎ᠠ ᠶᠢᠨ ᠦᠨ᠎ᠡ ᠳᠣᠲᠣᠷ᠎ᠠ 3 | ᠨᠢ ᠥᠰᠴᠦ 11 ᠨᠢ ᠪᠠᠭᠤᠷᠠᠵᠤ 1 ᠨᠢ ᠬᠤᠪᠢᠷᠠᠯᠲᠠ ᠦᠭᠡᠢ ᠪᠠᠶᠢᠵᠤ᠂ ᠪᠠᠭᠤᠷᠠᠯᠲᠠ ᠶᠢᠨ ᠬᠡᠮᠵᠢᠶ᠎ᠡ ᠨᠢ ᠡᠮᠦᠨ᠎ᠡ | ᠲᠠᠪᠤ ᠳᠤ ᠵᠢᠭᠰᠠᠭᠠᠭᠳᠠᠭᠰᠠᠨ ᠭᠤᠭᠤᠳ᠂ ᠴᠢᠨᠵᠦᠦ᠂ ᠥᠷᠭᠡᠰᠦᠲᠦ ᠬᠡᠮᠬᠡ᠂ ᠬᠠᠰᠢ᠂ ᠰᠠᠷᠢᠮᠰᠠᠭ ᠤᠨ ᠬᠢᠨ᠎ᠡ ᠲᠣᠰ ᠲᠣᠰ | 25.05%᠂ 21.59%᠂ 19.91%᠂ 13.65%᠂ 12.72% ᠢᠶᠠᠷ ᠪᠠᠭᠤᠷᠠᠪᠠ᠃ ᠨᠢᠳᠤᠨᠤᠨ ᠤ ᠠᠳᠠᠯᠢ | ᠬᠤᠭᠤᠴᠠᠭ᠎ᠠ ᠲᠠᠢ ᠬᠠᠷᠢᠴᠠᠭᠤᠯᠪᠠᠯ᠂ 15 ᠢᠳᠡᠰᠢᠨ ᠨᠣᠭᠤᠭ᠎ᠠ ᠶᠢᠨ ᠲᠥᠷᠥᠯ ᠵᠦᠢᠯ ᠤᠨ ᠶᠡᠷᠦᠩᠬᠡᠶᠢᠯᠡᠭᠰᠡᠨ | ᠳᠤᠮᠳᠠᠴᠢ ᠦᠨ᠎ᠡ 1.72% ᠢᠶᠠᠷ ᠥᠰᠴᠡᠢ᠃ | | | | | ᠲᠤᠰᠬᠠᠢ ᠮᠡᠷᠭᠡᠵᠢᠯᠲᠡᠨ ᠤ ᠵᠠᠳᠠᠯᠤᠭᠰᠠᠨ ᠢᠶᠠᠷ᠂ 3 ᠰᠠᠷ᠎ᠠ ᠠᠴᠠ ᠨᠠᠭᠠᠰᠢ᠂ ᠠᠭᠤᠷ ᠠᠮᠢᠰᠬᠤᠯ ᠠᠭᠠᠵᠢᠮ ᠢᠶᠠᠷ | ᠳᠤᠯᠠᠭᠠᠷᠠᠬᠤ ᠶᠢ ᠳᠠᠭᠠᠯᠳᠤᠨ ᠮᠠᠨ ᠤ ᠣᠷᠣᠨ ᠤ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ | ᠬᠡᠮᠵᠢᠶ᠎ᠡ ᠵᠢᠴᠢ ᠲᠥᠷᠥᠯ ᠵᠦᠢᠯ ᠢᠯᠡᠳᠲᠡ ᠨᠡᠮᠡᠭᠳᠡᠵᠦ᠂ ᠬᠦᠢᠲᠡᠨ ᠬᠦᠯᠡᠮᠵᠢ ᠶᠢᠨ ᠨᠣᠭᠤᠭ᠎ᠠ ᠪᠠ ᠲᠤᠬᠠᠢ ᠶᠢᠨ | ᠭᠠᠵᠠᠷ ᠤᠨ ᠨᠣᠭᠤᠭ᠎ᠠ ᠣᠯᠠᠰᠢᠷᠠᠭᠰᠠᠨ ᠪᠥᠭᠡᠳ ᠢᠳᠡᠰᠢᠨ ᠨᠣᠭᠤᠭ᠎ᠠ ᠶᠢᠨ ᠲᠡᠭᠡᠭᠡᠪᠦᠷᠢ ᠵᠢᠴᠢ ᠰᠣᠷᠭᠤᠭ ᠪᠠᠶᠢᠯᠭᠠᠬᠤ | ᠵᠠᠷᠤᠳᠠᠯ ᠲᠠᠰᠤᠷᠠᠯᠲᠠ ᠦᠭᠡᠢ ᠪᠠᠭᠤᠷᠠᠵᠤ᠂ ᠮᠠᠨ ᠤ ᠣᠷᠣᠨ ᠤ ᠬᠢᠨᠠᠨ ᠬᠡᠮᠵᠢᠭᠰᠡᠨ 15 ᠵᠦᠢᠯ ᠤᠨ ᠢᠳᠡᠰᠢᠨ | ᠨᠣᠭᠤᠭ᠎ᠠ ᠶᠢᠨ ᠦᠨ᠎ᠡ ᠨᠡᠶᠢᠳᠡᠮ ᠳᠡᠭᠡᠨ ᠪᠠᠭᠤᠷᠠᠵᠤ᠂ ᠵᠢᠱᠢᠯᠲᠡ ᠪᠠᠷ ᠮᠠᠨ ᠤ ᠣᠷᠣᠨ ᠤ ᠢᠳᠡᠰᠢᠨ ᠨᠣᠭᠤᠭ᠎ᠠ ᠶᠢᠨ | ᠦᠨ᠎ᠡ ᠮᠥᠨ ᠯᠡ ᠤᠯᠠᠷᠢᠯ ᠤᠨ ᠴᠢᠨᠠᠷᠲᠠᠢ ᠪᠠᠭᠤᠷᠠᠬᠤ ᠬᠠᠨᠳᠤᠰᠢ ᠲᠠᠢ ᠪᠠᠶᠢᠨ᠎ᠠ᠃ | | |