ᠰᠠᠨ ᠰᠢᠩ ᠳ᠋ᠦᠢ ᠮᠦᠽᠧᠢ ᠶᠢᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ | ᠭᠦᠭᠡᠬᠤᠲᠠ ᠶᠢᠨ ᠮᠦᠽᠧᠢ ᠳᠤ ᠳᠡᠯᠭᠡᠨ ᠦᠵᠡᠭᠦᠯᠭᠦ ᠪᠠᠷ ᠪᠤᠢ᠃ ᠲᠣᠰ ᠤᠳᠠᠭᠠᠨ ᠤ ᠦᠵᠡᠰᠭᠦᠯᠡᠩ ᠳᠤ ᠬᠦᠷᠡᠯ | ᠵᠡᠪᠰᠡᠭ᠂ ᠸᠠᠭᠠᠷ ᠱᠠᠭᠠᠵᠠᠩ᠂ ᠰᠢᠷᠳᠡᠮᠡᠯ ᠰᠠᠪᠠ᠂ ᠮᠣᠳᠣᠨ ᠴᠤᠭᠤᠳᠠᠰᠤ ᠵᠡᠷᠭᠡ ᠬᠤᠪᠣᠷ ᠨᠠᠨᠳᠢᠨ ᠲᠡᠦᠬᠡ ᠶᠢᠨ | ᠳᠤᠷᠠᠰᠬᠠᠯᠲᠤ ᠵᠦᠢᠯᠡᠰ ᠢ ᠪᠠᠭᠲᠠᠭᠠᠭᠰᠠᠨ ᠨᠡᠶᠢᠲᠡ 221 ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ | ᠦᠵᠡᠭᠦᠯᠦᠨ᠎ᠡ᠂ ᠡᠭᠦᠨ ᠳᠤ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ 40 ᠪᠤᠶ᠃ | | | | | ᠦᠵᠡᠰᠭᠦᠯᠡᠩ ᠤᠨ ᠴᠠᠭ᠄ | 5 ᠰᠠᠷ᠎ᠠ ᠶᠢᠨ 18 ᠤ ᠡᠳᠦᠷ ᠠᠴᠠ 9 ᠰᠠᠷ᠎ᠠ ᠶᠢᠨ 15 ᠤ ᠡᠳᠦᠷ ︵ᠭᠠᠷᠠᠭ ᠤᠨ ᠬᠤᠶᠠᠷ ᠲᠤ ᠨᠡᠭᠡᠭᠡᠬᠦ | ᠦᠭᠡᠢ︶ ᠤᠨ 9᠄ 00- 17᠄ 00 | ᠦᠵᠡᠰᠭᠦᠯᠡᠩ ᠤᠨ ᠭᠠᠵᠠᠷ᠄ | ᠭᠦᠭᠡᠬᠤᠲᠠ ᠶᠢᠨ ᠮᠦᠽᠧᠢ ᠶᠢᠨ ᠬᠤᠶᠠᠳᠤᠭᠠᠷ ᠠᠰᠠᠷ ᠤᠨ ᠡᠮᠦᠨ᠎ᠡ ᠦᠵᠡᠭᠦᠯᠭᠡ ᠶᠢᠨ ᠲᠢᠩᠬᠢᠮ | ᠪᠡᠶ᠎ᠡ ᠶᠢᠨ ᠦᠨᠡᠮᠯᠡᠯ ᠢᠶᠠᠨ ᠠᠪᠴᠤ ᠲᠥᠯᠥᠪᠦᠷᠢ ᠦᠭᠡᠢ ᠪᠠᠷ ᠣᠷᠳᠣᠨ ᠳᠤ ᠣᠷᠣᠵᠤ ᠲᠣᠭᠤᠷᠢᠨ ᠦᠵᠡᠨ᠎ᠡ᠃ | | | | | ᠰᠠᠨ ᠰᠢᠩ ᠳ᠋ᠦᠢ ᠨᠢ ᠰᠧᠴᠤᠸᠠᠨ ᠮᠤᠵᠢ ᠶᠢᠨ ᠭᠤᠸᠠᠩ ᠬᠠᠨ ᠬᠤᠳᠠ ᠳᠤ ᠪᠠᠶᠢᠷᠢᠯᠠᠵᠤ᠂ 20 ᠳ᠋ᠤᠭᠠᠷ | ᠵᠠᠭᠤᠨ ᠤ ᠬᠥᠮᠥᠨ ᠲᠥᠷᠥᠯᠬᠢᠲᠡᠨ ᠤ ᠬᠠᠮᠤᠭ ᠤᠨ ᠠᠭᠤᠤ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠶᠢᠨ | ᠨᠢᠭᠡ ᠪᠣᠯᠣᠨ᠎ᠠ᠃ ᠰᠠᠨ ᠰᠢᠩ ᠳ᠋ᠦᠢ ᠪᠣᠯ ᠮᠠᠨ ᠤ ᠤᠯᠤᠰ ᠤᠨ ᠪᠠᠷᠠᠭᠤᠨ ᠡᠮᠦᠨᠡᠲᠦ ᠣᠷᠣᠨ ᠤ ᠣᠳᠣ ᠪᠤᠯᠲᠠᠯ᠎ᠠ | ᠮᠡᠳᠡᠵᠦ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ᠂ ᠦᠷᠭᠦᠯᠵᠢᠯᠡᠭᠰᠡᠨ ᠴᠠᠭ ᠢᠶᠠᠷ ᠬᠠᠮᠤᠭ ᠤᠨ ᠤᠷᠲᠤ᠂ ᠮᠠᠯᠲᠠᠵᠤ | ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠤᠭ ᠤᠨ ᠪᠠᠶᠠᠯᠢᠭ ᠴᠢᠨ ᠤᠯᠤᠰ ᠤᠨ ᠦᠶ᠎ᠡ ᠶᠢᠨ | ᠪᠠᠭᠤᠷᠢ ᠪᠣᠯᠣᠨ᠎ᠠ᠃ | | |