ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠴᠢᠨᠠᠭᠰᠢᠳᠠ ᠠᠬᠢᠭᠤᠯᠬᠤ ᠶᠢᠨ | ᠲᠥᠯᠥᠭᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ 2024 ᠣᠨ ᠤ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾ ᠲᠥᠯᠥᠪᠯᠡᠭᠡ ᠶᠢ ᠬᠡᠷᠡᠭᠵᠢᠭᠦᠯᠵᠦ᠂ ᠪᠦᠭᠦ ᠤᠯᠤᠰ ᠠᠴᠠ 34430 ᠨᠡᠷᠡᠰ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠡᠯᠰᠡᠨ ᠦᠨᠳᠦᠰᠦᠨ ᠱᠠᠲᠤᠨ ᠳᠤ ᠣᠴᠢᠭᠤᠯᠵᠤ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ | ᠳᠡᠮᠵᠢᠬᠦ᠂ ᠡᠮ ᠡᠮᠨᠡᠯᠭᠡ ᠶᠢ ᠳᠡᠮᠵᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠪᠰᠤᠷᠤᠨ | ᠲᠡᠳᠬᠦᠬᠦ ᠵᠡᠷᠭᠡ ᠦᠢᠯᠡᠴᠢᠯᠡᠭᠡ ᠬᠢᠯᠭᠡᠨ᠎ᠡ᠃ | ᠣᠳᠣᠬᠠᠨ ᠪᠤᠯᠲᠠᠯ᠎ᠠ᠂ ᠭᠤᠸᠠᠩᠳᠦ᠋ᠩ᠂ ᠱᠠᠨᠳᠦ᠋ᠩ᠂ ᠬᠤᠪᠧᠢ᠂ ᠠᠨᠾᠦ᠋ᠢ᠂ ᠶᠦᠨᠨᠠᠨ ᠵᠡᠷᠭᠡ ᠠᠷᠪᠠ ᠭᠠᠷᠤᠢ ᠮᠤᠵᠢ | ᠣᠷᠣᠨ ᠡᠯᠰᠡᠬᠦ ᠠᠯᠪᠠᠨ ᠵᠠᠷ ᠨᠡᠶᠢᠲᠡᠯᠡᠪᠡ᠃ ᠬᠡᠷᠬᠢᠨ ᠨᠡᠷ᠎ᠡ ᠮᠡᠳᠡᠭᠦᠯᠬᠦ ᠪᠤᠶ︖ ᠬᠠᠷᠠᠭᠠᠯᠵᠠᠯ ᠨᠢ ᠶᠠᠮᠠᠷ ᠵᠡᠷᠭᠡ ᠪᠤᠢ︖ | ᠡᠭᠦᠨ ᠤ ᠲᠤᠬᠠᠢ ︽ᠰᠢᠨᠬᠤᠸᠠ ᠬᠠᠷᠠᠭᠠᠰᠤ︾ ᠶᠢᠨ ᠰᠤᠷᠪᠤᠯᠵᠢᠯᠠᠬᠴᠢ ᠠᠴᠠ ᠡᠷᠬᠡ ᠰᠦᠷᠲᠦ ᠰᠠᠯᠠᠭ᠎ᠠ ᠮᠥᠴᠢᠷ ᠢ | ᠰᠤᠷᠪᠤᠯᠵᠢᠯᠠᠪᠠ᠃ | ᠣᠷᠣᠨ ᠲᠤᠭ᠎ᠠ ᠶᠢ ᠠᠯᠢ ᠠᠯᠢ ᠲᠡᠭᠦᠰᠬᠦ ᠰᠤᠷᠤᠬᠴᠢᠳ ᠲᠤ ᠬᠡᠯᠪᠡᠶᠢᠯᠭᠡᠬᠦ ᠪᠤᠢ︖ | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠪᠣᠯ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠮᠲᠤᠷᠠᠨ ᠬᠡᠷᠡᠭᠵᠢᠭᠦᠯᠦᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ | ᠱᠠᠲᠤᠨ ᠳᠤ ᠣᠴᠢᠵᠤ ᠠᠵᠢᠯᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠵᠢᠱᠢᠶ᠎ᠡ ᠦᠵᠡᠭᠦᠯᠭᠦ ᠲᠥᠷᠥᠯ | ᠵᠦᠢᠯ ᠪᠤᠯᠬᠤ ᠪᠥᠭᠡᠳ ᠦᠢᠯᠡᠴᠢᠯᠡᠬᠦ ᠬᠤᠭᠤᠴᠠᠭ᠎ᠠ ᠨᠢ 2 ᠵᠢᠯ ᠪᠣᠯᠣᠨ᠎ᠠ᠃ | ︽ᠣᠶᠢᠷ᠎ᠠ ᠶᠢᠨ ᠬᠤᠭᠤᠴᠠᠭᠠᠨ ᠳᠤ ᠡᠳ᠋ ᠤᠨ ᠵᠠᠰᠠᠭ ᠤᠨ ᠶᠠᠮᠤᠨ ᠯᠤᠭ᠎ᠠ ᠬᠠᠮᠲᠤᠷᠠᠨ ᠪᠠᠭᠤᠯᠭᠠᠭᠰᠠᠨ ᠮᠡᠳᠡᠭᠳᠡᠯ | ᠢ ᠦᠨᠳᠦᠰᠦᠯᠡᠪᠡᠯ᠂ ᠡᠨᠡ ᠵᠢᠯ ᠤᠨ ᠲᠥᠪ ᠤᠨ ᠡᠳ᠋ ᠤᠨ ᠵᠠᠰᠠᠭ ᠠᠴᠠ ᠳᠡᠮᠵᠢᠬᠦ ︿ᠭᠤᠷᠪᠠ ᠶᠢ ᠳᠡᠮᠵᠢᠵᠦ ᠨᠢᠭᠡ ᠶᠢ | ᠲᠡᠳᠬᠦᠬᠦ﹀ ᠠᠵᠢᠯᠲᠠᠨ ᠡᠯᠰᠡᠬᠦ ᠬᠥᠮᠥᠨ ᠤ ᠲᠤᠭ᠎ᠠ ᠨᠢ ᠨᠢᠳᠤᠨᠤᠨ ᠤ ᠬᠢ ᠠᠴᠠ 1.3% ᠪᠠᠷ ᠨᠡᠮᠡᠭᠳᠡᠪᠡ︾ ᠭᠡᠵᠦ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠮᠥᠨ ᠤ ᠬᠦᠴᠦᠨ ᠤ ᠡᠬᠢ | ᠪᠠᠶᠠᠯᠢᠭ ᠤᠨ ᠰᠢᠯᠵᠢᠯᠲᠡ ᠶᠢᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠠᠩ ᠸᠧᠨ ᠮᠢᠶᠣᠣ ᠲᠠᠨᠢᠯᠴᠠᠭᠤᠯᠵᠠᠢ᠃ | ᠮᠡᠳᠡᠭᠳᠡᠯ ᠢ ᠦᠨᠳᠦᠰᠦᠯᠡᠪᠡᠯ᠂ ᠡᠨᠡ ᠵᠢᠯ ᠤᠨ ᠡᠯᠰᠡᠬᠦ ᠲᠥᠯᠥᠪᠯᠡᠭᠡ ᠶᠢ ᠶᠠᠳᠠᠭᠤ ᠠᠴᠠ ᠠᠩᠭᠢᠵᠢᠷᠠᠭᠰᠠᠨ | ᠭᠠᠵᠠᠷ ᠣᠷᠣᠨ᠂ ᠵᠡᠭᠦᠨ ᠬᠤᠶᠢᠲᠤ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ᠂ | ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠲᠡᠶᠢᠰᠢ ᠬᠡᠯᠪᠡᠶᠢᠯᠭᠡᠨ᠎ᠡ᠃ ᠲᠥᠪ ᠤᠨ ᠡᠳ᠋ ᠤᠨ ᠵᠠᠰᠠᠭ ᠠᠴᠠ | ᠳᠡᠮᠵᠢᠬᠦ ᠰᠢᠨᠵᠢᠶᠠᠩ᠂ ᠥᠪᠥᠷ ᠮᠣᠩᠭᠤᠯ᠂ ᠬᠤᠪᠧᠢ ᠶᠢᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ | ᠡᠯᠰᠡᠬᠦ ᠬᠥᠮᠥᠨ ᠤ ᠲᠤᠭ᠎ᠠ ᠬᠠᠮᠤᠭ ᠤᠨ ᠣᠯᠠᠨ ᠪᠠᠶᠢᠵᠤ᠂ ᠴᠥᠮ 2000 ᠬᠥᠮᠥᠨ ᠠᠴᠠ ᠳᠡᠭᠡᠭᠰᠢ ᠡᠯᠰᠡᠨ᠎ᠡ︔ | ᠳᠠᠷᠠᠭᠠᠯᠠᠪᠠᠯ ᠨᠢᠩᠰᠢᠶᠠ᠂ ᠬᠥᠬᠡᠨᠠᠭᠤᠷ᠂ ᠭᠠᠨᠰᠤ᠂ ᠰᠧᠴᠤᠸᠠᠨ ᠳᠤ ᠪᠦᠷ 2000 ᠰᠢᠬᠠᠮ ᠠᠵᠢᠯᠲᠠᠨ ᠡᠯᠰᠡᠨ᠎ᠡ᠃ | ᠶᠡᠷᠦᠩᠬᠡᠢ ᠳᠤᠨᠢ ᠠᠪᠴᠤ ᠦᠵᠡᠪᠡᠯ᠂ ᠡᠯᠰᠡᠬᠦ ᠲᠥᠯᠥᠪᠯᠡᠭᠡ ᠶᠢ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ | ᠣᠷᠣᠨ ᠳᠤ ᠭᠤᠣᠯᠳᠠᠯᠭ᠎ᠠ ᠲᠠᠢ ᠪᠠᠭᠤᠯᠭᠠᠵᠤ᠂ ᠶᠡᠷᠦᠩᠬᠡᠢ ᠬᠡᠮᠵᠢᠶᠡᠨ ᠤ 84.3% ᠳᠤ ᠬᠦᠷᠭᠡᠬᠦ ᠪᠣᠯᠣᠨ᠎ᠠ᠃ | ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠲᠡᠭᠦᠰᠬᠦ ᠰᠤᠷᠤᠬᠴᠢᠳ ᠤᠨ ᠬᠡᠷᠡᠭᠴᠡᠭᠡ ᠯᠦᠭᠡ ᠨᠠᠩ ᠰᠠᠶᠢᠲᠤᠷ | ᠵᠣᠯᠭᠠᠭᠤᠯᠬᠤ ᠶᠢᠨ ᠲᠥᠯᠥᠭᠡ᠂ ᠡᠨᠡ ᠵᠢᠯ ᠡᠯ᠎ᠡ ᠮᠤᠵᠢ ᠶᠢᠨ ᠨᠡᠶᠢᠲᠡᠯᠡᠭᠰᠡᠨ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾ ᠠᠵᠢᠯᠲᠠᠨ ᠡᠯᠰᠡᠬᠦ ᠠᠯᠪᠠᠨ ᠵᠠᠷ ᠪᠠ ᠰᠢᠯᠭᠠᠯᠲᠠ ᠵᠣᠬᠢᠶᠠᠨ ᠪᠠᠶᠢᠭᠤᠯᠬᠤ ᠴᠠᠭ ᠨᠢ ᠥᠩᠭᠡᠷᠡᠭᠰᠡᠨ ᠵᠢᠯ ᠤᠨ | ᠬᠢ ᠠᠴᠠ ᠢᠯᠡᠳᠲᠡ ᠤᠷᠢᠳᠴᠢᠯᠠᠵᠤ᠂ ᠬᠡᠰᠡᠭ ᠮᠤᠵᠢ ᠣᠷᠣᠨ ᠤ ᠪᠣᠳᠠᠲᠠᠢ ᠡᠯᠰᠡᠬᠦ ᠬᠥᠮᠥᠨ ᠤ ᠲᠤᠭ᠎ᠠ ᠴᠤ | ᠨᠡᠮᠡᠭᠳᠡᠭᠰᠡᠨ ᠪᠠᠶᠢᠨ᠎ᠠ᠃ | ᠨᠡᠷ᠎ᠡ ᠮᠡᠳᠡᠭᠦᠯᠬᠦ ᠨᠥᠬᠦᠴᠡᠯ ᠠᠴᠠ ᠦᠵᠡᠪᠡᠯ᠂ ᠣᠯᠠᠩᠬᠢ ᠮᠤᠵᠢ ᠣᠷᠣᠨ ᠨᠢ ᠲᠣᠰ ᠬᠤᠭᠤᠴᠠᠭᠠᠨ ᠤ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠪᠤᠶᠤ ᠲᠡᠭᠦᠰᠦᠭᠰᠡᠨ ᠭᠤᠷᠪᠠᠨ ᠵᠢᠯ ᠤᠨ ᠳᠣᠲᠣᠷᠠᠬᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ ᠱᠠᠭᠠᠷᠳᠠᠵᠤ᠂ ᠬᠡᠰᠡᠭ ᠮᠤᠵᠢ ᠣᠷᠣᠨ ᠨᠢ ᠮᠡᠷᠭᠡᠵᠢᠯ ᠤᠨ ᠠᠵᠢᠯᠴᠢᠨ ᠤ ᠶᠡᠭᠡ ᠳᠡᠭᠡᠳᠦ | ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠴᠢᠨ ᠤ ᠠᠩᠭᠢ᠂ ᠪᠡᠯᠡᠳᠬᠡᠯ ᠮᠠᠰᠲ᠋ᠧᠷ ᠤᠨ ᠠᠩᠭᠢ ᠠᠴᠠ | ᠲᠡᠭᠦᠰᠦᠭᠰᠡᠳ ᠢ ᠡᠯᠰᠡᠬᠦ ᠡᠲᠡᠭᠡᠳ ᠤᠨ ᠬᠡᠪᠴᠢᠶᠡᠨ ᠳᠤ ᠣᠷᠣᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠢ ᠳᠡᠮᠵᠢᠬᠦ | ᠠᠵᠢᠯᠲᠠᠨ ᠡᠯᠰᠡᠬᠦ ᠳᠤ ᠬᠦᠴᠢᠷᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠤᠪᠧᠢ ᠮᠤᠵᠢ ᠶᠢᠨ ᠡᠮᠴᠢᠯᠡᠭᠡ ᠡᠷᠡᠭᠦᠯ | ᠬᠠᠮᠠᠭᠠᠯᠠᠯ ᠢ ᠳᠡᠮᠵᠢᠬᠦ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠰᠢᠯᠭᠠᠭᠤᠯᠬᠤ ᠳᠤ ᠲᠡᠭᠦᠰᠬᠦ ᠵᠢᠯ ᠬᠤᠭᠤᠴᠠᠭ᠎ᠠ ᠶᠢ | ᠬᠢᠵᠠᠭᠠᠷᠯᠠᠬᠤ ᠦᠭᠡᠢ᠂ ᠠᠨᠾᠦ᠋ᠢ᠂ ᠶᠦᠨᠨᠠᠨ ᠵᠡᠷᠭᠡ ᠮᠤᠵᠢ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠢ ᠳᠡᠮᠵᠢᠬᠦ | ᠲᠥᠷᠥᠯ ᠤᠨ ᠠᠵᠢᠯ ᠤᠨ ᠪᠠᠶᠢᠷᠢ ᠳᠤ ᠰᠢᠯᠭᠠᠯᠲᠠ ᠡᠬᠢᠯᠡᠬᠦ ᠬᠠᠷᠢᠴᠠᠯ ᠭᠠᠷᠭᠠᠭᠰᠠᠨ ᠦᠭᠡᠢ ᠪᠠᠶᠢᠨ᠎ᠠ᠃ | ᠮᠡᠳᠡᠭᠳᠡᠯ ᠳᠤ᠂ ᠡᠯ᠎ᠡ ᠭᠠᠵᠠᠷ ᠤᠨ ᠬᠢᠨ ᠡᠯᠰᠡᠬᠦ ᠨᠥᠬᠦᠴᠡᠯ ᠢᠶᠠᠨ ᠵᠦᠢ ᠵᠣᠬᠢᠰᠲᠠᠢ ᠲᠣᠬᠢᠷᠠᠭᠤᠯᠵᠤ᠂ ᠬᠥᠮᠥᠨ | ᠡᠯᠰᠡᠬᠦ ᠳᠤ ᠬᠦᠴᠢᠷᠲᠡᠢ᠂ ᠬᠥᠮᠥᠨ ᠦᠯᠡᠳᠡᠭᠡᠬᠦ ᠳᠤ ᠬᠦᠴᠢᠷᠲᠡᠢ ᠪᠡᠷᠬᠡ ᠬᠠᠲᠠᠭᠤᠵᠢᠯᠲᠠᠢ ᠵᠠᠬ᠎ᠠ ᠬᠢᠵᠠᠭᠠᠷ ᠣᠷᠣᠨ ᠳᠤ | ᠲᠤᠰᠬᠠᠢ ᠮᠡᠷᠭᠡᠵᠢᠯ ᠤᠨ ᠱᠠᠭᠠᠷᠳᠠᠯᠭ᠎ᠠ ᠶᠢ ᠵᠣᠬᠢᠰᠲᠠᠢ ᠪᠠᠷ ᠠᠭᠤᠵᠢᠭᠤ ᠲᠠᠯᠪᠢᠵᠤ᠂ ᠰᠢᠯᠭᠠᠯᠲᠠ ᠡᠬᠢᠯᠡᠬᠦ ᠬᠠᠷᠢᠴᠠᠯ ᠢ | ᠪᠠᠭᠤᠷᠠᠭᠤᠯᠵᠤ ᠪᠣᠯᠣᠨ᠎ᠠ᠃ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠲᠡᠭᠦᠰᠦᠭᠰᠡᠳ ᠢ | ᠤᠷᠢᠳ ᠢᠶᠠᠷ ᠡᠯᠰᠡᠵᠦ᠂ ᠡᠮᠴᠢᠯᠡᠭᠡ ᠡᠷᠡᠭᠦᠯ ᠬᠠᠮᠠᠭᠠᠯᠠᠯ ᠢ ᠳᠡᠮᠵᠢᠬᠦ ᠠᠵᠢᠯ ᠤᠨ ᠪᠠᠶᠢᠷᠢ ᠶᠢ ᠨᠢᠭᠡᠨᠲᠡ ᠵᠢᠷᠤᠮᠵᠢᠬᠰᠠᠨ | ᠪᠣᠯᠪᠠᠰᠤᠷᠠᠯ ᠳᠤ ᠣᠷᠣᠯᠴᠠᠬᠰᠠᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠠᠴᠠ ᠲᠡᠭᠦᠰᠦᠭᠰᠡᠳ ᠲᠡᠶᠢᠰᠢ | ᠬᠡᠯᠪᠡᠶᠢᠯᠭᠡᠨ᠎ᠡ ᠭᠡᠵᠦ ᠱᠠᠭᠠᠷᠳᠠᠪᠠ᠃ | ᠰᠤᠷᠪᠤᠯᠵᠢᠯᠠᠬᠴᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ | ᠣᠶᠢᠯᠠᠭᠠᠭᠰᠠᠨ ᠢᠶᠠᠷ᠂ ᠣᠲᠣ ᠪᠤᠯᠲᠠᠯ᠎ᠠ᠂ ᠪᠦᠭᠦ ᠤᠯᠤᠰ ᠤᠨ ᠪᠠᠷᠤᠭ 10 ᠮᠤᠵᠢ ᠣᠷᠣᠨ ᠨᠢᠭᠡᠨᠲᠡ ᠨᠡᠷ᠎ᠡ ᠮᠡᠳᠡᠭᠦᠯᠵᠦ᠂ | ᠰᠢᠯᠭᠠᠯᠲᠠ ᠶᠢ ᠱᠠᠯᠠᠪᠳᠠᠨ ᠵᠣᠬᠢᠶᠠᠨ ᠪᠠᠶᠢᠭᠤᠯᠵᠤ ᠪᠠᠶᠢᠨ᠎ᠠ᠂ ᠥᠪᠥᠷ ᠮᠣᠩᠭᠤᠯ᠂ ᠾᠧᠨᠠᠨ ᠵᠡᠷᠭᠡ 8 ᠮᠤᠵᠢ ᠣᠷᠣᠨ | ᠪᠠᠰᠠ ᠣᠶᠢᠷ᠎ᠠ ᠳᠤ ᠵᠠᠯᠭᠠᠭ᠎ᠠ ᠪᠠᠷ ᠡᠯᠰᠡᠬᠦ ᠠᠯᠪᠠᠨ ᠵᠠᠷ ᠨᠡᠶᠢᠲᠡᠯᠡᠬᠦ ᠪᠠᠷ ᠪᠠᠶᠢᠨ᠎ᠠ᠃ ᠲᠣᠬᠢᠷᠠᠭᠤᠯᠤᠯᠲᠠ ᠶᠢ | ᠦᠨᠳᠦᠰᠦᠯᠡᠪᠡᠯ᠂ ᠡᠯ᠎ᠡ ᠭᠠᠵᠠᠷ ᠤᠨ ᠬᠢᠨ 8 ᠰᠠᠷ᠎ᠠ ᠶᠢᠨ ᠡᠴᠦᠰ ᠠᠴᠠ ᠡᠮᠦᠨ᠎ᠡ ᠡᠯᠰᠡᠨ ᠰᠣᠩᠭᠤᠬᠤ ᠠᠵᠢᠯ ᠢ | ᠪᠦᠭᠦᠨ ᠢ ᠳᠠᠭᠤᠰᠬᠠᠵᠤ᠂ 9 ᠰᠠᠷ᠎ᠠ ᠶᠢᠨ ᠡᠬᠢ ᠪᠠᠷ ᠰᠢᠨ᠎ᠡ ᠪᠠᠷ ᠡᠯᠰᠡᠬᠦ ᠠᠵᠢᠯᠲᠠᠨ ᠳᠤ ᠠᠵᠢᠯ ᠤᠨ ᠪᠠᠶᠢᠷᠢ ᠳᠤ | ᠭᠠᠷᠬᠤ ᠦᠢᠯᠡᠴᠢᠯᠡᠭᠡ ᠬᠠᠩᠭᠠᠬᠤ ᠪᠣᠯᠣᠨ᠎ᠠ᠃ | ᠦᠨᠳᠦᠰᠦᠨ ᠱᠠᠲᠤᠨ ᠤ ᠠᠵᠢᠯ ᠤᠨ ᠪᠠᠶᠢᠷᠢ ᠶᠢᠨ ᠬᠠᠷᠠᠭᠠᠯᠵᠠᠯ ᠪᠠ ᠪᠠᠲᠤᠯᠠᠭ᠎ᠠ ᠶᠠᠮᠠᠷ ᠵᠡᠷᠭᠡ ᠪᠤᠢ︖ | ᠡᠨᠡ ᠵᠢᠯ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠳᠤ ᠶᠠᠮᠠᠷ ᠶᠠᠮᠠᠷ ᠦᠨᠳᠦᠰᠦᠨ | ᠱᠠᠲᠤᠨ ᠤ ᠠᠵᠢᠯ ᠤᠨ ᠪᠠᠶᠢᠷᠢ ᠶᠢ ᠪᠠᠭᠲᠠᠭᠠᠬᠤ ᠪᠤᠶ︖ | ᠮᠡᠳᠡᠭᠳᠡᠯ ᠶᠣᠰᠣᠭᠠᠷ᠂ ᠡᠯ᠎ᠡ ᠭᠠᠵᠠᠷ ᠤᠨ ᠬᠢᠨ ᠦᠨᠳᠦᠰᠦᠨ ᠱᠠᠲᠤᠨ ᠤ ᠠᠵᠢᠯ ᠦᠢᠯᠡᠰ ᠤᠨ ᠬᠥᠭᠵᠢᠯᠲᠡ ᠳᠤ | ᠪᠠᠴᠢᠮ ᠱᠠᠭᠠᠷᠳᠠᠭᠳᠠᠵᠤ ᠪᠠᠶᠢᠭ᠎ᠠ ᠲᠤᠲᠠᠭᠳᠠᠵᠤ ᠪᠠᠶᠢᠭ᠎ᠠ ᠠᠵᠢᠯ ᠤᠨ ᠪᠠᠶᠢᠷᠢ ᠶᠢ ᠭᠤᠣᠯᠳᠠᠯᠭ᠎ᠠ ᠲᠠᠢ ᠨᠡᠭᠡᠭᠡᠵᠦ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠰᠠᠯᠠᠭᠴᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ | ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠡᠮᠴᠢᠯᠡᠭᠡ ᠡᠷᠡᠭᠦᠯ | ᠬᠠᠮᠠᠭᠠᠯᠠᠯ ᠵᠡᠷᠭᠡ ᠦᠢᠯᠡᠴᠢᠯᠡᠭᠡᠨ ᠤ ᠠᠵᠢᠯ ᠤᠨ ᠪᠠᠶᠢᠷᠢ ᠶᠢ ᠥᠷᠭᠡᠳᠬᠡᠨ᠎ᠡ᠃ ᠨᠢᠭᠡᠨᠲᠡ ᠨᠡᠶᠢᠲᠡᠯᠡᠭᠰᠡᠨ ᠠᠯᠪᠠᠨ | ᠵᠠᠷ ᠠᠴᠠ ᠦᠵᠡᠪᠡᠯ᠂ ᠡᠯᠰᠡᠬᠦ ᠨᠢᠭᠡᠴᠢ ᠳᠤ ᠭᠤᠣᠯᠳᠠᠭᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠡᠷᠡᠭᠦᠯ ᠬᠠᠮᠠᠭᠠᠯᠠᠯ ᠤᠨ ᠬᠤᠷᠢᠶ᠎ᠠ᠂ ᠲᠠᠷᠢᠶᠠᠯᠠᠩ ᠤᠨ ᠮᠡᠷᠭᠡᠵᠢᠯ ᠤᠨ ᠥᠷᠲᠡᠭᠡ᠂ ᠤᠰᠤᠨ ᠠᠰᠢᠭᠯᠠᠯᠲᠠ ᠶᠢᠨ ᠥᠷᠲᠡᠭᠡ᠂ | ᠳᠤᠮᠳᠠᠳᠤ ᠪᠠᠭ᠎ᠠ ᠰᠤᠷᠭᠠᠭᠤᠯᠢ ᠵᠡᠷᠭᠡ ᠪᠤᠶ᠃ | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠢ ᠡᠩ ᠤᠨ ᠪᠠᠶᠢᠳᠠᠯ ᠳᠤ ᠰᠢᠶᠠᠩ ᠪᠠᠯᠭᠠᠰᠤᠨ ᠤ | ᠦᠨᠳᠦᠰᠦᠨ ᠱᠠᠲᠤᠨ ᠤ ᠨᠢᠭᠡᠴᠢ ᠳᠤ ᠲᠣᠬᠢᠷᠠᠭᠤᠯᠤᠨ ᠦᠢᠯᠡᠴᠢᠯᠡᠭᠦᠯᠦᠨ᠎ᠡ᠃ ᠡᠯ᠎ᠡ ᠭᠠᠵᠠᠷ ᠤᠨ ᠬᠢᠨ ᠡᠭᠦᠨ ᠤ | ᠳᠣᠲᠣᠷ᠎ᠠ ᠠᠴᠠ ᠰᠢᠯᠢᠳᠡᠭ ᠢ ᠨᠢ ᠰᠣᠩᠭᠤᠨ ᠲᠠᠨᠢᠯᠴᠠᠭᠤᠯᠵᠤ ᠪᠠᠶᠢᠭᠠᠳ ᠦᠨᠳᠦᠰᠦᠨ ᠱᠠᠲᠤᠨ ᠤ ᠨᠢᠭᠡᠴᠢ ᠶᠢᠨ | ᠡᠪᠯᠡᠯ ᠤᠨ ᠬᠤᠷᠢᠶ᠎ᠠ ᠶᠢᠨ ᠳᠡᠳ᠋ ᠱᠦᠵᠢ᠂ ᠭᠤᠣᠯ ᠮᠥᠷᠡᠨ ︵ᠨᠠᠭᠤᠷ᠂ ᠣᠶ ᠰᠢᠭᠤᠢ︶ ᠤ ᠳᠠᠷᠤᠭ᠎ᠠ ᠶᠢᠨ ᠲᠤᠰᠠᠯᠠᠭᠴᠢ᠂ | ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ︵ᠭᠠᠵᠠᠷ︶ ᠶᠢᠨ ᠳᠠᠷᠤᠭ᠎ᠠ ᠶᠢᠨ ᠲᠤᠰᠠᠯᠠᠭᠴᠢ᠂ ᠣᠶ | ᠰᠢᠭᠤᠢ ᠶᠢᠨ ᠲᠠᠯᠠᠪᠠᠶ ︵ᠥᠷᠲᠡᠭᠡ︶ ᠶᠢᠨ ᠳᠠᠷᠤᠭ᠎ᠠ ᠶᠢᠨ ᠲᠤᠰᠠᠯᠠᠭᠴᠢ᠂ ᠦᠨᠳᠦᠰᠦᠨ ᠱᠠᠲᠤᠨ ᠤ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠡᠷᠭᠢᠯᠡᠭᠴᠢ ᠶᠢᠨ ᠲᠤᠰᠠᠯᠠᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠲᠡᠭᠦᠰᠦᠭᠰᠡᠳ ᠢ | ᠵᠣᠷᠢᠭᠵᠢᠭᠤᠯᠤᠨ ᠦᠨᠳᠦᠰᠦᠨ ᠱᠠᠲᠤᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ | ᠭᠤᠣᠯᠳᠠᠯᠭ᠎ᠠ ᠲᠠᠢ ᠡᠭᠦᠷᠭᠡ ᠳᠤ ᠣᠷᠣᠯᠴᠠᠭᠤᠯᠵᠤ᠂ ᠦᠨᠳᠦᠰᠦᠨ ᠱᠠᠲᠤᠨ ᠤ ᠬᠥᠭᠵᠢᠯᠲᠡ ᠶᠢᠨ ᠪᠣᠳᠠᠲᠠᠢ | ᠠᠰᠠᠭᠤᠳᠠᠯ ᠢ ᠰᠤᠳᠤᠯᠤᠨ ᠰᠢᠢᠳᠪᠦᠷᠢᠯᠡᠬᠦ ᠳᠤᠮᠳᠠ ᠳᠠᠪᠲᠠᠨ ᠪᠤᠯᠪᠠᠰᠤᠷᠠᠭᠤᠯᠵᠤ ᠬᠥᠮᠥᠵᠢᠭᠦᠯᠦᠨ᠎ᠡ᠃ | ᠮᠡᠳᠡᠭᠳᠡᠯ ᠳᠤ᠂ 2024 ᠣᠨ ᠳᠤ ᠲᠥᠪ ᠤᠨ ᠡᠳ᠋ ᠤᠨ ᠵᠠᠰᠠᠭ ᠠᠴᠠ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾ ᠠᠵᠢᠯᠲᠠᠨ ᠤ ᠲᠤᠰᠬᠠᠢ ᠪᠣᠯᠪᠠᠰᠤᠷᠠᠯ ᠥᠷᠨᠢᠭᠦᠯᠬᠦ ᠶᠢ 8000 ᠬᠥᠮᠥᠨ ᠤᠳᠠᠭ᠎ᠠ ᠳᠡᠮᠵᠢᠨ᠎ᠡ︔ | ᠡᠭᠦᠨ ᠤ ᠬᠠᠮᠲᠤ᠂ ᠡᠯ᠎ᠡ ᠭᠠᠵᠠᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠢ ᠵᠣᠬᠢᠴᠠᠩᠭᠤᠢ ᠠᠵᠢᠯ ᠲᠥᠷᠥᠯ ᠤᠨ ᠴᠢᠳᠠᠪᠤᠷᠢᠲᠠᠨ ᠤ | ᠪᠣᠯᠪᠠᠰᠤᠷᠠᠯ ᠤᠨ ᠬᠡᠪᠴᠢᠶᠡᠨ ᠳᠤ ᠣᠷᠣᠭᠤᠯᠤᠨ᠎ᠠ︔ ᠲᠡᠳᠡᠨ ᠤ ᠦᠢᠯᠡᠴᠢᠯᠡᠬᠦ ᠬᠤᠭᠤᠴᠠᠭᠠᠨ ᠳᠤ ᠠᠵᠢᠯ | ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠳᠤ ᠣᠷᠤᠯᠴᠠᠬᠤ ᠶᠢ ᠵᠣᠷᠢᠭᠵᠢᠭᠤᠯᠬᠤ ᠶᠢᠨ ᠬᠠᠮᠲᠤ ᠲᠣᠭᠲᠠᠭᠠᠯ | ᠶᠣᠰᠣᠭᠠᠷ ᠮᠡᠷᠭᠡᠵᠢᠯ ᠤᠨ ᠴᠣᠯᠠ ᠲᠣᠭᠲᠠᠭᠠᠬᠤ ᠳᠤ ᠣᠷᠣᠯᠴᠠᠵᠤ ᠪᠣᠯᠣᠨ᠎ᠠ ᠭᠡᠵᠦ ᠲᠣᠳᠣᠷᠬᠠᠶᠢᠯᠠᠪᠠ᠃ | ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ 2023 ᠣᠨ ᠳᠤ᠂ ᠪᠦᠭᠦ ᠤᠯᠤᠰ ᠲᠤ ᠨᠡᠶᠢᠲᠡ 115 | ᠲᠦᠮᠡᠨ ᠬᠥᠮᠥᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠳᠤ ᠨᠡᠷ᠎ᠡ ᠮᠡᠳᠡᠭᠦᠯᠵᠦ᠂ ᠳᠤᠮᠳᠠᠴᠢ | ᠰᠢᠯᠭᠠᠵᠤ ᠡᠯᠰᠡᠬᠦ ᠬᠠᠷᠢᠴᠠᠯ 26.3᠄ 1 ᠪᠣᠯᠪᠠ᠃ | ᠦᠨᠳᠦᠰᠦᠨ ᠱᠠᠲᠤᠨ ᠳᠤ ᠣᠴᠢᠵᠤ ᠦᠢᠯᠡᠴᠢᠯᠡᠬᠦ ᠪᠠᠲᠤᠯᠠᠭ᠎ᠠ ᠶᠠᠮᠠᠷ ᠵᠡᠷᠭᠡ ᠪᠤᠶ︖ | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠤ ᠠᠵᠢᠯ ᠠᠮᠢᠳᠤᠷᠠᠯ ᠤᠨ ᠨᠥᠬᠦᠪᠦᠷᠢ ᠶᠢᠨ | ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠰᠢᠶᠠᠩ ᠪᠠᠯᠭᠠᠰᠤᠨ ᠤ ᠪᠠᠶᠢᠭᠤᠯᠭ᠎ᠠ ᠪᠤᠶᠤ ᠠᠵᠢᠯ ᠦᠢᠯᠡᠰ ᠤᠨ | ᠨᠢᠭᠡᠴᠢ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠣᠲᠣᠷ᠎ᠠ ᠠᠴᠠ ᠰᠢᠨ᠎ᠡ ᠪᠠᠷ ᠤᠷᠢᠨ ᠬᠡᠷᠡᠭᠯᠡᠭᠰᠡᠨ | ᠬᠥᠮᠥᠰ ᠤᠨ ᠵᠢᠩᠬᠢᠨᠢᠴᠢᠯᠡᠭᠰᠡᠨ ᠤ ᠳᠠᠷᠠᠭᠠᠬᠢ ᠴᠠᠯᠢᠩ ᠤᠨ ᠲᠦᠪᠰᠢᠨ ᠢᠶᠠᠷ ᠲᠣᠭᠲᠠᠭᠠᠪᠠ᠃ ᠲᠥᠪ ᠤᠨ ᠡᠳ᠋ ᠤᠨ | ᠵᠠᠰᠠᠭ ᠠᠴᠠ ᠵᠡᠭᠦᠨ ᠬᠡᠰᠡᠭ ᠤᠨ ᠭᠠᠵᠠᠷ ᠣᠷᠣᠨ ᠤ ᠬᠥᠮᠥᠨ ᠨᠢᠭᠡᠪᠦᠷᠢ ᠳᠤ ᠵᠢᠯ ᠪᠦᠷᠢ 1.2 ᠲᠦᠮᠡᠨ ᠲᠥᠭᠦᠷᠢᠭ᠂ | ᠳᠤᠮᠳᠠ ᠬᠡᠰᠡᠭ ᠤᠨ ᠭᠠᠵᠠᠷ ᠣᠷᠣᠨ ᠤ ᠬᠥᠮᠥᠨ ᠨᠢᠭᠡᠪᠦᠷᠢ ᠳᠤ 2.4 ᠲᠦᠮᠡᠨ ᠲᠥᠭᠦᠷᠢᠭ᠂ ᠪᠠᠷᠠᠭᠤᠨ ᠬᠡᠰᠡᠭ ᠤᠨ | ᠭᠠᠵᠠᠷ ᠣᠷᠣᠨ ᠤ 3 ᠲᠦᠮᠡᠨ ᠲᠥᠭᠦᠷᠢᠭ ︵ᠲᠥᠪᠡᠳ᠂ ᠰᠢᠨᠵᠢᠶᠠᠩ ᠤᠨ ᠡᠮᠦᠨᠡᠲᠦ ᠬᠡᠰᠡᠭ ᠤᠨ ᠳᠥᠷᠪᠡᠨ ᠲᠤᠰᠬᠠᠢ | ᠣᠷᠣᠨ ᠵᠧᠦ ᠳᠤ 4 ᠲᠦᠮᠡᠨ ᠲᠥᠭᠦᠷᠢᠭ︶ ᠪᠣᠯᠣᠨ ᠨᠢᠭᠡ ᠤᠳᠠᠭ᠎ᠠ ᠶᠢᠨ ᠴᠢᠨᠠᠷᠲᠠᠢ ᠭᠡᠷ ᠪᠦᠯᠢ ᠪᠠᠨ ᠲᠥᠪᠬᠢᠨᠡᠭᠦᠯᠬᠦ | ᠰᠦᠢᠳᠬᠡᠯ ᠢᠶᠠᠷ ᠬᠥᠮᠥᠨ ᠨᠢᠭᠡᠪᠦᠷᠢ ᠳᠤ 3000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠪᠠ᠃ | 2021 ᠣᠨ ᠠᠴᠠ ᠨᠠᠭᠠᠰᠢ᠂ ᠲᠥᠪ ᠤᠨ ᠡᠳ᠋ ᠤᠨ ᠵᠠᠰᠠᠭ ᠠᠴᠠ ᠨᠡᠶᠢᠲᠡ 54 ᠳ᠋ᠦᠩᠰᠢᠭᠤᠷ ᠲᠥᠭᠦᠷᠢᠭ | ᠣᠷᠣᠭᠤᠯᠵᠤ᠂ ᠣᠷᠣᠨ ᠨᠤᠲᠤᠭ ᠤᠨ ᠡᠳ᠋ ᠤᠨ ᠵᠠᠰᠠᠭ ᠠᠴᠠ ᠢᠳᠡᠪᠬᠢᠲᠡᠢ ᠳᠡᠮᠵᠢᠵᠦ᠂ ︽ᠭᠤᠷᠪᠠ ᠶᠢ ᠳᠡᠮᠵᠢᠵᠦ | ᠨᠢᠭᠡ ᠶᠢ ᠲᠡᠳᠬᠦᠬᠦ︾ ᠬᠥᠮᠥᠰ ᠲᠤ ᠨᠥᠬᠦᠪᠦᠷᠢ ᠥᠭᠬᠦ ᠪᠠᠷᠢᠮᠵᠢᠶ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ | ᠣᠯᠠᠩᠬᠢ ᠮᠤᠵᠢ ᠣᠷᠣᠨ ᠤ ᠬᠥᠮᠥᠨ ᠳᠤᠮᠳᠠᠴᠢ ᠶᠢᠨ ᠵᠢᠯ ᠤᠨ ᠨᠥᠬᠦᠪᠦᠷᠢ ᠨᠢ 6 ᠲᠦᠮᠡᠨ ᠲᠥᠭᠦᠷᠢᠭ ᠠᠴᠠ | ᠳᠡᠭᠡᠭᠰᠢ ᠪᠣᠯᠪᠠ᠃ ᠡᠭᠦᠨ ᠠᠴᠠ ᠭᠠᠳᠠᠨ᠎ᠠ᠂ ᠦᠨᠳᠦᠰᠦᠨ ᠱᠠᠲᠤᠨ ᠤ ᠬᠥᠮᠥᠨ ᠬᠡᠷᠡᠭᠯᠡᠬᠦ ᠨᠢᠭᠡᠴᠢ ᠪᠠᠰᠠ ᠢᠳᠡᠵᠦ | ᠤᠤᠭᠤᠬᠤ ᠬᠤᠨᠣᠵᠤ ᠬᠡᠪᠲᠡᠬᠦ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠲᠥᠭᠦᠮ ᠦᠵᠡᠭᠦᠯᠪᠡ᠃ | ᠦᠢᠯᠡᠴᠢᠯᠡᠬᠦ ᠬᠤᠭᠤᠴᠠᠭ᠎ᠠ ᠨᠢ ᠳᠠᠭᠤᠰᠪᠠᠯ ᠶᠠᠮᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠠᠪᠬᠤ ᠪᠤᠶ︖ | | 2 ᠵᠢᠯ ᠤᠨ ᠦᠢᠯᠡᠴᠢᠯᠡᠭᠡᠨ ᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠶᠠᠮᠠᠷ ᠶᠠᠮᠠᠷ ᠠᠷᠭ᠎ᠠ ᠬᠡᠮᠵᠢᠶ᠎ᠡ ᠪᠠᠷ | ᠲᠡᠭᠦᠰᠬᠦ ᠰᠤᠷᠤᠬᠴᠢᠳ ᠤᠨ ᠬᠥᠭᠵᠢᠯᠲᠡ ᠶᠢ ᠳᠡᠮᠵᠢᠬᠦ ᠪᠤᠶ︖ | ᠲᠠᠨᠢᠯᠴᠠᠭᠤᠯᠤᠭᠰᠠᠨ ᠢᠶᠠᠷ᠂ ᠡᠯ᠎ᠡ ᠭᠠᠵᠠᠷ ᠤᠨ ᠮᠤᠵᠢ ᠶᠢᠨ ᠱᠠᠲᠤᠨ ᠠᠴᠠ ᠳᠣᠷᠣᠭᠰᠢᠬᠢ ᠠᠯᠪᠠᠲᠠᠨ ᠤ | ᠰᠢᠯᠭᠠᠯᠲᠠ ᠶᠢᠨ ᠰᠢᠯᠭᠠᠵᠤ ᠡᠯᠰᠡᠬᠦ ᠲᠥᠯᠥᠪᠯᠡᠭᠡ ᠶᠢᠨ 10% ᠣᠷᠴᠢᠮ ᠢ ᠭᠠᠷᠭᠠᠵᠤ᠂ ︽ᠭᠤᠷᠪᠠ ᠶᠢ ᠳᠡᠮᠵᠢᠵᠦ | ᠨᠢᠭᠡ ᠶᠢ ᠲᠡᠳᠬᠦᠬᠦ︾ ᠲᠥᠯᠥᠪᠯᠡᠭᠡ ᠵᠡᠷᠭᠡ ᠦᠨᠳᠦᠰᠦᠨ ᠱᠠᠲᠤᠨ ᠳᠤ ᠦᠢᠯᠡᠴᠢᠯᠡᠭᠰᠡᠨ ᠲᠥᠷᠥᠯ ᠵᠦᠢᠯ ᠤᠨ | ᠬᠥᠮᠥᠰ ᠢ ᠬᠠᠨᠳᠤᠯᠭ᠎ᠠ ᠲᠠᠢ ᠪᠠᠷ ᠡᠯᠰᠡᠨ᠎ᠡ᠃ ᠰᠢᠶᠠᠨ ᠰᠢᠶᠠᠩ ᠤᠨ ᠦᠨᠳᠦᠰᠦᠨ ᠱᠠᠲᠤᠨ ᠤ ᠠᠵᠢᠯ ᠦᠢᠯᠡᠰ ᠤᠨ | ᠨᠢᠭᠡᠴᠢ ᠢᠯᠡ ᠪᠠᠷ ᠠᠵᠢᠯᠲᠠᠨ ᠡᠯᠰᠡᠬᠦ ᠳᠤ᠂ ᠵᠣᠬᠢᠬᠤ ᠲᠤᠭ᠎ᠠ ᠬᠡᠮᠵᠢᠶ᠎ᠡ ᠪᠤᠶᠤ ᠬᠠᠷᠢᠴᠠᠯ ᠤᠨ ᠠᠵᠢᠯ ᠤᠨ ᠪᠠᠶᠢᠷᠢ | ᠭᠠᠷᠭᠠᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠴᠤ ᠬᠢᠨᠠᠨ | ᠰᠢᠯᠭᠠᠭᠠᠳ ᠬᠢᠷᠢ ᠲᠡᠩᠴᠡᠭᠰᠡᠨ ᠬᠥᠮᠥᠰ ᠢ ᠲᠤᠰᠬᠠᠢ ᠵᠦᠢᠯ ᠢᠶᠠᠷ ᠡᠯᠰᠡᠬᠦ ᠶᠢᠨ ᠬᠠᠮᠲᠤ᠂ ᠠᠵᠢᠯ ᠤᠨ ᠪᠣᠳᠠᠲᠤ | ᠠᠮᠵᠢᠯᠲᠠ ᠶᠢᠨ ᠰᠢᠯᠭᠠᠨ ᠪᠠᠶᠢᠴᠠᠭᠠᠬᠤ ᠳᠤᠮᠳᠠᠬᠢ ᠬᠠᠷᠢᠴᠠᠯ ᠢ ᠨᠡᠮᠡᠭᠳᠡᠭᠦᠯᠵᠦ᠂ ᠡᠯᠰᠡᠭᠰᠡᠨ ᠤ ᠳᠠᠷᠠᠭ᠎ᠠ ᠲᠤᠷᠰᠢᠨ | ᠬᠡᠷᠡᠭᠯᠡᠬᠦ ᠬᠤᠭᠤᠴᠠᠭ᠎ᠠ ᠶᠢ ᠳᠠᠭᠢᠵᠤ ᠪᠣᠯᠵᠣᠨ ᠲᠣᠭᠲᠠᠬᠤ ᠦᠭᠡᠢ᠃ ᠮᠤᠵᠢ ᠬᠤᠲᠠ ᠶᠢᠨ ᠠᠵᠢᠯ ᠦᠢᠯᠡᠰ ᠤᠨ | ᠨᠢᠭᠡᠴᠢ ᠢᠯᠡ ᠪᠠᠷ ᠠᠵᠢᠯᠲᠠᠨ ᠡᠯᠰᠡᠬᠦ ᠳᠡᠭᠡᠨ᠂ ᠠᠳᠠᠯᠢ ᠨᠥᠬᠦᠴᠡᠯ ᠤᠨ ᠳᠣᠣᠷ᠎ᠠ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠴᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ | ᠠᠵᠢᠯᠲᠠᠨ ᠢ ᠤᠷᠢᠳ ᠢᠶᠠᠷ ᠡᠯᠰᠡᠨ ᠬᠡᠷᠡᠭᠯᠡᠨ᠎ᠡ᠃ | ︽︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀ ᠬᠥᠮᠥᠰ 2 ᠵᠢᠯ ᠤᠨ ᠪᠣᠯᠪᠠᠰᠤᠷᠠᠯ ᠢᠶᠠᠷ ᠳᠡᠮᠵᠢᠨ᠂ | ᠦᠨᠳᠦᠰᠦᠨ ᠱᠠᠲᠤᠨ ᠤ ᠪᠠᠶᠢᠳᠠᠯ ᠢ ᠣᠶᠢᠯᠠᠭᠠᠵᠤ᠂ ᠵᠣᠬᠢᠬᠤ ᠬᠡᠮᠵᠢᠶᠡᠨ ᠤ ᠣᠯᠠᠨ ᠲᠦᠮᠡᠨ ᠤ ᠠᠵᠢᠯ ᠤᠨ ᠠᠷᠭ᠎ᠠ ᠶᠢ | ᠡᠵᠡᠮᠰᠢᠭᠰᠡᠨ ᠪᠣᠯᠬᠤᠷ ᠦᠨᠳᠦᠰᠦᠨ ᠱᠠᠲᠤᠨ ᠳᠤ ᠦᠯᠡᠳᠡᠪᠡᠯ ᠠᠵᠢᠯ ᠳᠠᠭᠠᠨ ᠮᠠᠰᠢ ᠲᠦᠷᠭᠡᠨ ᠵᠣᠬᠢᠴᠠᠵᠤ ᠴᠢᠳᠠᠨ᠎ᠠ᠃ | ᠪᠢᠳᠡᠨ ᠤ ᠬᠤᠭᠤᠴᠠᠭ᠎ᠠ ᠨᠢ ᠳᠠᠭᠤᠰᠤᠭᠰᠠᠨ ᠬᠥᠮᠥᠰ ᠤᠨ ᠰᠢᠯᠵᠢᠵᠦ ᠬᠥᠭᠵᠢᠬᠦ ᠶᠢ ᠠᠬᠢᠭᠤᠯᠬᠤ ᠭᠤᠣᠯ | ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯ ᠲᠡᠳᠡᠨ ᠤ ᠦᠨᠳᠦᠰᠦᠨ ᠱᠠᠲᠤᠨ ᠳᠤ ᠦᠨᠳᠦᠰᠦᠯᠡᠵᠦ ᠠᠵᠢᠯ ᠣᠯᠵᠤ | ᠦᠢᠯᠡᠰ ᠪᠣᠰᠬᠠᠬᠤ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠥᠭᠬᠦ ᠶᠢᠨ ᠲᠥᠯᠥᠭᠡ ᠶᠤᠮ᠃ 2023 | ᠣᠨ ᠤ ᠡᠴᠦᠰ ᠲᠤ᠂ ᠲᠤᠰ ᠵᠢᠯ ᠤᠨ ᠬᠤᠭᠤᠴᠠᠭ᠎ᠠ ᠨᠢ ᠳᠠᠭᠤᠰᠤᠭᠰᠠᠨ ᠬᠥᠮᠥᠰ ᠤᠨ ᠳᠣᠲᠣᠷ᠎ᠠ ᠪᠠᠷᠤᠭ 90% ᠨᠢ | ᠠᠵᠢᠯ ᠣᠯᠵᠤ᠂ ᠪᠠᠷᠤᠭ 70% ᠨᠢ ᠦᠨᠳᠦᠰᠦᠨ ᠱᠠᠲᠤᠨ ᠳᠤ ᠦᠯᠡᠳᠡᠵᠦ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠪᠠᠴᠢᠮ ᠬᠡᠷᠡᠭᠰᠡᠬᠦ ᠵᠠᠯᠠᠭᠤ ᠴᠢᠳᠠᠪᠤᠷᠢᠲᠠᠨ ᠢ ᠦᠯᠡᠳᠡᠭᠡᠵᠦ ᠥᠭᠴᠡᠢ︾ᠭᠡᠵᠦ ᠵᠠᠩ ᠸᠧᠨ ᠮᠢᠶᠣᠣ ᠬᠡᠯᠡᠪᠡ᠃ | | 2021 ᠣᠨ ᠤ ᠳᠥᠷᠪᠡᠳᠦᠭᠡᠷ ᠡᠭᠡᠯᠵᠢ ᠶᠢᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ | ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ ᠤᠯᠤᠰ ᠲᠤ ᠨᠢᠭᠡᠨᠲᠡ 12.17 ᠲᠦᠮᠡᠨ ᠲᠡᠭᠦᠰᠬᠦ | ᠰᠣᠷᠣᠬᠴᠢ ᠶᠢ ᠦᠨᠳᠦᠰᠦᠨ ᠱᠠᠲᠤᠨ ᠳᠤ ᠰᠣᠩᠭᠤᠨ ᠲᠣᠮᠢᠯᠠᠵᠤ ᠦᠢᠯᠡᠴᠢᠯᠡᠭᠦᠯᠪᠡ᠃ | ︽ᠭᠤᠷᠪᠠ ᠶᠢ ᠲᠡᠮᠵᠢᠵᠦ ᠨᠢᠭᠡ ᠶᠢ ᠲᠡᠳᠬᠦᠬᠦ︾ ᠠᠵᠢᠯᠲᠠᠨ ᠤ ᠦᠷᠭᠦᠯᠵᠢᠯᠡᠨ ᠰᠤᠷᠤᠯᠴᠠᠬᠤ ᠶᠢ ᠳᠡᠮᠵᠢᠬᠦ ᠶᠢᠨ | ᠲᠥᠯᠥᠭᠡ᠂ ᠲᠥᠷᠥ ᠶᠢᠨ ᠪᠣᠳᠣᠯᠭ᠎ᠠ ᠳᠤ 3 ᠵᠢᠯ ᠤᠨ ᠳᠣᠲᠣᠷ᠎ᠠ ᠪᠦᠭᠦ ᠤᠯᠤᠰ ᠤᠨ ᠠᠰᠫᠢᠷᠠᠨᠲ ᠡᠯᠰᠡᠬᠦ | ᠰᠢᠯᠭᠠᠯᠲᠠ ᠳᠤ ᠣᠷᠤᠯᠴᠠᠬᠤ ᠳᠤ ᠠᠩᠬᠠᠨ ᠤ ᠰᠢᠯᠭᠠᠯᠲᠠ ᠶᠢᠨ ᠶᠡᠷᠦᠩᠬᠡᠢ ᠬᠤᠪᠢ ᠳᠡᠭᠡᠷ᠎ᠡ 10 ᠬᠤᠪᠢ ᠨᠡᠮᠡᠵᠦ᠂ | ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠡᠯᠰᠡᠨ᠎ᠡ ᠭᠡᠵᠦ ᠲᠣᠭᠲᠠᠭᠠᠵᠠᠢ᠃ | ᠡᠨᠡ ᠵᠢᠯ ᠤᠨ ᠮᠡᠳᠡᠭᠳᠡᠯ ᠳᠤ ᠪᠠᠰᠠ᠂ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠬᠥᠮᠥᠰ ᠲᠤ | ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠨ ᠱᠠᠲᠤᠨ ᠤ | ᠦᠢᠯᠡᠴᠢᠯᠡᠭᠡᠨ ᠤ ᠨᠢᠭᠡᠴᠢ ᠶᠢᠨ ᠦᠯᠡᠳᠡᠭᠡᠨ ᠬᠡᠷᠡᠭᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠤᠨ | ᠦᠨᠳᠦᠰᠦᠨ ᠱᠠᠲᠤᠨ ᠳᠤ ᠦᠨᠳᠦᠰᠦᠯᠡᠨ ᠦᠰᠦᠨ ᠪᠣᠶᠢᠵᠢᠵᠤ ᠴᠢᠳᠠᠪᠤᠷᠢᠲᠠᠨ ᠪᠤᠯᠬᠤ ᠶᠢ ᠠᠬᠢᠭᠤᠯᠬᠤ ᠬᠡᠷᠡᠭᠲᠡᠢ | ᠭᠡᠵᠦ ᠲᠤᠰᠬᠠᠶᠢᠯᠠᠨ ᠴᠢᠬᠤᠯᠠᠴᠢᠯᠠᠭᠰᠠᠨ ᠪᠠᠶᠢᠨ᠎ᠠ᠃ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠨᠳᠦᠰᠦᠨ ᠱᠠᠲᠤᠨ ᠤ | ᠨᠢᠭᠡᠴᠢ ᠶᠢᠨ ᠬᠢᠨ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠬᠥᠮᠥᠰ ᠢ ᠤᠷᠢᠳ ᠢᠶᠠᠷ ᠤᠷᠢᠵᠤ | ᠡᠯᠰᠡᠬᠦ ᠶᠢ ᠵᠣᠷᠢᠭᠵᠢᠭᠤᠯᠵᠤ᠂ ᠪᠡᠶ᠎ᠡ ᠪᠠᠨ ᠳᠠᠭᠠᠭᠠᠵᠤ ᠠᠵᠢᠯ ᠣᠯᠵᠤ ᠦᠢᠯᠡᠰ ᠪᠣᠰᠬᠠᠬᠤ ᠦᠶ᠎ᠡ ᠳᠤ ᠬᠠᠨᠳᠤᠯᠭᠠᠲᠤ | ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡ᠂ ᠦᠢᠯᠡᠰ ᠪᠣᠰᠬᠠᠬᠤ ᠪᠣᠯᠪᠠᠰᠤᠷᠠᠯ ᠵᠢᠴᠢ ᠨᠡᠪᠴᠢᠭᠦᠯᠦᠯᠲᠡ | ᠵᠡᠷᠭᠡ ᠶᠢ ᠡᠳ᠋ᠯᠡᠭᠦᠯᠭᠦ ᠬᠡᠷᠡᠭᠲᠡᠢ ᠭᠡᠵᠦ ᠱᠠᠭᠠᠷᠳᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ13 ᠤ ᠴᠠᠭᠢᠯᠭᠠᠨ ᠮᠡᠳᠡᠭᠡ ᠠᠴᠠ︶ | | |