5 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠡᠮᠨᠡᠯᠭᠡ ᠶᠢᠨ ᠬᠤᠷᠢᠶ᠎ᠠ ᠶᠢᠨ ᠵᠢᠷᠭᠢᠶ᠎ᠡ ᠶᠢᠨ ᠲᠠᠪᠴᠠᠩ ᠮᠡᠳᠡᠭᠡ ᠨᠡᠶᠢᠲᠡᠯᠡᠵᠦ᠂ ᠡᠭᠦᠳᠡᠨ ᠡᠮᠨᠡᠯᠭᠡ ᠶᠢᠨ ︽ᠨᠢᠭᠡ | ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ | ︵ᠲᠤᠷᠰᠢᠨ ᠠᠵᠢᠯᠯᠠᠭᠤᠯᠬᠤ︶ ᠢ ᠥᠷᠨᠢᠭᠦᠯᠵᠦ᠂ ᠡᠪᠡᠳᠴᠢᠲᠡᠨ ᠤ ᠨᠢᠭᠡ ᠤᠳᠠᠭ᠎ᠠ ᠳᠤ ᠡᠪᠡᠳᠴᠢᠨ ᠦᠵᠡᠭᠦᠯᠭᠦ ᠳᠡᠭᠡᠨ | ᠣᠯᠠᠨ ᠤᠳᠠᠭ᠎ᠠ ᠳ᠋ᠤᠭᠠᠷᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠤᠢ᠃ | ᠨᠠᠷᠢᠨ ᠪᠠᠶᠢᠳᠠᠯ ᠢ ᠬᠠᠮᠲᠤ ᠪᠠᠷ ᠣᠶᠢᠯᠠᠭᠠᠵᠠᠭᠠᠶ᠎ᠠ᠃ | | 1.ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ | ᠬᠦᠴᠦᠨ ᠲᠠᠢ︾ ᠭᠡᠳᠡᠭ ᠨᠢ ᠪᠣᠳᠠᠲᠠᠢ ᠶᠠᠭᠤ ᠶᠢ ᠵᠢᠭᠠᠵᠤ ᠪᠠᠶᠢᠬᠤ ᠪᠤᠶ︖ | ᠡᠪᠡᠳᠴᠢᠲᠡᠨ ᠡᠭᠦᠳᠡᠨ ᠡᠮᠨᠡᠯᠭᠡ ᠳᠤ ᠬᠦᠷᠴᠦ ᠡᠪᠡᠳᠴᠢᠨ ᠦᠵᠡᠭᠦᠯᠭᠦ ᠳᠤ᠂ ᠬᠡᠷᠪᠡ ᠰᠢᠯᠭᠠᠨ ᠪᠠᠶᠢᠴᠠᠭᠠᠯᠲᠠ | ᠪᠤᠶᠤ ᠪᠠᠶᠢᠴᠠᠭᠠᠯᠲᠠ ᠨᠢ ᠲᠤᠬᠠᠢ ᠶᠢᠨ ᠡᠳᠦᠷ ᠬᠢᠵᠦ ᠳᠠᠭᠤᠰᠴᠤ ᠳᠡᠶᠢᠯᠭᠦ ᠦᠭᠡᠢ ᠪᠤᠶᠤ ᠮᠡᠳᠡᠭᠦᠯᠦᠯᠲᠡ ᠪᠠᠨ | ᠲᠤᠬᠠᠢ ᠶᠢᠨ ᠡᠳᠦᠷ ᠣᠯᠵᠤ ᠳᠡᠶᠢᠯᠭᠦ ᠦᠭᠡᠢ ᠪᠣᠯ ᠭᠤᠷᠪᠠᠨ ᠡᠳᠦᠷ ᠤᠨ ᠳᠣᠲᠣᠷ᠎ᠠ ︵ᠠᠩᠬᠠᠨ ᠤ ᠣᠨᠣᠰᠢᠯᠠᠯᠲᠠ ᠶᠢᠨ | ᠲᠤᠬᠠᠢ ᠶᠢᠨ ᠡᠳᠦᠷ ᠪᠠᠭᠲᠠᠨ᠎ᠠ︶ ᠮᠡᠳᠡᠭᠦᠯᠦᠯᠲᠡ ᠶᠢᠨ ᠦᠷ᠎ᠡ ᠳ᠋ᠦᠩ ᠢᠶᠠᠨ ᠠᠪᠴᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠳᠠᠯᠢ ᠨᠢᠭᠡᠨ ᠰᠠᠯᠠᠭ᠎ᠠ ᠲᠠᠰᠤᠭ ᠲᠤ | ᠬᠦᠷᠴᠦ ᠳᠠᠭᠢᠨ ᠣᠨᠣᠰᠢᠯᠠᠭᠤᠯᠵᠤ ᠪᠣᠯᠣᠨ᠎ᠠ᠂ ᠳᠠᠭᠢᠨ ᠣᠨᠣᠰᠢᠯᠠᠬᠤ ᠦᠶ᠎ᠡ ᠳᠤ ᠤᠤᠯ ᠤᠨ ᠰᠠᠯᠠᠭ᠎ᠠ ᠲᠠᠰᠤᠭ ᠤᠨ | ᠵᠢᠵᠢᠭᠦᠷᠯᠡᠭᠴᠢ ᠡᠮᠴᠢ ᠬᠠᠷᠢᠭᠤᠴᠠᠨ ᠭᠥᠯᠢᠶᠡᠨ ᠠᠪᠴᠤ ᠣᠨᠣᠰᠢᠯᠠᠨ᠎ᠠ᠃ ᠳᠠᠬᠢᠨᠲᠠ ᠳ᠋ᠤᠭᠠᠷᠯᠠᠬᠤ ᠴᠢᠬᠤᠯᠠ ᠦᠭᠡᠢ᠃ | 2.ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ | ᠬᠦᠴᠦᠨ ᠲᠠᠢ︾ ᠭᠡᠳᠡᠭ ᠨᠢ ᠠᠯᠢ ᠭᠤᠷᠪᠠᠨ ᠡᠳᠦᠷ ᠢ ᠵᠢᠭᠠᠵᠤ ᠪᠠᠶᠢᠬᠤ ᠪᠤᠢ︖ | ᠡᠮᠨᠡᠭᠦᠯᠭᠦ ᠲᠤᠬᠠᠢ ᠶᠢᠨ ᠡᠳᠦᠷ ᠵᠢᠴᠢ ᠵᠠᠯᠭᠠᠭᠠᠳ ᠬᠤᠶᠠᠷ ᠡᠳᠦᠷ᠃ ᠵᠢᠱᠢᠶᠡᠯᠡᠪᠡᠯ᠄ ᠡᠪᠡᠳᠴᠢᠲᠡᠨ 5 | ᠰᠠᠷ᠎ᠠ ᠶᠢᠨ 12 ᠤᠨ ᠡᠳᠦᠷ ᠠᠩᠬ᠎ᠠ ᠤᠳᠠᠭ᠎ᠠ ᠡᠮᠨᠡᠭᠦᠯᠦᠭᠰᠡᠨ ᠪᠠᠶᠢᠪᠠᠯ᠂ 5 ᠰᠠᠷ᠎ᠠ ᠶᠢᠨ 13 ᠤ ᠡᠳᠦᠷ ᠪᠤᠶᠤ | 14 ᠤ ᠡᠳᠦᠷ ᠮᠡᠳᠡᠭᠦᠯᠦᠯᠲᠡ ᠪᠠᠨ ᠠᠪᠤᠭᠰᠠᠨ ᠤ ᠳᠠᠷᠠᠭ᠎ᠠ ᠳᠠᠭᠢᠨ ᠡᠮᠨᠡᠭᠦᠯᠵᠦ ᠪᠣᠯᠣᠨ᠎ᠠ᠃ | 3.ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ | ᠬᠦᠴᠦᠨ ᠲᠠᠢ︾ ᠶᠢᠨ ᠪᠣᠳᠠᠲᠠᠢ ᠶᠠᠪᠤᠴᠠ ᠨᠢ ᠶᠠᠮᠠᠷ ᠪᠤᠢ︖ | ᠳᠠᠭᠢᠨ ᠡᠮᠴᠢᠯᠡᠭᠦᠯᠬᠦ ᠡᠪᠡᠳᠴᠢᠲᠡᠨ ᠠᠩᠬᠠᠨ ᠤ ᠣᠨᠣᠰᠢᠯᠠᠯᠲᠠ ᠶᠢᠨ ᠳ᠋ᠤᠭᠠᠷᠯᠠᠬᠤ ᠬᠠᠭᠤᠳᠠᠰᠤ ᠪᠠᠷ ᠢᠶᠠᠨ | ᠡᠭᠦᠳᠡᠨ ᠡᠮᠨᠡᠯᠭᠡ ᠶᠢᠨ ᠡᠯ᠎ᠡ ᠳᠠᠪᠬᠤᠷᠯᠢᠭ ᠤᠨ ᠰᠦᠢᠳᠬᠡᠯ ᠲᠤᠰᠢᠶᠠᠬᠤ ᠴᠣᠩᠬᠤᠨ ᠳᠤ ᠬᠦᠷᠴᠦ ᠮᠡᠳᠡᠭᠡ | ᠵᠠᠩᠭᠢ ᠪᠠᠨ ᠪᠢᠴᠢᠵᠦ ᠣᠷᠣᠭᠤᠯᠤᠭᠰᠠᠨ ᠤ ᠳᠠᠷᠠᠭ᠎ᠠ ᠰᠢᠭᠤᠳ ᠤᠤᠯ ᠤᠨ ᠡᠮᠨᠡᠭᠦᠯᠭᠦ ᠰᠠᠯᠠᠭ᠎ᠠ ᠲᠠᠰᠤᠭ ᠤᠨ | ᠡᠮᠨᠡᠭᠦᠯᠭᠦ ᠲᠣᠭᠤᠷᠢᠭ ᠲᠤ ᠬᠦᠷᠴᠦ ᠭᠠᠷ ᠤᠨ ᠥᠰᠥᠭ ᠵᠢᠷᠤᠭᠤᠯᠤᠨ ᠮᠥᠷᠯᠡᠵᠦ᠂ ᠡᠮᠨᠡᠭᠦᠯᠭᠦ ᠪᠠᠷ ᠬᠦᠯᠢᠶᠡᠬᠦ | ᠲᠣᠭᠤᠷᠢᠭ ᠲᠤ ᠬᠦᠷᠴᠦ ᠳᠡᠰ ᠳᠠᠷᠠᠭᠠᠯᠠᠯ ᠢᠶᠠᠷ ᠡᠮᠨᠡᠭᠦᠯᠵᠦ ᠪᠣᠯᠣᠨ᠎ᠠ᠃ ᠠᠩᠬ᠎ᠠ ᠤᠳᠠᠭ᠎ᠠ ᠡᠮᠨᠡᠯᠭᠡ ᠳᠤ ᠬᠦᠷᠴᠦ | ᠳᠠᠭᠢᠨ ᠡᠮᠨᠡᠭᠦᠯᠭᠦ ᠡᠪᠡᠳᠴᠢᠲᠡᠨ ᠡᠭᠦᠳᠡᠨ ᠡᠮᠨᠡᠯᠭᠡ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ | ᠲᠥᠪ ᠲᠤ ᠬᠦᠷᠴᠦ ᠠᠰᠠᠭᠤᠨ ᠯᠠᠪᠯᠠᠵᠤ ᠪᠣᠯᠣᠨ᠎ᠠ᠃ | 4.ᠭᠤᠷᠪᠠᠨ ᠡᠳᠦᠷ ᠤᠨ ᠳᠣᠲᠣᠷ᠎ᠠ ᠳᠠᠭᠢᠨ ᠡᠮᠨᠡᠭᠦᠯᠭᠦ ᠳᠤ᠂ | ᠤᠤᠯ ᠤᠨ ᠡᠮᠴᠢ ᠶᠢ ᠡᠷᠢᠵᠦ ᠡᠮᠨᠡᠭᠦᠯᠭᠦ ᠴᠢᠬᠤᠯᠠᠲᠠᠢ ᠦᠦ︖ | ᠳᠠᠭᠢᠨ ᠡᠮᠨᠡᠭᠦᠯᠭᠦ ᠦᠶ᠎ᠡ ᠳᠤ ᠤᠤᠯ ᠤᠨ ᠰᠠᠯᠠᠭ᠎ᠠ ᠲᠠᠰᠤᠭ ᠤᠨ ᠵᠢᠵᠢᠭᠦᠷᠯᠡᠭᠴᠢ ᠡᠮᠴᠢ ᠬᠠᠷᠢᠭᠤᠴᠠᠨ | ᠣᠨᠣᠰᠢᠯᠠᠵᠤ᠂ ᠤᠤᠯ ᠤᠨ ᠭᠥᠯᠢᠶᠡᠨ ᠠᠪᠤᠭᠰᠠᠨ ᠡᠮᠴᠢ ᠶᠢ ᠡᠷᠢᠵᠦ ᠡᠮᠨᠡᠭᠦᠯᠭᠦ ᠴᠢᠬᠤᠯᠠ ᠦᠭᠡᠢ᠃ | 5.ᠳᠠᠭᠢᠨ ᠡᠮᠨᠡᠭᠦᠯᠭᠦ ᠦᠶ᠎ᠡ ᠳᠤ ᠪᠤᠰᠤᠳ ᠲᠤᠰᠬᠠᠢ ᠮᠡᠷᠭᠡᠵᠢᠯ ᠤᠨ ᠡᠪᠡᠳᠴᠢᠨ ᠳᠤ | ᠨᠡᠷᠪᠡᠭᠳᠡᠭᠰᠡᠨ ᠢ ᠣᠯᠵᠤ ᠮᠡᠳᠡᠪᠡᠯ᠂ ᠠᠰᠲᠠᠭᠠᠨ ᠳ᠋ᠤᠭᠠᠷᠯᠠᠵᠤ ᠡᠮᠨᠡᠭᠦᠯᠭᠦ ᠴᠢᠬᠤᠯᠠᠲᠠᠢ ᠦᠦ︖ | ᠡᠪᠡᠳᠴᠢᠲᠡᠨ ᠳᠠᠭᠢᠨ ᠡᠮᠨᠡᠭᠦᠯᠭᠦ ᠦᠶ᠎ᠡ ᠳᠤ᠂ ᠪᠤᠰᠤᠳ ᠰᠠᠯᠠᠭ᠎ᠠ ᠮᠥᠴᠢᠷ ᠲᠤ ᠬᠦᠷᠴᠦ ᠡᠮᠨᠡᠭᠦᠯᠭᠦ | ᠴᠢᠬᠤᠯᠠᠲᠠᠢ ᠪᠣᠯ ᠳᠠᠭᠢᠨ ᠳ᠋ᠤᠭᠠᠷᠯᠠᠬᠤ ᠬᠡᠷᠡᠭᠲᠡᠢ᠃ | 6.ᠨᠢᠭᠡᠳᠦᠭᠡᠷ ᠤᠳᠠᠭᠠᠨ ᠤ ᠡᠮᠴᠢᠯᠡᠭᠡ ᠨᠢᠭᠡᠨᠲᠡ ᠳᠠᠭᠤᠰᠪᠠ᠂ ᠭᠤᠷᠪᠠᠨ ᠡᠳᠦᠷ ᠤᠨ | ᠳᠣᠲᠣᠷ᠎ᠠ ᠦᠷᠭᠦᠯᠵᠢᠯᠡᠨ ᠡᠮᠨᠡᠭᠦᠯᠭᠦ ᠴᠢᠬᠤᠯᠠᠲᠠᠢ ᠪᠣᠯ ᠪᠠᠰᠠ ᠳ᠋ᠤᠭᠠᠷᠯᠠᠬᠤ ᠴᠢᠬᠤᠯᠠᠲᠠᠢ ᠤᠤ︖ | ᠬᠡᠷᠪᠡ ᠨᠢᠭᠡᠳᠦᠭᠡᠷ ᠤᠳᠠᠭᠠᠨ ᠤ ᠡᠮᠴᠢᠯᠡᠭᠡ ᠨᠢᠭᠡᠨᠲᠡ ᠳᠠᠭᠤᠰᠤᠭᠠᠳ ᠳᠠᠭᠢᠨ ᠦᠷᠭᠦᠯᠵᠢᠯᠡᠨ ᠡᠮᠴᠢᠯᠡᠭᠦᠯᠬᠦ | ᠴᠢᠬᠤᠯᠠᠲᠠᠢ ᠪᠣᠯ ᠳᠠᠭᠢᠨ ᠳ᠋ᠤᠭᠠᠷᠯᠠᠬᠤ ᠬᠡᠷᠡᠭᠲᠡᠢ᠃ | 7.ᠠᠯᠢᠪᠠ ᠡᠭᠦᠳᠡᠨ ᠡᠮᠨᠡᠯᠭᠡ ᠶᠢᠨ ᠰᠠᠯᠠᠭ᠎ᠠ ᠲᠠᠰᠤᠭ ᠤᠨ ᠬᠢᠨ ᠴᠥᠮ | ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠤᠤ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠤᠶ | ᠪᠦᠬᠦᠢ ᠡᠭᠦᠳᠡᠨ ᠡᠮᠨᠡᠯᠭᠡ ᠶᠢᠨ ᠡᠮᠨᠡᠭᠦᠯᠭᠦ ᠰᠠᠯᠠᠭ᠎ᠠ ᠲᠠᠰᠤᠭ ᠲᠤ ᠲᠣᠬᠢᠷᠠᠨ᠎ᠠ᠂ ᠰᠢᠯᠭᠠᠨ ᠪᠠᠶᠢᠴᠠᠭᠠᠯᠲᠠ᠂ | ᠪᠠᠶᠢᠴᠠᠭᠠᠯᠲᠠ ᠨᠢ ᠲᠤᠰ ᠡᠳᠦᠷ ᠬᠢᠵᠦ ᠪᠠᠷᠠᠬᠤ ᠦᠭᠡᠢ ᠪᠤᠶᠤ ᠮᠡᠳᠡᠭᠦᠯᠦᠯᠲᠡ ᠶᠢ ᠲᠤᠰ ᠡᠳᠦᠷ ᠨᠢ ᠣᠯᠵᠤ ᠳᠡᠶᠢᠯᠭᠦ | ᠦᠭᠡᠢ ᠳᠠᠭᠢᠨ ᠡᠮᠨᠡᠭᠦᠯᠭᠦ ᠴᠢᠬᠤᠯᠠᠲᠠᠢ ᠡᠪᠡᠳᠴᠢᠲᠡᠨ ᠳᠤ ᠲᠣᠬᠢᠷᠠᠨ᠎ᠠ᠃ ᠰᠠᠯᠠᠭ᠎ᠠ ᠲᠠᠰᠤᠭ ᠠᠯᠤᠰᠯᠠᠭᠰᠠᠨ ᠡᠭᠦᠳᠡᠨ | ᠡᠮᠨᠡᠯᠭᠡ᠂ ᠲᠤᠰᠬᠠᠢ ᠡᠪᠡᠳᠴᠢᠨ ᠠᠯᠤᠰᠯᠠᠭᠰᠠᠨ ᠡᠭᠦᠳᠡᠨ ᠡᠮᠨᠡᠯᠭᠡ᠂ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠨ | ᠣᠨᠣᠰᠢᠯᠠᠨ ᠡᠮᠨᠡᠬᠦ ᠡᠭᠦᠳᠡᠨ ᠡᠮᠨᠡᠯᠭᠡ᠂ ᠣᠨᠴᠠ ᠬᠡᠷᠡᠭᠴᠡᠭᠡᠲᠦ ᠡᠭᠦᠳᠡᠨ ᠡᠮᠨᠡᠯᠭᠡ ᠵᠢᠴᠢ ᠲᠦᠷᠭᠡᠨ ᠡᠮᠴᠢᠯᠡᠭᠡ | ᠵᠡᠷᠭᠡ ᠶᠢ ᠪᠠᠭᠲᠠᠭᠠᠬᠤ ᠦᠭᠡᠢ᠃ | 8.ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠤᠨ ᠡᠳᠦᠷ ᠨᠢ | ︽ᠭᠤᠷᠪᠠᠨ ᠡᠳᠦᠷ︾ ᠤᠨ ᠬᠤᠭᠤᠴᠠᠭᠠᠨ ᠳᠤ ᠪᠠᠭᠲᠠᠨ᠎ᠠ ᠤᠤ︖ | ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠬᠡᠪ ᠤᠨ ᠪᠠᠶᠢᠳᠠᠯ ᠢᠶᠠᠷ ᠣᠨᠣᠰᠢᠯᠠᠬᠤ | ᠤᠴᠢᠷ ᠠᠴᠠ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠶᠣᠰᠣᠭᠠᠷ ᠳᠠᠭᠢᠨ | ᠣᠨᠣᠰᠢᠯᠠᠭᠤᠯᠤᠨ᠎ᠠ︔ ᠭᠡᠷᠪᠡ ᠡᠮᠴᠢᠯᠡᠭᠡ ᠨᠡᠭᠡᠭᠡᠭᠰᠡᠨ ᠦᠭᠡᠢ ᠰᠠᠯᠠᠭ᠎ᠠ ᠲᠠᠰᠤᠭ ᠲᠣᠬᠢᠶᠠᠯᠳᠤᠪᠠᠯ᠂ ᠴᠠᠭ ᠢᠶᠠᠨ | ᠬᠤᠶᠢᠰᠢᠯᠠᠭᠤᠯᠤᠨ᠎ᠠ᠃ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠮᠴᠢᠯᠡᠬᠦ ᠴᠠᠭ ᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠵᠢᠷᠭᠢᠶ᠎ᠡ ᠶᠢᠨ ᠲᠠᠪᠴᠠᠩ ᠠᠴᠠ | ᠪᠠᠶᠢᠴᠠᠭᠠᠨ ᠯᠠᠪᠯᠠᠵᠤ ᠪᠣᠯᠣᠨ᠎ᠠ᠃ | | |