ᠶᠦᠮ ᠤᠨ ᠪᠠᠶᠢᠰᠢᠩ ᠤᠨ ᠪᠠᠯᠭᠠᠰᠤᠨ ᠤ ᠳ᠋ᠦᠩ ᠫᠧᠩ ᠽᠢ ᠲᠣᠰᠬᠤᠨ᠄ ᠭᠡᠷ ᠪᠠᠶᠢᠰᠢᠩ ᠳᠤ ᠪᠣᠷᠣᠭᠠᠨ ᠭᠤᠭᠤᠵᠢᠭᠳᠠᠵᠤ ᠣᠷᠣᠨ ᠰᠠᠭᠤᠴᠠ ᠨᠢ ᠠᠷᠠᠳ ᠤᠨ ᠵᠣᠪᠠᠭᠤᠷᠢ ᠵᠦᠳᠡᠭᠦᠷᠢ ᠶᠢ ᠵᠣᠬᠢᠴᠠᠭᠤᠯᠵᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/5/17
      5 ᠰᠠᠷ᠎ᠠ ᠶᠢᠨ  8 ᠤ ᠡᠳᠦᠷ᠂ ᠶᠦᠮ ᠤᠨ ᠪᠠᠶᠢᠰᠢᠩ ᠤᠨ ᠪᠠᠯᠭᠠᠰᠤᠨ ᠤ ᠳ᠋ᠦᠩ ᠫᠧᠩ ᠽᠢ ᠲᠣᠰᠬᠤᠨ ᠤ ᠽᠢ ᠶᠦᠨ ᠷᠦᠢ ᠹᠧᠩ ᠵᠡᠭᠦᠨ ᠬᠤᠷᠢᠶᠠᠯᠠᠯ ᠳᠤ ᠰᠠᠭᠤᠵᠤ ᠪᠠᠶᠢᠭ᠎ᠠ ᠹᠠᠨ ᠠᠪᠤᠭᠠᠢ ᠲᠤᠰ ᠨᠢᠭᠡᠴᠢ ᠶᠢᠨ ᠢᠶᠠᠨ 6 ᠳ᠋ᠤᠭᠠᠷ ᠳᠠᠪᠬᠤᠷ ᠲᠤ ᠭᠡᠷ ᠪᠠᠶᠢᠰᠢᠩ ᠳᠤ ᠪᠣᠷᠣᠭᠠᠨ ᠭᠤᠭᠤᠵᠢᠬᠤ ᠦᠵᠡᠭᠳᠡᠯ ᠣᠷᠣᠰᠢᠵᠤ ᠪᠠᠶᠢᠨ᠎ᠠ᠂ 2023 ᠣᠨ ᠳᠤ ᠰᠡᠯᠪᠢᠨ ᠵᠠᠰᠠᠭᠰᠠᠨ ᠤ ᠳᠠᠷᠠᠭ᠎ᠠ ᠮᠥᠨ ᠯᠡ ᠪᠣᠷᠣᠭᠠᠨ ᠭᠤᠭᠤᠵᠢᠵᠤ᠂ ᠠᠳᠠᠯ ᠠᠬᠤᠢ ᠶᠢᠨ ᠵᠠᠰᠠᠯᠲᠠ ᠨᠢᠭᠡᠨᠲᠡ ᠥᠩᠭᠡᠷᠡᠭᠰᠡᠨ ᠭᠡᠵᠦ ᠢᠯᠡᠷᠬᠡᠶᠢᠯᠡᠵᠡᠢ᠃ ᠹᠠᠨ ᠠᠪᠤᠭᠠᠢ ᠲᠣᠰᠬᠤᠨ ᠤ ᠠᠷᠠᠳ ᠤᠨ ᠵᠥᠪᠯᠡᠯ ᠳᠤ ᠬᠦᠰᠡᠯ ᠱᠠᠭᠠᠷᠳᠠᠯᠭ᠎ᠠ ᠳᠤᠷᠠᠳᠪᠠ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠡᠷ ᠪᠠᠶᠢᠰᠢᠩ ᠤᠨ ᠪᠣᠷᠣᠭᠠᠨ ᠭᠤᠭᠤᠵᠢᠭᠰᠠᠨ ᠠᠰᠠᠭᠤᠳᠠᠯ ᠢ ᠬᠠᠮᠵᠢᠨ ᠰᠢᠢᠳᠪᠦᠷᠢᠯᠡᠬᠦ ᠪᠣᠯᠪᠠᠤ᠃      ᠳ᠋ᠦᠩ ᠫᠧᠩ ᠽᠢ ᠲᠣᠰᠬᠤᠨ ᠤ ᠠᠵᠢᠯᠲᠠᠳ ᠬᠦᠰᠡᠯ ᠱᠠᠭᠠᠷᠳᠠᠯᠭ᠎ᠠ ᠶᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤᠨᠢ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ᠂ ᠠᠳᠠᠯ ᠠᠬᠤᠢ ᠶᠢᠨ ᠠᠵᠢᠯᠲᠠᠨ ᠢ ᠲᠣᠬᠢᠷᠠᠭᠤᠯᠤᠨ ᠬᠤᠷᠢᠶᠠᠯᠠᠯ ᠳᠤ ᠣᠴᠢᠭᠤᠯᠵᠤ ᠪᠠᠶᠢᠳᠠᠯ ᠢ ᠣᠶᠢᠯᠠᠭᠠᠭᠤᠯᠵᠤ᠂ ᠪᠣᠷᠣᠭᠠᠨ ᠭᠤᠭᠤᠵᠢᠭᠳᠠᠭᠰᠠᠨ ᠡᠷᠦᠬᠡ ᠶᠢ ᠰᠤᠷᠪᠤᠯᠵᠢᠯᠠᠨ᠂ ᠪᠣᠷᠣᠭᠠᠨ ᠭᠤᠭᠤᠵᠢᠭᠳᠠᠭᠰᠠᠨ ᠴᠡᠭ ᠢ ᠵᠢᠭᠰᠠᠭᠠᠨ ᠪᠠᠶᠢᠴᠠᠭᠠᠵᠤ᠂ ᠰᠢᠯᠲᠠᠭᠠᠨ ᠢ ᠨᠢ ᠡᠷᠢᠪᠡ᠃ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠵᠢᠯᠲᠠᠳ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠢ ᠢᠳᠡᠪᠬᠢᠲᠡᠢ ᠵᠣᠬᠢᠴᠠᠭᠤᠯᠵᠤ ᠠᠰᠠᠷ ᠤᠨ ᠣᠷᠣᠢ ᠶᠢᠨ ᠤᠰᠤ ᠰᠡᠷᠭᠡᠶᠢᠯᠡᠬᠦ ᠲᠦᠷᠬᠢᠵᠦ᠂ ᠰᠡᠯᠪᠢᠨ ᠵᠠᠰᠠᠵᠤ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠰᠢᠢᠳᠪᠦᠷᠢᠯᠡᠭᠰᠡᠨ ᠦᠷ᠎ᠡ ᠳ᠋ᠦᠩ ᠳᠤ ᠰᠡᠳᠬᠢᠯ ᠬᠠᠨᠤᠮᠵᠢᠲᠠᠶ ᠪᠠᠶᠢᠬᠤ ᠪᠠᠨ ᠢᠯᠡᠳᠬᠡᠭᠰᠡᠨ ᠪᠥᠭᠡᠳ ᠠᠵᠢᠯᠲᠠᠳ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠬᠤᠶᠢᠰᠢᠳᠠ᠂ ᠶᠦᠮ ᠤᠨ ᠪᠠᠶᠢᠰᠢᠩ ᠤᠨ ᠪᠠᠯᠭᠠᠰᠤᠨ ᠤ ᠳ᠋ᠦᠩ ᠫᠧᠩ ᠽᠢ ᠲᠣᠰᠬᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠭᠦᠢᠴᠡᠳᠬᠡᠬᠦ︾ ᠶᠢ ᠪᠠᠷᠢᠮᠲᠠᠯᠠᠵᠤ᠂ ︽ᠲᠤᠰᠴᠤ ᠠᠪᠬᠤ︾ ︽ᠭᠦᠢᠴᠡᠳᠬᠡᠬᠦ︾ ᠳᠡᠭᠡᠷ᠎ᠡ ᠬᠦᠴᠦ ᠲᠠᠯᠪᠢᠵᠤ᠂ ︽ᠬᠦᠰᠡᠯ ᠱᠠᠭᠠᠷᠳᠠᠯᠭ᠎ᠠ ᠶᠢ ᠭᠦᠢᠴᠡᠳᠬᠡᠵᠦ ᠴᠢᠳᠠᠭᠰᠠᠨ ᠦᠭᠡᠢ᠂ ᠰᠠᠭᠤᠭᠠᠯᠢ ᠠᠷᠠᠳ ᠬᠠᠨᠤᠮᠵᠢᠲᠠᠢ ᠪᠠᠶᠢᠬᠤ ᠡᠰᠡᠬᠦ︾ ᠪᠠᠷ ᠪᠠᠷᠢᠮᠵᠢᠶ᠎ᠠ ᠪᠣᠯᠭᠠᠵᠤ᠂ ᠲᠦᠷᠭᠡᠨ ᠭᠦᠢᠴᠡᠳᠬᠡᠵᠦ᠂ ᠦᠨᠡᠨᠬᠦ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠢ ᠨᠡᠩ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠢ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号