ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠤᠷᠤᠯᠴᠠᠬᠤ ᠳᠤ ᠲᠣᠬᠢᠷᠠᠮᠵᠢᠲᠠᠢ︾ ᠬᠤᠲᠠ ᠶᠢ | ᠪᠦᠲᠦᠭᠡᠨ ᠪᠠᠶᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠢᠯᠢᠳᠡᠭ ᠰᠤᠷᠭᠠᠨ ᠬᠥᠮᠦᠵᠢᠯ ᠤᠨ ᠲᠤᠬᠠᠢ ᠬᠠᠯᠠᠭᠤᠨ | ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠬᠤᠲᠣᠩ ᠠᠷᠠᠳ ᠶᠢᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠪᠠᠷ ᠰᠤᠳᠤᠯᠤᠨ ᠲᠣᠭᠲᠠᠭᠠᠯᠭᠠᠵᠤ᠂ ᠬᠤᠲᠣᠩ ᠠᠷᠠᠳ ᠶᠢᠨ ᠲᠣᠭᠤᠷᠢᠭ ᠤᠨ ᠲᠡᠮᠦᠷ | ᠵᠠᠮ ᠤᠨ ᠵᠢᠷᠭᠤᠳᠤᠭᠠᠷ ᠪᠠᠭ᠎ᠠ ᠰᠤᠷᠭᠠᠭᠤᠯᠢ ᠬᠢᠭᠡᠳ ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠤᠨ | ᠲᠡᠮᠦᠷ ᠵᠠᠮ ᠤᠨ ᠪᠠᠭ᠎ᠠ ᠰᠤᠷᠭᠠᠭᠤᠯᠢ ᠶᠢ ᠡᠮᠬᠢᠯᠡᠨ ᠨᠡᠶᠢᠯᠡᠭᠦᠯᠵᠦ᠂ ᠬᠥᠬᠡᠬᠤᠲᠠ ᠶᠢᠨ ᠠᠷᠪᠠᠨ ᠵᠢᠷᠭᠤᠳᠤᠭᠠᠷ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠪᠠᠭ᠎ᠠ ᠰᠤᠷᠭᠠᠭᠤᠯᠢ ᠶᠢᠨ ᠬᠡᠯᠲᠡᠰ ᠢ | ᠪᠠᠶᠢᠭᠤᠯᠵᠤ᠂ ᠪᠦᠯᠦᠭᠯᠡᠯ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠪᠡ᠃ ᠠᠷᠪᠠᠨ ᠵᠢᠷᠭᠤᠳᠤᠭᠠᠷ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠣᠨ ᠰᠤᠷᠭᠠᠭᠤᠯᠢ ᠡᠷᠬᠢᠯᠡᠭᠰᠡᠨ ᠲᠤᠷᠰᠢᠯᠭ᠎ᠠ ᠶᠢ ᠪᠦᠬᠦ ᠲᠠᠯ᠎ᠠ ᠪᠠᠷ | ᠳᠡᠯᠭᠡᠷᠡᠭᠦᠯᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠭᠡᠷ ᠤᠨ ᠠᠬᠠᠮᠠᠳ ᠤᠨ ᠰᠣᠩᠭᠤᠯᠲᠠ ᠪᠠᠷ ᠬᠠᠷᠢᠭᠤᠴᠠᠵᠤ᠂ ᠰᠤᠷᠤᠭᠴᠢᠳ ᠤᠨ ᠢᠷᠡᠭᠡᠳᠦᠢ ᠳᠤ | ᠬᠠᠷᠢᠭᠤᠴᠠᠨ᠎ᠠ᠃ | 2024 ᠣᠨ ᠤ 9 ᠰᠠᠷ᠎ᠠ ᠳᠤ ᠬᠥᠬᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠪᠦᠯᠦᠭᠯᠡᠯ ᠤᠨ ᠪᠠᠭ᠎ᠠ ᠰᠤᠷᠭᠠᠭᠤᠯᠢ ᠶᠢᠨ ᠬᠡᠯᠲᠡᠰ ᠤᠨ ᠨᠢᠭᠡᠳᠦᠭᠡᠷ ᠣᠨ ᠠᠴᠠ ᠡᠬᠢᠯᠡᠨ | ᠰᠣᠷᠣᠭᠴᠢ ᠡᠯᠰᠡᠵᠦ᠂ ᠬᠤᠶᠠᠷ ᠰᠤᠷᠭᠠᠭᠤᠯᠢ ᠶᠢᠨ ᠲᠣᠭᠤᠷᠢᠭ ᠲᠤ ᠨᠢᠭᠡᠳᠦᠯᠲᠡᠢ ᠬᠡᠰᠡᠭ ᠬᠤᠪᠢᠶᠠᠷᠢᠯᠠᠵᠤ᠂ | ᠨᠢᠭᠡᠳᠦᠯᠲᠡᠢ ᠰᠣᠷᠣᠭᠴᠢ ᠡᠯᠰᠡᠬᠦ ᠶᠢ ᠬᠡᠷᠡᠭᠵᠢᠭᠦᠯᠪᠡ᠃ ᠨᠢᠭᠡᠳᠦᠭᠡᠷ ᠣᠨ ᠤ ᠰᠢᠨ᠎ᠡ ᠰᠤᠷᠤᠭᠴᠢ ᠤᠤᠯ ᠤᠨ ᠪᠣᠯᠣᠳ | ᠲᠡᠮᠦᠷ ᠵᠠᠮ ᠤᠨ ᠪᠠᠭ᠎ᠠ ᠰᠤᠷᠭᠠᠭᠤᠯᠢ ᠶᠢᠨ ᠭᠠᠵᠠᠷ ᠲᠤ ᠬᠢᠴᠢᠶᠡᠯ ᠣᠷᠣᠨ᠎ᠠ᠃ 2024 ᠣᠨ ᠠᠴᠠ ᠡᠬᠢᠯᠡᠨ | ᠰᠤᠷᠭᠠᠭᠤᠯᠢ ᠳᠤ ᠣᠷᠣᠭᠰᠠᠨ ᠨᠢᠭᠡᠳᠦᠭᠡᠷ ᠣᠨ ᠤ ᠰᠢᠨ᠎ᠡ ᠰᠣᠷᠣᠭᠴᠢ ᠶᠢ ᠪᠠᠭ᠎ᠠ ᠰᠤᠷᠭᠠᠭᠤᠯᠢ ᠠᠴᠠ | ᠲᠡᠭᠦᠰᠦᠭᠰᠡᠨ ᠤ ᠳᠠᠷᠠᠭ᠎ᠠ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠰᠢᠭᠤᠳ ᠰᠤᠷᠤᠯᠴᠠᠭᠤᠯᠵᠤ᠂ ᠬᠤᠶᠠᠷ ᠰᠤᠷᠭᠠᠭᠤᠯᠢ ᠶᠢᠨ ᠲᠣᠭᠤᠷᠢᠭ ᠤᠨ ᠤᠤᠯ ᠤᠨ ᠲᠥᠷᠥ ᠶᠢᠨ | ᠪᠣᠳᠣᠯᠭ᠎ᠠ ᠪᠠᠷ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠣᠮᠢᠯᠠᠵᠤ ᠪᠣᠯᠣᠨ᠎ᠠ᠃ | ᠡᠳᠦᠭᠡ ᠬᠤᠯᠪᠣᠭᠳᠠᠯ ᠪᠦᠬᠦᠢ ᠨᠡᠷ᠎ᠡ ᠮᠡᠳᠡᠭᠦᠯᠬᠦ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠤᠷᠭᠠᠭᠤᠯᠢ ᠶᠢᠨ ᠰᠢᠨᠵᠢ ᠴᠢᠨᠠᠷ | ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠪᠠᠭ᠎ᠠ | ᠰᠤᠷᠭᠠᠭᠤᠯᠢ ᠶᠢᠨ ᠬᠡᠯᠲᠡᠰ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ᠪᠣᠯ ᠲᠣᠭᠤᠷᠢᠭ ᠤᠨ ᠬᠠᠷᠢᠶ᠎ᠠ | ᠪᠦᠬᠦᠢ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠣᠨ᠎ᠠ᠃ | ᠬᠤᠶᠠᠷ᠂ ᠰᠤᠷᠭᠠᠭᠤᠯᠢ ᠶᠢᠨ ᠬᠠᠶ᠋ᠢᠭ | ᠪᠠᠭ᠎ᠠ ᠰᠤᠷᠭᠠᠭᠤᠯᠢ ᠶᠢᠨ ᠬᠡᠯᠲᠡᠰ᠄ ᠤᠤᠯ ᠤᠨ ᠬᠤᠲᠣᠩ ᠠᠷᠠᠳ ᠤᠨ ᠲᠣᠭᠤᠷᠢᠭ ᠤᠨ ᠲᠡᠮᠦᠷ ᠵᠠᠮ ᠤᠨ | ᠵᠢᠷᠭᠤᠳᠤᠭᠠᠷ ᠪᠠᠭ᠎ᠠ ᠰᠤᠷᠭᠠᠭᠤᠯᠢ᠂ ᠤᠤᠯ ᠤᠨ ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ | ᠪᠠᠭ᠎ᠠ ᠰᠤᠷᠭᠠᠭᠤᠯᠢ | ᠠᠩᠬ᠎ᠠ ᠳᠤᠮᠳᠠᠳᠤ ᠰᠤᠷᠭᠠᠭᠤᠯᠢ ᠶᠢᠨ ᠬᠡᠰᠡᠭ᠄ ᠬᠥᠬᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠬᠡᠰᠡᠭ᠂ ᠵᠡᠭᠦᠨ ᠰᠤᠷᠭᠠᠭᠤᠯᠢ ᠶᠢᠨ ᠲᠣᠭᠤᠷᠢᠭ | ᠭᠤᠷᠪᠠ᠂ ᠰᠤᠷᠤᠭᠴᠢ ᠡᠯᠰᠡᠬᠦ ᠨᠥᠬᠦᠴᠡᠯ ᠵᠢᠴᠢ ᠪᠣᠳᠠᠲᠠᠢ ᠬᠡᠰᠡᠭ ᠬᠤᠪᠢᠶᠠᠬᠤ ᠬᠡᠪᠴᠢᠶ᠎ᠡ | 1.ᠰᠣᠷᠣᠭᠴᠢ ᠡᠯᠰᠡᠬᠦ ᠨᠥᠬᠦᠴᠡᠯ᠄ 2024 ᠣᠨ ᠤ ᠬᠡᠰᠡᠭ ᠬᠤᠪᠢᠶᠠᠭᠰᠠᠨ ᠬᠡᠪᠴᠢᠶ᠎ᠡ ᠶᠣᠰᠣᠭᠠᠷ᠂ | ᠬᠤᠲᠣᠩ ᠠᠷᠠᠳ ᠤᠨ ᠲᠣᠭᠤᠷᠢᠭ ᠤᠨ ᠬᠡᠦᠬᠡᠳ ᠤᠨ ᠴᠡᠴᠡᠷᠯᠢᠭ ᠪᠠᠭ᠎ᠠ ᠰᠤᠷᠭᠠᠭᠤᠯᠢ ᠳᠤ ᠣᠷᠣᠬᠤ ᠲᠥᠷᠥ ᠶᠢᠨ | ᠪᠣᠳᠣᠯᠭ᠎ᠠ ᠳᠤ ᠨᠡᠶᠢᠴᠡᠬᠦ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠦᠬᠦᠨ ᠢ ᠠᠢ ᠴᠢᠩ ᠴᠧᠩ App ᠪᠠᠷ | ᠳᠠᠮᠵᠢᠭᠤᠯᠤᠨ ᠮᠡᠳᠡᠭᠡ ᠵᠠᠩᠭᠢ ᠴᠤᠭᠯᠠᠭᠤᠯᠵᠤ ᠪᠣᠯᠣᠨ᠎ᠠ ︵5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ | ᠡᠳᠦᠷ︶᠃ ᠮᠡᠳᠡᠭᠡ ᠵᠠᠩᠭᠢ ᠶᠢ ᠴᠤᠭᠯᠠᠭᠤᠯᠬᠤ ᠳᠤ ᠪᠠᠲᠤᠯᠠᠭᠰᠠᠨ ᠤ ᠳᠠᠷᠠᠭ᠎ᠠ᠂ 7 ᠰᠠᠷ᠎ᠠ ᠶᠢᠨ 15 ᠤ ᠡᠳᠦᠷ ᠠᠴᠠ 7 | ᠰᠠᠷ᠎ᠠ ᠶᠢᠨ 21 ᠤ ᠡᠳᠦᠷ ᠪᠣᠯᠲᠠᠯ᠎ᠠ ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠪᠦᠯᠦᠭᠯᠡᠯ ᠤᠨ ᠡᠮᠦᠨ᠎ᠡ | ᠰᠤᠷᠭᠠᠭᠤᠯᠢ ᠶᠢᠨ ᠲᠣᠭᠤᠷᠢᠭ ︵ᠤᠤᠯ ᠤᠨ ᠪᠣᠯᠣᠳ ᠲᠡᠮᠦᠷ ᠵᠠᠮ ᠤᠨ ᠪᠠᠭ᠎ᠠ ᠰᠤᠷᠭᠠᠭᠤᠯᠢ︶ ᠳᠤ ᠬᠦᠷᠴᠦ | ᠰᠦᠯᠵᠢᠶᠡᠨ ᠭᠠᠳᠠᠨᠠᠬᠢ ᠬᠢᠨᠠᠨ ᠰᠢᠯᠭᠠᠯᠲᠠ ᠬᠢᠨ᠎ᠡ᠃ | 2.ᠬᠡᠪᠴᠢᠶ᠎ᠡ ᠬᠤᠪᠢᠶᠠᠭᠰᠠᠨ ᠬᠡᠪᠴᠢᠶ᠎ᠡ᠄ ᠵᠡᠭᠦᠨᠰᠢ ᠪᠠᠨ ᠤᠯᠢᠶᠠᠰᠤᠨ ᠭᠤᠣᠯ᠂ ᠪᠠᠷᠠᠭᠤᠨᠰᠢ ᠪᠠᠨ ᠪᠠᠶᠠᠨᠨᠠᠭᠤᠷ | ᠲᠦᠷᠭᠡᠨ ᠵᠠᠮ᠂ ᠡᠮᠦᠨᠡᠰᠢ ᠰᠢᠨᠬᠤᠸᠠ ᠪᠠᠷᠠᠭᠤᠨ ᠵᠡᠭᠡᠯᠢ᠂ ᠬᠤᠶᠢᠰᠢ ᠪᠠᠨ ᠲᠡᠮᠦᠷ ᠵᠠᠮ ᠰᠤᠭᠤᠮ ᠬᠦᠷᠦᠨ᠎ᠡ᠃ | ᠳᠥᠷᠪᠡ᠂ ᠰᠤᠷᠤᠭᠴᠢ ᠡᠯᠰᠡᠬᠦ ᠲᠥᠯᠥᠪᠯᠡᠭᠡ | ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ 4 ᠠᠩᠭᠢ ᠡᠯᠰᠡᠵᠦ᠂ ᠠᠩᠭᠢ ᠪᠦᠷᠢ ᠳᠤ 40 ᠬᠥᠮᠥᠨ | ᠡᠯᠰᠡᠵᠡᠢ | ᠲᠠᠪᠤ᠂ ᠰᠤᠷᠤᠭᠴᠢ ᠡᠯᠰᠡᠬᠦ ᠯᠠᠪᠯᠠᠯᠭ᠎ᠠ ᠶᠢᠨ ᠳ᠋ᠢᠶᠠᠩᠬᠤᠸᠠ | ᠶᠠᠩ ᠪᠠᠭᠰᠢ᠄ 18947138166 | ᠵᠠᠩ ᠪᠠᠭᠰᠢ᠄ 15947211878 | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 13354893937 | | | | ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ | 2024 ᠣᠨ ᠤ 5 ᠰᠠᠷ᠎ᠠ ᠶᠢᠨ 15 ᠤ ᠡᠳᠦᠷ | | | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |