【ᠵᠥᠩ ᠱᠠᠨ ᠪᠠᠷᠠᠭᠤᠨ ᠵᠠᠮ ᠤᠨ ᠵᠡᠭᠡᠯᠢ ᠭᠤᠳᠤᠮᠵᠢ】ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠵᠢᠯᠯᠠᠭ᠎ᠠ ᠥᠷᠨᠢᠭᠦᠯᠵᠦ ᠪᠠᠶᠢᠨ᠎ᠠ— ︽ᠯᠣᠩᠬᠤ ᠶᠢ ᠥᠭᠡᠷᠡᠴᠢᠯᠡᠨ ᠬᠠᠮᠢᠶᠠᠷᠬᠤ︾ ᠶᠢ ᠢᠳᠡᠪᠬᠢᠲᠡᠢ ᠠᠬᠢᠭᠤᠯᠵᠤ ᠰᠢᠲᠠᠮᠠᠬᠠᠢ ᠬᠡᠢ ᠶᠢᠨ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/5/16
      ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠡᠯ᠎ᠡ ᠲᠥᠷᠥᠯ ᠤᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠶᠢᠨ ᠠᠳᠡᠯ ᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢᠶᠣᠤ ᠯᠧᠢ ᠦᠨᠳᠦᠰᠦᠲᠡᠨ ᠤ ᠠᠮᠲᠠᠲᠤ ᠢᠳᠡᠭᠡᠨ ᠤ ᠵᠡᠭᠡᠯᠢ ᠪᠠᠷ ᠲᠤᠬᠠᠢ ᠶᠢᠨ ᠭᠠᠵᠠᠷ ᠲᠤᠨᠢ ᠬᠦᠷᠴᠦ᠂ ᠨᠢᠭᠡᠨᠲᠡ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠣᠭᠰᠠᠨ ᠣᠲᠣ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠬᠡᠷᠡᠭᠯᠡᠭᠰᠡᠨ ᠬᠤᠳᠠᠯᠳᠤᠭᠠᠨ ᠤ ᠡᠷᠦᠬᠡ ᠶᠢ ᠡᠷᠦᠬᠡ ᠳᠤ ᠬᠦᠷᠴᠦ ᠰᠤᠷᠪᠤᠯᠵᠢᠯᠠᠵᠤ᠂ ᠠᠮᠤᠷ ᠲᠦᠪᠰᠢᠨ ᠢᠶᠠᠷ ᠬᠡᠢ ᠬᠡᠷᠡᠭᠯᠡᠬᠦ ᠶᠢ ᠤᠬᠠᠭᠤᠯᠵᠤ᠂ ︽ᠯᠣᠩᠬᠤ ᠶᠢ ᠥᠭᠡᠷᠡᠴᠢᠯᠡᠨ ᠬᠠᠮᠢᠶᠠᠷᠬᠤ︾ ᠠᠵᠢᠯ ᠢ ᠢᠳᠡᠪᠬᠢᠲᠡᠢ ᠠᠬᠢᠭᠤᠯᠪᠠ᠃
     ᠠᠮᠲᠠᠲᠤ ᠢᠳᠡᠭᠡᠨ ᠤ ᠵᠡᠭᠡᠯᠢ ᠶᠢᠨ ︽ᠯᠣᠩᠬᠤ ᠶᠢ ᠥᠭᠡᠷᠡᠴᠢᠯᠡᠨ ᠬᠠᠮᠢᠶᠠᠷᠬᠤ︾ ᠠᠵᠢᠯ ᠢ ᠠᠬᠢᠭᠤᠯᠬᠤ ᠳᠤᠮᠳᠠ᠂ ᠴᠢᠶᠣᠤ ᠯᠧᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠲᠠᠯ᠎ᠠ ᠪᠠᠷ ᠬᠤᠳᠠᠯᠳᠤᠭᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠨᠡᠭᠦᠷᠡᠰᠦᠨ ᠬᠡᠢ ᠶᠢᠨ ᠰᠠᠪᠠ ᠶᠢᠨ ᠳᠠᠯᠳᠠ ᠠᠶᠤᠯ ᠲᠦᠭᠰᠢᠭᠦᠷᠢ ᠶᠢ ᠲᠠᠨᠢᠭᠤᠯᠪᠠ᠃ ᠲᠡᠷᠡ ᠠᠮᠲᠠᠲᠤ ᠢᠳᠡᠭᠡᠨ ᠤ ᠵᠡᠭᠡᠯᠢ ᠶᠢᠨ ᠬᠤᠳᠠᠯᠳᠤᠭᠠᠨ ᠤ ᠡᠷᠦᠬᠡ ᠶᠢ ᠴᠤᠭᠯᠠᠭᠤᠯᠵᠤ᠂ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠶᠢ ᠣᠷᠳᠣ ᠬᠤᠭᠤᠴᠠᠭ᠎ᠠ ᠪᠠᠷ ᠰᠠᠪᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠶᠠᠪᠤᠴᠠ ᠳᠤ ᠠᠮᠠᠷᠬᠠᠨ ᠮᠥᠷᠭᠦᠯᠳᠦᠬᠦ᠂ ᠢᠳᠡᠭᠳᠡᠬᠦ᠂ ᠠᠮᠠᠷᠬᠠᠨ ᠳᠡᠯᠪᠡᠷᠡᠬᠦ ᠵᠡᠷᠭᠡ ᠠᠰᠠᠭᠤᠳᠠᠯ ᠢ ᠨᠠᠷᠢᠨ ᠨᠢᠮᠪᠠᠢ ᠲᠠᠶᠢᠯᠪᠤᠷᠢᠯᠠᠨ ᠥᠭᠪᠡ᠃ ᠨᠥᠭᠦᠭᠡ ᠲᠠᠯ᠎ᠠ ᠪᠠᠷ ᠬᠤᠳᠠᠯᠳᠤᠭᠠᠴᠢᠨ ᠡᠷᠦᠬᠡ ᠶᠢ ᠬᠠᠪᠰᠤᠷᠤᠨ ᠥᠭᠡᠷᠡᠴᠢᠯᠡᠬᠦ ᠥᠪᠡᠷ ᠤᠨ ᠥᠷᠲᠡᠭ ᠢ ᠲᠣᠭᠠᠴᠠᠭ᠎ᠠ ᠬᠢᠵᠦ᠂ ᠬᠤᠳᠠᠯᠳᠤᠭᠠᠴᠢᠨ ᠡᠷᠦᠬᠡ ᠶᠢᠨ ᠬᠠᠯᠠᠮᠵᠢᠯᠠᠨ ᠠᠩᠬᠠᠷᠴᠤ ᠪᠠᠶᠢᠭ᠎ᠠ ᠵᠠᠷᠤᠳᠠᠯ ᠤᠨ ᠠᠰᠠᠭᠤᠳᠠᠯ ᠢ ᠡᠮᠬᠢᠯᠡᠨ ᠰᠢᠢᠳᠪᠦᠷᠢᠯᠡᠵᠦ᠂ ᠬᠤᠳᠠᠯᠳᠤᠭᠠᠴᠢᠨ ᠡᠷᠦᠬᠡ ᠨᠢᠭᠡᠪᠦᠷᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ᠂ ᠰᠢᠲᠠᠮᠠᠬᠠᠢ ᠬᠡᠢ ᠬᠡᠷᠡᠭᠯᠡᠬᠦ ᠥᠪᠡᠷ ᠤᠨ ᠥᠷᠲᠡᠭ ᠤᠨ ︽ᠬᠤᠶᠠᠷ ᠲᠠᠩᠰᠠ︾ ᠶᠢ ᠢᠯᠭᠠᠷᠠᠭᠤᠯᠤᠨ ᠪᠤᠳᠤᠬᠤ ᠳᠤ ᠬᠠᠮᠵᠢᠯᠴᠠᠬᠤ ᠶᠢ ᠪᠥᠬᠦ ᠲᠠᠯ᠎ᠠ ᠪᠠᠷ ᠪᠣᠳᠣᠯᠬᠢᠯᠠᠵᠤ᠂ ᠪᠦᠲᠦᠮᠵᠢᠲᠡᠶ ᠰᠢᠢᠳᠪᠦᠷᠢᠯᠡᠬᠦ ᠲᠥᠰᠥᠯ ᠢ ᠬᠠᠩᠭᠠᠨ᠎ᠠ᠃ ᠬᠠᠮᠤᠭ ᠰᠡᠭᠦᠯ ᠳᠤ ᠴᠢᠶᠣᠤ ᠯᠧᠢ ᠶᠢᠨ ᠢᠳᠡᠪᠬᠢᠲᠡᠢ ᠨᠡᠪᠲᠡᠷᠡᠯᠴᠡᠬᠦ ᠪᠠ ᠬᠦᠯᠢᠴᠡᠩᠭᠦᠢ ᠵᠢᠯᠣᠭᠤᠳᠤᠯᠭ᠎ᠠ ᠳᠣᠣᠷ᠎ᠠ᠂ ᠬᠤᠳᠠᠯᠳᠤᠭᠠᠴᠢᠨ ᠡᠷᠦᠬᠡ ᠰᠠᠨᠠᠯ ᠨᠢᠭᠡᠲᠡᠢ ᠬᠦᠰᠡᠯ ᠲᠠᠢ ᠪᠣᠯᠵᠤ᠂ ᠣᠲᠣ ᠶᠢᠨ ᠬᠡᠷᠡᠭᠯᠡᠬᠦ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠶᠢ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠪᠣᠯᠭᠠᠨ ᠥᠭᠡᠷᠡᠴᠢᠯᠡᠪᠡ᠃
     ᠴᠢᠶᠣᠤ ᠯᠧᠢ ᠢᠯᠡᠷᠬᠡᠶᠢᠯᠡᠬᠦ ᠳᠡᠭᠡᠨ᠂ ︽ᠯᠣᠩᠬᠤ ᠶᠢ ᠥᠭᠡᠷᠡᠴᠢᠯᠡᠨ ᠬᠠᠮᠢᠶᠠᠷᠬᠤ︾ ᠨᠢ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠬᠤᠷᠢᠭᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ᠎ᠡ᠂ ᠬᠤᠶᠢᠰᠢᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠵᠦ᠂ ︽ᠯᠣᠩᠬᠤ ᠶᠢ ᠥᠭᠡᠷᠡᠴᠢᠯᠡᠨ ᠬᠠᠮᠢᠶᠠᠷᠬᠤ︾ ᠠᠵᠢᠯ ᠤᠨ ᠪᠠᠶᠢᠳᠠᠯ ᠢ ᠦᠷᠭᠦᠯᠵᠢᠯᠡᠨ ᠳᠠᠭᠠᠵᠤ᠂ ᠰᠢᠲᠠᠮᠠᠬᠠᠢ ᠬᠡᠢ ᠶᠢᠨ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠬᠤ ᠬᠡᠷᠡᠭᠲᠡᠢ ᠭᠡᠵᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号