ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/5/20
      ︽ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠬᠡᠮ ᠤᠨ ᠳᠦᠷᠢᠮ︾᠂ ︽ᠰᠤᠷᠭᠠᠨ ᠬᠥᠮᠦᠵᠢᠯ ᠤᠨ ᠶᠠᠮᠤᠨ ᠤ ︿ᠪᠠᠭᠰᠢ ᠶᠢᠨ ᠬᠢᠷᠢ ᠬᠡᠮ ᠤᠨ ᠳᠦᠷᠢᠮ﹀ ᠢ ᠲᠤᠭᠤᠰᠢᠯᠠᠭᠤᠯᠬᠤ ᠬᠡᠷᠡᠭᠵᠢᠭᠦᠯᠬᠦ ᠠᠷᠭ᠎ᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠨᠠᠯ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠪᠠᠭᠰᠢ ᠶᠢᠨ ᠵᠠᠬᠢᠳᠠᠯ ﹇2024﹈ 64 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠮᠠᠭᠠᠳᠯᠠᠨ ᠲᠣᠭᠲᠠᠭᠠᠭᠰᠠᠨ ᠬᠥᠮᠥᠰ ᠤᠨ ᠬᠡᠪᠴᠢᠶ᠎ᠡ      ︵ᠨᠢᠭᠡ︶ ᠡᠷᠦᠬᠡ ᠠᠮᠠ ᠶᠢᠨ ᠳᠠᠩᠰᠠ ᠨᠢ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠦᠷᠢᠶᠡᠨ ᠳᠤ ᠪᠠᠶᠢᠭ᠎ᠠ ᠬᠥᠮᠥᠨ᠃      ︵ᠬᠤᠶᠠᠷ︶ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠦᠨᠡᠮᠯᠡᠯ ᠲᠠᠢ ᠪᠥᠭᠡᠳ ᠬᠦᠴᠦᠨ ᠪᠦᠬᠦᠢ ᠬᠤᠭᠤᠴᠠᠭᠠᠨ ᠳᠤ ᠪᠠᠶᠢᠭ᠎ᠠ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠳᠠᠩᠰᠠ ᠪᠦᠬᠦᠢ ᠬᠥᠮᠥᠰ᠃ ︵ᠲᠠᠶᠢᠯᠪᠤᠷᠢ᠄ ᠲᠦᠷ ᠣᠷᠣᠰᠢᠨ ᠰᠠᠭᠤᠬᠤ ᠦᠨᠡᠮᠯᠡᠯ᠂ ᠲᠦᠷ ᠰᠠᠭᠤᠬᠤ ᠦᠨᠡᠮᠯᠡᠯ᠂ ᠣᠷᠣᠰᠢᠨ ᠰᠠᠭᠤᠬᠤ ᠦᠨᠡᠮᠯᠡᠯ ᠵᠡᠷᠭᠡ ᠴᠥᠮ ᠬᠦᠴᠦᠨ ᠪᠦᠬᠦᠢ ᠬᠤᠭᠤᠴᠠᠭᠠᠨ ᠳᠤ ᠣᠷᠣᠰᠢᠨ ᠰᠠᠭᠤᠬᠤ ᠦᠨᠡᠮᠯᠡᠯ ᠲᠠᠢ ᠲᠡᠩᠴᠡᠬᠦ ᠦᠭᠡᠢ᠂ ᠣᠷᠣᠯᠠᠨ ᠬᠡᠷᠡᠭᠯᠡᠵᠦ ᠪᠣᠯᠬᠤ ᠦᠭᠡᠢ᠃︶      ︵ᠭᠤᠷᠪᠠ︶ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠠᠷᠢᠶ᠎ᠠ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ᠂ ᠲᠤᠰᠬᠠᠢ ᠮᠡᠷᠭᠡᠵᠢᠯ ᠤᠨ ᠠᠩᠭᠢ ᠶᠢᠨ ᠲᠤᠰ ᠬᠤᠭᠤᠴᠠᠭᠠᠨ ᠤ ᠲᠡᠭᠦᠰᠦᠭᠰᠡᠳ᠂ ᠰᠤᠷᠤᠯᠴᠠᠵᠤ ᠪᠠᠶᠢᠭ᠎ᠠ ᠠᠰᠫᠢᠷᠠᠨᠲ ︵ᠡᠭᠦᠨ ᠳᠤ ᠲᠤᠰᠬᠠᠢ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠰᠤᠷᠤᠭᠴᠢ ᠪᠠ ᠰᠤᠷᠤᠯᠴᠠᠵᠤ ᠪᠠᠶᠢᠭ᠎ᠠ ᠠᠰᠫᠢᠷᠠᠨᠲ ᠨᠢ ᠵᠥᠪᠬᠡᠨ ᠨᠢᠭᠡᠨᠲᠡ ᠣᠯᠣᠭᠰᠠᠨ ᠰᠤᠷᠤᠯᠭ᠎ᠠ ᠶᠢᠨ ᠨᠠᠮᠲᠠᠷ ᠢᠶᠠᠷ ᠦᠨᠡᠮᠰᠢᠬᠦ ᠳᠤ ᠣᠷᠣᠯᠴᠠᠵᠤ ᠪᠣᠯᠣᠨ᠎ᠠ᠃︶      ︵ᠳᠥᠷᠪᠡ︶ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠦᠴᠦᠨ ᠲᠠᠢ ᠬᠤᠭᠤᠴᠠᠭᠠᠨ ᠳᠤ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠪᠤᠶᠤ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ ᠭᠠᠵᠠᠷ ᠲᠤ ᠣᠴᠢᠵᠤ ᠨᠡᠪᠲᠡᠷᠡᠬᠦ ᠦᠨᠡᠮᠯᠡᠯ ᠲᠠᠢ ᠪᠤᠶᠤ 5 ᠵᠢᠯ ᠤᠨ ᠬᠦᠴᠦᠨ ᠲᠠᠢ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠳᠤ ᠣᠴᠢᠵᠤ ᠨᠡᠪᠲᠡᠷᠡᠬᠦ ᠦᠨᠡᠮᠯᠡᠯ ᠲᠠᠢ ᠰᠢᠶᠠᠩᠭᠠᠩ ᠣᠣᠮᠧᠨ ᠲᠠᠶᠢᠸᠠᠨ ᠤ ᠬᠥᠮᠥᠰ᠃      ︵ᠲᠠᠪᠤ︶ ᠬᠥᠬᠡᠬᠤᠲᠠ ᠶᠢᠨ ᠬᠤᠲᠣᠩ ᠠᠷᠠᠳ ᠤᠨ ᠲᠤᠭᠤᠷᠢᠭ ᠲᠤ ᠳᠡᠭᠦᠷᠭᠡ ᠳᠤ ᠰᠠᠭᠤᠭ᠎ᠠ ᠴᠡᠷᠢᠭ ᠠᠩᠭᠢ ᠶᠢᠨ ᠠᠯᠪᠠᠨ ᠴᠡᠷᠢᠭ ᠪᠣᠯᠣᠨ ᠵᠡᠪᠰᠡᠭᠲᠦ ᠴᠠᠭᠳᠠᠭ᠎ᠠ᠃      ᠬᠤᠶᠠᠷ᠂ ᠮᠠᠭᠠᠳᠯᠠᠨ ᠲᠣᠭᠲᠠᠭᠠᠬᠤ ᠬᠢᠷᠢ ᠬᠡᠮ ᠤᠨ ᠲᠦᠷᠦᠯ ᠵᠦᠢᠯ      ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠦᠬᠡᠳ ᠦᠨ ᠴᠡᠴᠡᠷᠯᠢᠭ ᠤᠨ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠨ᠎ᠠ᠃      ᠭᠤᠷᠪᠠ᠂ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ      ᠪᠠᠭᠰᠢ ᠶᠢᠨ ᠬᠢᠷᠢ ᠭᠡᠮ ᠢ ᠦᠨᠡᠮᠰᠢᠬᠦ ᠪᠠᠷ ᠭᠤᠶᠤᠴᠢᠯᠠᠭᠰᠠᠨ ᠬᠥᠮᠥᠰ ᠨᠢ ︽ᠪᠠᠭᠰᠢ ᠶᠢᠨ ᠬᠢᠷᠢ ᠭᠡᠮ ᠤᠨ ᠳᠦᠷᠢᠮ︾ ᠳᠤ ᠲᠣᠭᠲᠠᠭᠠᠭᠰᠠᠨ ᠳᠣᠣᠷᠠᠬᠢ ᠮᠡᠲᠦ ᠦᠨᠡᠮᠰᠢᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠡᠳᠦᠶ ᠪᠠᠶᠢᠬᠤ ᠬᠡᠷᠡᠭᠲᠡᠢ᠃      ︵ᠨᠢᠭᠡ︶ ᠦᠵᠡᠯ ᠰᠬᠠᠭ᠎ᠠ ᠶᠣᠰᠣ ᠮᠣᠷᠠᠯ ᠤᠨ ᠨᠥᠬᠦᠴᠡᠯ      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠡᠬᠡ ᠤᠯᠤᠰ ᠢᠶᠠᠨ ᠬᠠᠶᠢᠷᠠᠯᠠᠵᠤ᠂ ᠨᠠᠮ ᠤᠨ ᠦᠨᠳᠦᠰᠦᠨ ᠱᠤᠭᠤᠮ ᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠲᠣᠭᠲᠠᠭᠠᠯ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠬᠡᠪ ᠴᠢᠨᠠᠷ ᠪᠠ ᠶᠣᠰᠣ ᠮᠣᠷᠠᠯ ᠵᠠᠩ ᠴᠢᠨᠠᠷ ᠲᠠᠢ ᠪᠠᠶᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠵᠤ᠂ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠵᠤ᠂ ︽ᠪᠠᠭᠰᠢ ᠶᠢᠨ ᠬᠠᠤᠯᠢ︾ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠵᠦ᠂ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠢ ᠵᠢᠷᠤᠮᠯᠠᠨ ᠰᠠᠬᠢᠬᠤ ᠬᠡᠷᠡᠭᠲᠡᠢ᠃      ︵ᠬᠤᠶᠠᠷ︶ ᠰᠤᠷᠤᠯᠭ᠎ᠠ ᠶᠢᠨ ᠨᠠᠮᠲᠠᠷ ᠤᠨ ᠨᠥᠬᠦᠴᠡᠯ      ︽ᠰᠤᠷᠭᠠᠨ ᠬᠥᠮᠦᠵᠢᠯ ᠤᠨ ᠶᠠᠮᠤᠨ ᠤ ᠢ ᠲᠤᠭᠤᠰᠢᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︵ᠥᠪᠥᠷ ᠰᠤᠷᠭᠠᠨ ᠲᠠᠷᠬᠠᠭᠠᠭᠰᠠᠨ [2002] 64 ᠳ᠋ᠦ᠋ᠭᠡᠷ ᠲᠣᠭᠠᠲᠤ︶ ᠶᠢᠨ ᠶᠣᠰᠣᠭᠠᠷ ᠵᠣᠬᠢᠴᠠᠩᠭᠤᠢ ᠰᠤᠷᠤᠯᠴᠠᠭᠰᠠᠨ ᠨᠠᠮᠲᠠᠷ ᠢ ᠬᠡᠷᠡᠭᠵᠢᠭᠦᠯᠬᠦ ᠬᠡᠷᠡᠭᠲᠡᠢ᠃      ︵ᠭᠤᠷᠪᠠ︶ ᠰᠢᠯᠭᠠᠯᠲᠠ ᠶᠢᠨ ᠬᠤᠯᠪᠣᠭᠳᠠᠬᠤ ᠨᠥᠬᠦᠴᠡᠯ      1.2020 ᠣᠨ ᠪᠠ ᠥᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠪᠠᠭᠰᠢ ᠶᠢᠨ ᠰᠤᠷᠭᠠᠭᠤᠯᠢ ᠶᠢᠨ ᠪᠠᠭᠰᠢ ᠶᠢᠨ ᠲᠤᠰᠬᠠᠢ ᠮᠡᠷᠭᠡᠵᠢᠯ ᠲᠡᠭᠦᠰᠦᠭᠰᠡᠨ ᠰᠤᠷᠤᠭᠴᠢ ᠶᠢ ᠲᠡᠭᠦᠰᠦᠭᠰᠡᠨ ᠪᠥᠭᠡᠳ ᠠᠩᠬ᠎ᠠ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠵᠤ ᠪᠠᠶᠢᠪᠠ᠃      2.ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠪᠠᠷ ᠳᠠᠮᠵᠢᠵᠤ᠂ ᠪᠢᠷ ᠤᠨ ᠰᠢᠯᠭᠠᠯᠲᠠ᠂ ᠨᠢᠭᠤᠷᠲᠠᠨ ᠰᠢᠯᠭᠠᠬᠤ ᠳᠤ ᠴᠥᠮ ᠬᠢᠷᠢ ᠲᠡᠩᠴᠡᠵᠦ᠂ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠠᠴᠠ ᠨᠡᠶᠢᠲᠡᠯᠡᠭᠰᠡᠨ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ︾ ᠶᠢ ᠣᠯᠣᠭᠰᠠᠨ ᠪᠥᠭᠡᠳ ᠬᠦᠴᠦᠨ ᠲᠠᠢ ᠬᠤᠭᠤᠴᠠᠭᠠᠨ ᠳᠤ ᠪᠠᠶᠢᠯᠭᠠᠨ᠎ᠠ᠃      3.ᠰᠤᠷᠭᠠᠨ ᠬᠥᠮᠦᠵᠢᠯ ᠤᠨ ᠲᠥᠷᠥᠯ ᠤᠨ ᠠᠰᠫᠢᠷᠠᠨᠲ ᠪᠣᠯᠣᠨ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠰᠢᠯᠭᠠᠭᠤᠯᠬᠤ ᠦᠭᠡᠢ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠥᠭᠡᠷᠡᠴᠢᠯᠡᠯᠲᠡ ᠶᠢ ᠦᠨᠡᠮᠰᠢᠬᠦ ᠲᠣᠭᠲᠠᠭᠠᠯ ᠢ ᠦᠨᠳᠦᠰᠦᠯᠡᠨ᠂ ᠰᠢᠯᠭᠠᠭᠤᠯᠬᠤ ᠦᠭᠡᠢ ᠪᠠᠷ ᠦᠨᠡᠮᠰᠢᠭᠦᠯᠬᠦ ᠬᠡᠪᠴᠢᠶᠡᠨ ᠳᠤ ᠬᠠᠷᠢᠶᠠᠯᠠᠭᠳᠠᠬᠤ ᠶᠢᠨ ᠬᠠᠮᠲᠤ ︽ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠪᠠᠭᠰᠢ ᠶᠢᠨ ᠡᠷᠬᠢᠯᠡᠭᠰᠡᠨ ᠠᠵᠢᠯ ᠤᠨ ᠴᠢᠳᠠᠪᠤᠷᠢ ᠶᠢᠨ ᠦᠨᠡᠮᠯᠡᠯ︾ ᠣᠯᠣᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠣᠲᠣᠷ᠎ᠠ᠃      ︵ᠳᠥᠷᠪᠡ︶ ᠨᠡᠶᠢᠲᠡᠯᠢᠭ ᠬᠡᠯᠡ ᠶᠢᠨ ᠬᠢᠷᠢ ᠲᠦᠪᠰᠢᠨ      ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ᠶᠢᠨ ᠠᠷᠪᠠ ᠶᠢᠰᠦᠳᠦᠭᠡᠷ ᠵᠦᠢᠯ ᠤᠨ ︵ᠬᠤᠶᠠᠷ︶ ᠳ᠋ᠤᠭᠠᠷ ᠵᠤᠷᠪᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ︵ᠲᠠᠪᠤ︶ ᠪᠡᠶ᠎ᠡ ᠮᠠᠬᠠᠪᠤᠳ ᠤᠨ ᠨᠥᠬᠦᠴᠡᠯ      ᠪᠡᠶ᠎ᠡ ᠮᠠᠬᠠᠪᠤᠳ ᠤᠨ ᠬᠡᠪ ᠴᠢᠨᠠᠷ ᠪᠠ ᠰᠡᠳᠬᠢᠴᠡ ᠶᠢᠨ ᠬᠡᠪ ᠴᠢᠨᠠᠷ ᠢᠶᠠᠷ ᠰᠠᠶᠢᠨ ᠪᠠᠶᠢᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠬᠡᠷᠡᠭᠴᠡᠭᠡ ᠳᠤ ᠵᠣᠬᠢᠴᠠᠭᠤᠯᠤᠨ᠎ᠠ᠃ ᠬᠠᠯᠳᠠᠪᠤᠷᠢᠯᠠᠬᠤ ᠴᠢᠨᠠᠷᠲᠠᠢ ᠡᠪᠡᠳᠴᠢᠨ ᠦᠭᠡᠢ᠂ ᠰᠣᠯᠢᠶ᠎ᠠ ᠡᠪᠡᠳᠴᠢᠨ ᠤ ᠲᠡᠦᠬᠡ ᠦᠭᠡᠢ ᠪᠣᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠬᠢᠷᠢ ᠭᠡᠮ ᠤᠨ ᠬᠥᠮᠥᠰ ᠤᠨ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠵᠢᠴᠢ ᠠᠷᠭ᠎ᠠ︾᠂ ︽ᠬᠡᠦᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠭᠡᠮ ᠢ ᠦᠨᠡᠮᠰᠢᠬᠦ ᠪᠠᠷ ᠭᠤᠶᠤᠴᠢᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠮᠡᠳᠡᠭᠳᠡᠯ︾ ᠶᠣᠰᠣᠭᠠᠷ᠂ ᠪᠠᠭᠰᠢ ᠶᠢᠨ ᠬᠢᠷᠢ ᠭᠡᠮ ᠢ ᠦᠨᠡᠮᠰᠢᠬᠦ ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃      ︵ᠵᠢᠷᠭᠤᠭ᠎ᠠ︶ ᠪᠠᠭᠰᠢᠯᠠᠬᠤ ᠰᠢᠨᠵᠢᠯᠡᠭᠡᠨ ᠤ ᠰᠠᠯᠠᠭ᠎ᠠ᠂ ᠪᠠᠭᠰᠢᠯᠠᠬᠤ ᠤᠬᠠᠭᠠᠨ ᠤ ᠬᠡᠰᠡᠭ      1.︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ︾ ᠪᠤᠶᠤ ︽ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ︾ ᠲᠠᠢ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠪᠠᠯ᠂ ᠪᠠᠭᠰᠢᠯᠠᠬᠤ ᠰᠢᠨᠵᠢᠯᠡᠭᠡ᠂ ᠪᠠᠭᠰᠢᠯᠠᠬᠤ ᠰᠤᠷᠤᠯᠭ᠎ᠠ ᠶᠢᠨ ᠱᠠᠲᠤ ᠨᠢ ᠡᠷᠬᠡᠪᠰᠢ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ︾ ᠪᠤᠶᠤ ︽ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ︾ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃      2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ 2020 ᠤᠨ ᠵᠢᠴᠢ ᠥᠩᠭᠡᠷᠡᠭᠰᠡᠨ ᠳᠤ ᠪᠠᠭᠰᠢ ᠶᠢᠨ ᠮᠡᠷᠭᠡᠵᠢᠯ ᠤᠨ ᠲᠤᠰᠬᠠᠢ ᠮᠡᠷᠭᠡᠵᠢᠯ ᠠᠴᠠ ᠲᠡᠭᠦᠰᠦᠭᠰᠡᠳ ︵ᠠᠩᠬ᠎ᠠ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ︶ ᠤᠨ ᠪᠠᠭᠰᠢᠯᠠᠬᠤ ᠰᠢᠨᠵᠢᠯᠡᠭᠡᠨ ᠤ ᠰᠠᠯᠠᠭ᠎ᠠ ᠨᠢ ᠡᠷᠬᠡᠪᠰᠢ ᠰᠤᠷᠤᠯᠴᠠᠵᠤ ᠪᠠᠶᠢᠭ᠎ᠠ ᠪᠠᠭᠰᠢ ᠶᠢᠨ ᠲᠤᠰᠬᠠᠢ ᠮᠡᠷᠭᠡᠵᠢᠯ ᠯᠦᠭᠡ ᠲᠣᠬᠢᠷᠠᠯᠴᠠᠵᠤ᠂ ᠪᠠᠭᠰᠢᠯᠠᠬᠤ ᠱᠠᠲᠤ ᠨᠢ ᠡᠷᠬᠡᠪᠰᠢ ︽ᠰᠤᠷᠭᠠᠨ ᠬᠥᠮᠦᠵᠢᠯ ᠤᠨ ᠶᠠᠮᠤᠨ ᠤ ︿ᠪᠠᠭᠰᠢ ᠶᠢᠨ ᠬᠢᠷᠢ ᠬᠡᠮ ᠤᠨ ᠳᠦᠷᠢᠮ﹀ ᠢ ᠲᠤᠭᠤᠰᠢᠯᠠᠭᠤᠯᠬᠤ ᠲᠤᠬᠠᠢ ᠬᠡᠷᠡᠭᠵᠢᠭᠦᠯᠬᠦ ᠠᠷᠭ᠎ᠠ︾ ︵ᠥᠪᠥᠷ ᠰᠤᠷᠭᠠᠨ ᠲᠠᠷᠬᠠᠭᠠᠭᠰᠠᠨ﹇2002﹈ 64 ᠳ᠋ᠦ᠋ᠭᠡᠷ ᠲᠣᠭᠠᠲᠤ︶ ᠤᠨ ᠳᠤᠮᠳᠠ ᠡᠯ᠎ᠡ ᠰᠤᠷᠤᠯᠭ᠎ᠠ ᠶᠢᠨ ᠱᠠᠲᠤᠨ ᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠳᠥᠷᠪᠡ᠂ ᠮᠠᠭᠠᠳᠯᠠᠨ ᠲᠣᠭᠲᠠᠭᠠᠬᠤ ᠴᠤᠪᠤᠷᠠᠯ ᠵᠢᠴᠢ ᠴᠠᠭ ᠤᠨ ᠲᠣᠬᠢᠷᠠᠭᠤᠯᠤᠯᠲᠠ      ︵ᠨᠢᠭᠡ︶ ᠰᠦᠯᠵᠢᠶ᠎ᠡ ᠪᠠᠷ ᠮᠡᠳᠡᠭᠦᠯᠬᠦ      ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 2024 ᠣᠨ ᠤ 6 ᠰᠠᠷ᠎ᠠ ᠶᠢᠨ 3 ᠤ ᠡᠳᠦᠷ ᠤᠨ 9᠄ 00 ᠠᠴᠠ 6 ᠰᠠᠷ᠎ᠠ ᠶᠢᠨ 17 ᠤ ᠡᠳᠦᠷ ᠤᠨ 17᠄ 00 ᠪᠣᠯᠲᠠᠯ᠎ᠠ᠂ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠤᠭᠤᠴᠠᠭᠠᠨ ᠳᠤ ︽ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠡ︾ ᠳᠤ ᠭᠠᠷᠴᠤ ᠨᠡᠷ᠎ᠡ ᠮᠡᠳᠡᠭᠦᠯᠵᠦ ᠪᠣᠯᠣᠨ᠎ᠠ᠃ ᠭᠤᠶᠤᠴᠢᠯᠠᠭᠴᠢ ᠠᠴᠠ ᠰᠦᠯᠵᠢᠶᠡᠨ ᠤ ᠲᠦᠷᠦᠭᠦᠤ ᠨᠢᠭᠤᠷ ᠲᠤ ︽ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ︾—︽ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ︾—︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠲᠣᠳᠣᠯᠠᠵᠤ᠂ ᠬᠤᠪᠢ ᠬᠥᠮᠥᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃      ᠭᠤᠶᠤᠴᠢᠯᠠᠭᠴᠢ ᠶᠢᠨ ᠳᠠᠩᠰᠠᠨ ᠨᠣᠮᠧᠷ ᠳᠠᠩᠰᠠᠯᠠᠭᠤᠯᠬᠤ ᠪᠠ ᠮᠡᠳᠡᠭᠦᠯᠦᠭᠰᠡᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠤ᠂ ︽ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠳᠤ ᠭᠤᠶᠤᠴᠢᠯᠠᠭᠴᠢ ᠶᠢᠨ ᠭᠠᠷ ᠳᠡᠪᠲᠡᠷ︾ ︵︽ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠡ︾—︽ᠠᠰᠠᠭᠤᠨ ᠯᠠᠪᠯᠠᠬᠤ ᠦᠢᠯᠡᠴᠢᠯᠡᠭᠡ︾—︽ᠠᠵᠢᠯᠯᠠᠭᠠᠨ ᠤ ᠭᠠᠷ ᠳᠡᠪᠲᠡᠷ︾ ᠪᠤᠯᠤᠩ ᠳᠤ ᠣᠷᠣᠵᠤ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︶ ᠪᠠᠷ ᠯᠠᠪᠯᠠᠯᠲᠠ ᠪᠣᠯᠭᠠᠵᠤ ᠯᠠᠪᠯᠠᠭᠠᠷᠠᠢ᠃      ᠭᠤᠶᠤᠴᠢᠯᠠᠭᠴᠢ ᠠᠴᠠ ᠦᠨᠡᠮᠰᠢᠬᠦ ᠪᠠᠶᠢᠭᠤᠯᠤᠮᠵᠢ ᠶᠢ ᠰᠣᠩᠭᠤᠬᠤ ᠬᠤᠯᠪᠣᠭᠳᠠᠯ ᠪᠦᠬᠦᠢ ᠱᠠᠭᠠᠷᠳᠠᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠲᠤᠰ ᠵᠢᠯ ᠤᠨ ᠲᠡᠭᠦᠰᠬᠦ ᠰᠤᠷᠤᠭᠴᠢ᠂ ᠰᠤᠷᠤᠯᠴᠠᠵᠤ ᠪᠠᠶᠢᠭ᠎ᠠ ᠲᠤᠰᠬᠠᠢ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠰᠤᠷᠤᠭᠴᠢ ᠪᠣᠯᠣᠨ ᠰᠤᠷᠤᠯᠴᠠᠵᠤ ᠪᠠᠶᠢᠭ᠎ᠠ ᠠᠰᠫᠢᠷᠠᠨᠲ ᠤᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠪᠠᠶᠢᠭ᠎ᠠ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠦᠨᠡᠮᠰᠢᠭᠦᠯᠦᠨ᠎ᠡ᠂ ᠪᠤᠰᠤᠳ ᠠᠵᠢᠯᠲᠠᠨ ᠢ ᠡᠷᠦᠬᠡ ᠠᠮᠠ ᠶᠢᠨ ᠪᠠᠶᠢᠭ᠎ᠠ ᠭᠠᠵᠠᠷ᠂ ᠣᠷᠣᠰᠢᠨ ᠰᠠᠭᠤᠭ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠦᠨᠡᠮᠰᠢᠨ᠎ᠡ᠃      ᠣᠨᠴᠠᠭᠠᠶᠢᠯᠠᠨ ᠰᠠᠨᠠᠭᠤᠯᠬᠤ ᠨᠢ᠄ ᠭᠤᠶᠤᠴᠢᠯᠠᠭᠴᠢ ᠠᠴᠠ ᠵᠢᠩᠬᠢᠨᠢ ᠨᠡᠷ᠎ᠡ ᠮᠡᠳᠡᠭᠦᠯᠬᠦ ᠶᠠᠪᠤᠴᠠ ᠳᠠᠬᠢ ︽ᠭᠤᠶᠤᠴᠢᠯᠠᠨ ᠮᠡᠳᠡᠭᠦᠯᠵᠦ ᠰᠠᠨᠠᠭᠤᠯᠬᠤ︾ ᠠᠯᠬᠤᠮ ᠳᠠᠷᠠᠭ᠎ᠠ ᠳᠤ ᠰᠣᠩᠭᠤᠭᠰᠠᠨ ᠦᠨᠡᠮᠰᠢᠭᠰᠡᠨ ᠪᠠᠶᠢᠭᠤᠯᠤᠮᠵᠢ ᠶᠢᠨ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠴᠢᠳᠠᠮᠵᠢ ᠶᠢ ᠨᠠᠷᠢᠨ ᠨᠢᠮᠪᠠᠢ ᠪᠠᠶᠢᠴᠠᠭᠠᠨ ᠦᠵᠡᠬᠦ ᠬᠡᠷᠡᠭᠲᠡᠢ᠃ ᠬᠤᠲᠣᠩ ᠠᠷᠠᠳ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ︽ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠶᠢ ᠨᠡᠭᠡᠭᠡᠭᠰᠡᠨ ᠦᠭᠡᠢ᠂ ᠭᠤᠶᠤᠴᠢᠯᠠᠭᠴᠢ ᠡᠷᠬᠡᠪᠰᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠲᠤᠬᠠᠢ ᠶᠢᠨ ᠲᠠᠯᠠᠪᠠᠢ ᠳᠤ ᠬᠦᠷᠴᠦ ᠬᠢᠨᠠᠨ ᠬᠠᠷᠭᠤᠭᠤᠯᠵᠤ ᠨᠤᠲᠠᠯᠠᠬᠤ ᠬᠡᠷᠡᠭᠲᠡᠢ᠃      ︵ᠬᠤᠶᠠᠷ︶ ᠲᠤᠬᠠᠢ ᠶᠢᠨ ᠭᠠᠵᠠᠷ ᠲᠠᠬᠢ ᠯᠠᠪᠳᠠᠭᠤᠯᠤᠯ      1.ᠲᠤᠬᠠᠢ ᠶᠢᠨ ᠭᠠᠵᠠᠷ ᠤᠨ ᠬᠢᠨᠠᠨ ᠬᠠᠷᠭᠤᠭᠤᠯᠬᠤ ᠴᠠᠭ      ︵1︶ 2024 ᠣᠨ ᠤ 6 ᠰᠠᠷ᠎ᠠ ᠶᠢᠨ 3 ᠤ ᠡᠳᠦᠷ ᠠᠴᠠ 6 ᠰᠠᠷ᠎ᠠ ᠶᠢᠨ 17 ᠤ ᠡᠳᠦᠷ ᠪᠣᠯᠲᠠᠯ᠎ᠠ᠂ ᠠᠵᠢᠯ ᠤᠨ ᠡᠳᠦᠷ ᠤᠨ ᠬᠤᠭᠤᠴᠠᠭᠠᠨ ᠳᠤ ᠡᠳᠦᠷ ᠪᠦᠷᠢ ᠶᠢᠨ ᠦᠳᠡ ᠶᠢᠨ ᠡᠮᠦᠨᠡᠬᠢ 9᠄ 30 - 12᠄ 00 ᠪᠠ ᠦᠳᠡ ᠶᠢᠨ ᠬᠤᠶᠢᠨᠠᠬᠢ 14᠄ 30 - 17᠄ 00︶      ︵2︶ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠤᠨ ᠪᠠᠯᠭᠠᠰᠤᠨ ᠤ ᠰᠢᠶᠣᠣ ᠹᠦ᠋ ᠬᠤᠶᠢᠲᠤ ᠵᠠᠮ ᠤᠨ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠬᠥᠳᠡᠯᠮᠦᠷᠢ ᠶᠢᠨ ᠲᠠᠰᠤᠭ ᠤᠨ ᠨᠢᠭᠡᠳᠦᠭᠡᠷ ᠲᠠᠰᠤᠭ ︵ᠠᠵᠢᠯᠲᠠᠨ ᠤ ᠶᠠᠪᠤᠳᠠᠯ︶      ᠠᠰᠠᠭᠤᠨ ᠯᠠᠪᠯᠠᠬᠤ ᠤᠲᠠᠰᠤ᠄ 0471 - 5205781      2.ᠪᠡᠶ᠎ᠡ ᠶᠢᠨ ᠦᠨᠡᠮᠯᠡᠯ      ︵1︶ ᠡᠷᠦᠬᠡ ᠠᠮᠠ ᠶᠢᠨ ᠳᠠᠩᠰᠠ ᠨᠢ ᠬᠤᠲᠣᠩ ᠠᠷᠠᠳ ᠤᠨ ᠲᠣᠭᠤᠷᠢᠭ ᠲᠤ ᠪᠠᠶᠢᠪᠠᠯ᠂ ᠡᠷᠦᠬᠡ ᠠᠮᠠ ᠶᠢᠨ ᠳᠡᠪᠲᠡᠷ ᠤᠨ ᠲᠡᠷᠢᠭᠦᠨ ᠨᠢᠭᠤᠷ ᠪᠣᠯᠣᠨ ᠬᠤᠪᠢ ᠬᠥᠮᠥᠨ ᠤ ᠬᠠᠭᠤᠳᠠᠰᠤ ᠶᠢᠨ ᠤᠭ ᠮᠠᠲ᠋ᠧᠷᠢᠶᠠᠯ᠂ ᠬᠠᠭᠤᠯᠪᠤᠷᠢ ᠶᠢ ᠲᠤᠰᠢᠶᠠᠬᠤ ᠬᠡᠷᠡᠭᠲᠡᠢ᠃      ︵2︶ᠣᠷᠣᠰᠢᠨ ᠰᠠᠭᠤᠵᠤ ᠪᠠᠶᠢᠭ᠎ᠠ ᠭᠠᠵᠠᠷ ᠲᠤᠨᠢ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠪᠠᠯ᠂ ᠬᠦᠴᠦᠨ ᠪᠦᠬᠦᠢ ᠬᠤᠭᠤᠴᠠᠭᠠᠨ ᠳᠠᠬᠢ ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ᠂ ᠬᠠᠭᠤᠯᠪᠤᠷᠢ ᠶᠢ ᠲᠤᠰᠢᠶᠠᠬᠤ ᠬᠡᠷᠡᠭᠲᠡᠢ᠃      ︵3︶ ᠰᠤᠷᠤᠯᠴᠠᠵᠤ ᠪᠠᠶᠢᠭ᠎ᠠ ᠰᠤᠷᠭᠠᠭᠤᠯᠢ ᠳᠤ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠪᠠᠶᠢᠪᠠᠯ᠂ ᠰᠤᠷᠭᠠᠭᠤᠯᠢ ᠶᠢᠨ ᠬᠠᠷᠢᠶᠠᠯᠠᠯ ᠤᠨ ᠮᠡᠳᠡᠭᠡ ᠵᠠᠩᠭᠢ ᠶᠢ ᠰᠢᠯᠭᠠᠨ ᠪᠠᠲᠤᠯᠠᠬᠤ ᠪᠠᠷ ᠳᠠᠮᠵᠢᠭᠠᠳ ᠰᠤᠷᠭᠠᠭᠤᠯᠢ ᠶᠢᠨ ᠬᠠᠷᠢᠶᠠᠯᠠᠯ ᠤᠨ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠦᠭᠡᠢ ᠰᠢᠯᠭᠠᠨ ᠪᠠᠲᠤᠯᠠᠯᠲᠠ ᠬᠢᠯᠭᠡᠭᠰᠡᠨ ᠦᠭᠡᠢ ᠪᠣᠯ᠂ ︽ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ︾ ︵ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠠᠴᠠ ᠪᠠᠭᠤᠯᠭᠠᠨ ᠳᠠᠷᠤᠮᠠᠯᠯᠠᠬᠤ ᠴᠢᠬᠤᠯᠠᠲᠠᠢ︔︶ ᠪᠣᠯᠣᠨ ᠳᠠᠩᠰᠠᠯᠠᠭᠰᠠᠨ ᠮᠡᠳᠡᠭᠡ ᠵᠠᠩᠭᠢ ᠶᠢᠨ ᠪᠦᠷᠢᠨ ᠪᠦᠲᠦᠨ ᠰᠤᠷᠤᠭᠴᠢ ᠶᠢᠨ ᠦᠨᠡᠮᠯᠡᠯ᠃      ︵4︶ ᠬᠦᠴᠦᠨ ᠲᠠᠢ ᠬᠤᠭᠤᠴᠠᠭᠠᠨ ᠤ ᠳᠣᠲᠣᠷ᠎ᠠ ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠭᠠᠷ ᠤᠨ ᠦᠰᠦᠭ ᠵᠢᠷᠤᠵᠤ ᠣᠯᠭᠤᠭᠰᠠᠨ ᠱᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠲᠠᠢ ᠬᠤᠲᠣᠩ ᠠᠷᠠᠳ ᠤᠨ ᠲᠣᠭᠤᠷᠢᠭ ᠲᠤ ᠬᠦᠷᠴᠦ ᠰᠤᠷᠤᠯᠴᠠᠬᠤ᠂ ᠠᠵᠢᠯᠯᠠᠬᠤ ᠪᠠ ᠰᠠᠭᠤᠬᠤ ᠪᠤᠶᠤ ᠬᠦᠴᠦᠨ ᠲᠠᠢ ᠬᠤᠭᠤᠴᠠᠭᠠᠨ ᠤ ᠳᠣᠲᠣᠷ᠎ᠠ ᠰᠢᠶᠠᠩᠭᠠᠩ ᠣᠣᠮᠧᠨ ᠤ ᠰᠠᠭᠤᠭᠠᠯᠢ ᠠᠷᠠᠳ ᠳᠣᠲᠣᠷ ᠭᠠᠵᠠᠷ ᠲᠤ ᠨᠡᠪᠲᠡᠷᠡᠬᠦ ᠦᠨᠡᠮᠯᠡᠯ᠂ ᠲᠠᠪᠤᠨ ᠵᠢᠯ ᠤᠨ ᠬᠦᠴᠦᠨ ᠲᠠᠢ ᠬᠤᠭᠤᠴᠠᠭ᠎ᠠ ᠲᠠᠢ ᠲᠠᠶᠢᠸᠠᠨ ᠤ ᠰᠠᠭᠤᠭᠠᠯᠢ ᠠᠷᠠᠳ ᠡᠬᠡ ᠬᠠᠭᠤᠷᠠᠢ ᠳᠤ ᠨᠡᠪᠲᠡᠷᠡᠬᠦ ᠦᠨᠡᠮᠯᠡᠯ ᠨᠢ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠳᠤ ᠣᠷᠣᠯᠴᠠᠭᠰᠠᠨ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠪᠣᠯᠣᠨ᠎ᠠ᠃      ︵5︶ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ᠰᠠᠭᠤᠭ᠎ᠠ ᠴᠡᠷᠢᠭ ᠠᠩᠭᠢ ᠶᠢᠨ ᠠᠯᠪᠠᠨ ᠴᠡᠷᠢᠭ᠂ ᠵᠡᠪᠰᠡᠭᠲᠦ ᠴᠠᠭᠳᠠᠭ᠎ᠠ ᠶᠢ ᠬᠠᠷᠢᠶ᠎ᠠ ᠴᠡᠷᠢᠭ ᠠᠩᠭᠢ ᠪᠤᠶᠤ ᠨᠢᠭᠡᠴᠢ ᠶᠢᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠭᠠᠷᠭᠠᠭᠰᠠᠨ ᠠᠵᠢᠯᠲᠠᠨ ᠤ ᠶᠠᠪᠤᠳᠠᠯ ᠤᠨ ᠬᠠᠷᠢᠴᠠᠭᠠᠨ ᠤ ᠭᠡᠷᠡᠴᠢ ᠶᠢ ᠬᠠᠩᠭᠠᠬᠤ ᠬᠡᠷᠡᠭᠲᠡᠢ᠂ ᠭᠡᠷᠡᠴᠢᠯᠡᠬᠦ ᠵᠠᠭᠪᠤᠷ ᠨᠢ ᠲᠣᠰ ᠴᠡᠷᠢᠭ ᠠᠩᠭᠢ ᠪᠤᠶᠤ ᠨᠢᠭᠡᠴᠢ ᠶᠢᠨ ᠲᠣᠭᠲᠠᠭᠠᠯ ᠶᠣᠰᠣᠭᠠᠷ ᠲᠣᠭᠲᠠᠭᠠᠭᠰᠠᠨ ᠨᠢ᠂ ᠭᠤᠶᠤᠴᠢᠯᠠᠭᠴᠢ ᠨᠢ ᠲᠤᠰ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ᠰᠠᠭᠤᠭ᠎ᠠ ᠴᠡᠷᠢᠭ ᠠᠩᠭᠢ ᠳᠤ ᠬᠠᠷᠢᠶᠠᠯᠠᠭᠳᠠᠨ᠎ᠠ ᠭᠡᠳᠡᠭ ᠢ ᠲᠣᠳᠣᠷᠬᠠᠶᠢᠯᠠᠬᠤ ᠬᠡᠷᠡᠭᠲᠡᠢ᠃      3.ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ      ︵1︶ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠤᠭ ᠮᠠᠲ᠋ᠧᠷᠢᠶᠠᠯ᠃ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠰᠢᠰᠲ᠋ᠧᠮ ᠤᠨ ᠰᠢᠯᠭᠠᠨ ᠪᠠᠲᠤᠯᠠᠯᠲᠠ ᠪᠠᠷ ᠳᠠᠮᠵᠢᠨ ᠰᠢᠯᠭᠠᠨ ᠪᠠᠲᠤᠯᠠᠭᠳᠠᠭᠰᠠᠨ ᠪᠠᠶᠢᠪᠠᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠤᠭ ᠵᠦᠢᠯ ᠢ ᠲᠤᠰᠢᠶᠠᠬᠤ ᠴᠢᠬᠤᠯᠠ ᠦᠭᠡᠢ︔ ᠰᠢᠯᠭᠠᠨ ᠪᠠᠲᠤᠯᠠᠬᠤ ᠶᠢ ᠳᠠᠮᠵᠢᠭᠰᠠᠨ ᠦᠭᠡᠢ ᠪᠣᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠤᠭ ᠵᠦᠢᠯᠡᠰ ᠪᠠ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠪᠤᠶᠤ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾ ︵ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠰᠦᠯᠵᠢᠶᠡᠨ ᠳᠡᠭᠡᠷ᠎ᠡ ᠭᠤᠶᠤᠴᠢᠯᠠᠬᠤ ᠬᠡᠷᠡᠭᠲᠡᠢ︶      ︵2︶ ᠰᠢᠶᠠᠩᠭᠠᠩ ᠣᠣᠮᠧᠨ ᠲᠠᠶᠢᠸᠠᠨ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠦᠨᠡᠮᠯᠡᠯ ᠲᠠᠢ ᠭᠤᠶᠤᠴᠢᠯᠠᠭᠴᠢ ᠨᠢ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠭᠠᠷᠭᠠᠭᠰᠠᠨ ︽ᠰᠢᠶᠠᠩᠭᠠᠩ ᠣᠣᠮᠧᠨ ᠲᠠᠶᠢᠸᠠᠨ ᠤ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠦᠨᠡᠮᠯᠡᠯ ᠤᠨ ᠦᠨᠡᠮᠯᠡᠯ︾ ᠤᠨ ᠤᠭ ᠵᠦᠢᠯ ᠢ ᠬᠠᠩᠭᠠᠬᠤ ᠴᠢᠬᠤᠯᠠᠲᠠᠢ︔ ᠭᠠᠳᠠᠭᠠᠳᠤ ᠶᠢᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠦᠨᠡᠮᠯᠡᠯ ᠪᠠᠶᠢᠬᠤ ᠭᠤᠶᠤᠴᠢᠯᠠᠭᠴᠢ ᠨᠢ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠭᠠᠷᠭᠠᠵᠤ ᠥᠭᠭᠦᠭᠰᠡᠨ ︽ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠦᠨᠡᠮᠰᠢᠬᠦ ᠦᠨᠡᠮᠯᠡᠯ︾ ᠤᠨ ᠤᠭ ᠵᠦᠢᠯ ᠢ ᠬᠠᠩᠭᠠᠬᠤ ᠴᠢᠬᠤᠯᠠᠲᠠᠢ ᠪᠠᠶᠢᠵᠤ᠂ ᠵᠥᠪᠬᠡᠨ ᠡᠨᠡ ᠬᠦ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠭᠡᠷᠡᠴᠢᠯᠡᠭᠡ ᠶᠢᠨ ᠭᠡᠷᠡᠴᠢ ᠨᠢ ᠬᠦᠴᠦᠨ ᠲᠠᠢ ᠭᠡᠵᠦ ᠦᠵᠡᠨ᠎ᠡ᠃      4.ᠨᠡᠶᠢᠲᠡᠯᠢᠭ ᠬᠡᠯᠡ ᠶᠢᠨ ᠬᠢᠷᠢ ᠬᠡᠮᠵᠢᠶ᠎ᠡ ᠶᠢᠨ ᠭᠡᠷᠡᠴᠢᠯᠡᠯ      ᠨᠡᠶᠢᠲᠡᠯᠢᠭ ᠬᠡᠯᠡ ᠶᠢᠨ ᠬᠢᠷᠢ ᠬᠡᠮᠵᠢᠶ᠎ᠡ ᠶᠢᠨ ᠬᠡᠮᠵᠢᠨ ᠰᠢᠯᠭᠠᠬᠤ ᠵᠡᠷᠭᠡ ᠲᠠᠰ ᠤᠨ ᠦᠨᠡᠮᠯᠡᠯ ᠤᠨ ᠮᠡᠳᠡᠭᠡ ᠵᠠᠩᠭᠢ ᠶᠢ ᠰᠢᠰᠲ᠋ᠧᠮ ᠢᠶᠠᠷ ᠢᠶᠠᠨ ᠬᠠᠷᠢᠴᠠᠭᠤᠯᠤᠨ ᠬᠠᠷᠭᠤᠭᠤᠯᠬᠤ ᠪᠠᠷ ᠳᠠᠮᠵᠢᠭᠠᠳ ᠬᠠᠷᠭᠤᠭᠤᠯᠤᠨ ᠪᠠᠶᠢᠴᠠᠭᠠᠭᠰᠠᠨ ᠪᠠᠶᠢᠪᠠᠯ᠂ ᠨᠡᠶᠢᠲᠡᠯᠢᠭ ᠬᠡᠯᠡ ᠶᠢᠨ ᠬᠢᠷᠢ ᠬᠡᠮᠵᠢᠶ᠎ᠡ ᠶᠢᠨ ᠬᠡᠮᠵᠢᠨ ᠰᠢᠯᠭᠠᠭᠰᠠᠨ ᠵᠡᠷᠭᠡ ᠲᠠᠰ ᠤᠨ ᠦᠨᠡᠮᠯᠡᠯ ᠤᠨ ᠤᠭ ᠡᠬᠡ ᠶᠢ ᠲᠤᠰᠢᠶᠠᠬᠤ ᠴᠢᠬᠤᠯᠠ ᠦᠭᠡᠢ︔ ᠰᠢᠰᠲ᠋ᠧᠮ ᠢᠶᠠᠷ ᠢᠶᠠᠨ ᠬᠠᠷᠭᠤᠭᠤᠯᠤᠨ ᠪᠠᠶᠢᠴᠠᠭᠠᠵᠤ ᠣᠯᠣᠭᠠᠳᠤᠢ ᠪᠣᠯ᠂ ᠨᠡᠶᠢᠲᠡᠯᠢᠭ ᠬᠡᠯᠡ ᠶᠢᠨ ᠬᠢᠷᠢ ᠬᠡᠮᠵᠢᠶ᠎ᠡ ᠶᠢᠨ ᠬᠡᠮᠵᠢᠨ ᠰᠢᠯᠭᠠᠭᠰᠠᠨ ᠵᠡᠷᠭᠡ ᠲᠠᠰ ᠤᠨ ᠦᠨᠡᠮᠯᠡᠯ ᠤᠨ ᠤᠭ ᠮᠠᠲ᠋ᠧᠷᠢᠶᠠᠯ  ᠢ ᠬᠠᠩᠭᠠᠬᠤ ᠬᠡᠷᠡᠭᠲᠡᠢ᠃      5.ᠰᠢᠯᠭᠠᠯᠲᠠ ᠶᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ      ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠶᠢᠨ ᠬᠢᠷᠢ ᠲᠡᠩᠴᠡᠭᠰᠡᠨ ᠭᠡᠷᠡᠴᠢ︾ ᠪᠤᠶᠤ ︽ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ︾ ᠲᠠᠢ ᠪᠣᠯ ᠨᠡᠷ᠎ᠡ ᠮᠡᠳᠡᠭᠦᠯᠬᠦ ᠰᠢᠰᠲ᠋ᠧᠮ ᠠᠴᠠ ᠠᠶᠠᠨᠳᠠᠭᠠᠨ ᠬᠠᠷᠭᠤᠭᠤᠯᠤᠨ ᠪᠠᠶᠢᠴᠠᠭᠠᠵᠤ᠂ ᠲᠤᠰᠢᠶᠠᠬᠤ ᠴᠢᠬᠤᠯᠠ ᠦᠭᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ 2020 ᠤᠨ ᠵᠢᠴᠢ ᠥᠩᠭᠡᠷᠡᠭᠰᠡᠨ ᠳᠤ ᠪᠠᠭᠰᠢ ᠶᠢᠨ ᠮᠡᠷᠭᠡᠵᠢᠯ ᠤᠨ ᠲᠤᠰᠬᠠᠢ ᠮᠡᠷᠭᠡᠵᠢᠯ ᠠᠴᠠ ᠲᠡᠭᠦᠰᠦᠭᠰᠡᠳ ︵ᠠᠩᠬ᠎ᠠ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠬᠤ︶ ᠲᠤ ︽ᠲᠡᠭᠦᠰᠦᠭᠰᠡᠳ ᠤᠨ ᠬᠢᠷᠢ ᠪᠦᠲᠦᠮᠵᠢ ᠶᠢ ᠳᠠᠩᠰᠠᠯᠠᠬᠤ ᠬᠦᠰᠦᠨᠦᠭᠲᠦ︾ ᠪᠠ ︽ᠰᠤᠷᠭᠠᠨ ᠬᠥᠮᠦᠵᠢᠯ ᠤᠨ ᠳᠠᠳᠤᠯᠭ᠎ᠠ ᠬᠢᠬᠦ ᠬᠢᠨᠠᠨ ᠲᠣᠭᠲᠠᠭᠠᠯᠲᠠ ᠶᠢᠨ ᠬᠦᠰᠦᠨᠦᠭᠲᠦ︾ ᠶᠢᠨ ᠤᠭ ᠮᠠᠲ᠋ᠧᠷᠢᠶᠠᠯ ᠪᠠ ᠬᠠᠭᠤᠯᠪᠤᠷᠢ ᠶᠢ ᠲᠤᠰᠢᠶᠠᠬᠤ ᠬᠡᠷᠡᠭᠲᠡᠢ᠃      6.ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ      ᠮᠠᠭᠠᠳᠯᠠᠨ ᠲᠣᠭᠲᠠᠭᠠᠬᠤ ᠨᠥᠬᠦᠴᠡᠯ ᠪᠦᠷᠢᠯᠳᠦᠭᠦᠯᠦᠭᠰᠡᠨ ᠬᠥᠮᠥᠰ ᠢ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠢᠭᠡᠳᠦᠯᠲᠡᠢ ᠲᠣᠬᠢᠷᠠᠭᠤᠯᠵᠤ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠳᠤ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃ ᠪᠡᠶ᠎ᠡ ᠶᠢᠨ ᠪᠠᠶᠢᠴᠠᠭᠠᠯᠲᠠ ᠶᠢᠨ ᠴᠠᠭ᠂ ᠭᠠᠵᠠᠷ ᠣᠷᠣᠨ ︵ᠡᠮᠨᠡᠯᠭᠡ ᠶᠢᠨ ᠬᠤᠷᠢᠶ᠎ᠠ︶ ᠨᠢ ᠸᠢᠴᠠᠲ ᠢᠶᠠᠷ ᠳᠠᠮᠵᠢᠭᠤᠯᠤᠨ ︽ᠬᠤᠲᠣᠩ ᠠᠷᠠᠳ ᠤᠨ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠦᠯᠦᠭ︾ ᠲᠤ ᠠᠰ ᠲᠤᠨᠢ ᠮᠡᠳᠡᠭᠳᠡᠨ᠎ᠡ᠃      7.ᠶᠠᠯ᠎ᠠ ᠬᠢᠭᠰᠡᠨ ᠲᠡᠮᠳᠡᠭᠯᠡᠯ ᠤᠨ ᠭᠡᠷᠡᠴᠢ ᠦᠭᠡᠢ      ︵1︶ ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠡᠷᠦᠬᠡ ᠠᠮᠠ᠂ ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠣᠷᠣᠰᠢᠨ ᠰᠠᠭᠤᠬᠤ ᠦᠨᠡᠮᠯᠡᠯ ᠲᠠᠢ ᠭᠤᠶᠤᠴᠢᠯᠠᠭᠴᠢ ᠨᠢ ᠬᠤᠲᠣᠩ ᠠᠷᠠᠳ ᠶᠢᠨ ᠲᠣᠭᠤᠷᠢᠭ ᠤᠨ ᠰᠤᠷᠭᠠᠨ ᠬᠥᠮᠦᠵᠢᠯ ᠦᠨ ᠲᠣᠪᠴᠢᠶ᠎ᠠ ᠠᠴᠠ ᠶᠠᠯ᠎ᠠ ᠬᠢᠭᠰᠡᠨ ᠲᠡᠮᠳᠡᠭᠯᠡᠯ ᠢ ᠨᠢᠭᠡᠳᠦᠯᠲᠡᠢ ᠬᠢᠨᠠᠨ ᠪᠠᠶᠢᠴᠠᠭᠠᠵᠤ᠂ ᠬᠤᠪᠢ ᠬᠥᠮᠥᠨ ᠬᠠᠩᠭᠠᠬᠤ ᠴᠢᠬᠤᠯᠠ ᠦᠭᠡᠢ᠃      ︵2︶ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠭᠠᠬᠤ ᠪᠠᠷ ᠭᠤᠶᠤᠴᠢᠯᠠᠬᠤ ᠳᠤ ᠶᠠᠯ᠎ᠠ ᠦᠭᠡᠢ ᠲᠡᠮᠳᠡᠭᠯᠡᠯ ᠦᠨ ᠭᠡᠷᠡᠴᠢ ᠬᠠᠩᠭᠠᠬᠤ ᠬᠡᠷᠡᠭᠲᠡᠢ᠃ ᠭᠤᠶᠤᠴᠢᠯᠠᠭᠴᠢ ᠠᠴᠠ ᠥᠪᠡᠰᠦᠪᠡᠨ ᠰᠢᠶᠠᠨ᠋ᠬᠠᠨ ᠤᠨ ᠵᠠᠰᠠᠭ ᠵᠠᠬᠢᠷᠭᠠᠨ ᠤ ᠣᠨᠴᠠᠭᠠᠢ ᠣᠷᠣᠨ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠢ ᠣᠷᠣᠨ ᠪᠠ ᠲᠠᠶᠢᠸᠠᠨ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠣᠴᠢᠵᠤ ᠪᠣᠯᠬᠤ ᠶᠢ ᠭᠡᠷᠡᠴᠢᠯᠡᠪᠡ᠃ ᠬᠡᠷᠪᠡ ᠬᠡᠷᠡᠭᠴᠡᠭᠡ ᠲᠠᠢ ᠪᠣᠯ ᠰᠢᠶᠠᠩᠭᠠᠩ᠂ ᠣᠣᠮᠧᠨ ᠤ ᠭᠤᠶᠤᠴᠢᠯᠠᠭᠴᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠬᠢᠵᠦ ᠥᠭᠭᠦᠭᠰᠡᠨ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠳᠠᠮᠵᠢᠭᠤᠯᠵᠤ ᠶᠠᠯ᠎ᠠ ᠬᠢᠭᠰᠡᠨ ᠦᠭᠡᠢ ᠲᠡᠮᠳᠡᠭᠯᠡᠯ ᠤᠨ ᠭᠡᠷᠡᠴᠢ ᠬᠢᠯᠭᠡᠭᠰᠡᠨ ᠵᠠᠬᠢᠳᠠᠯ ᠴᠢᠮᠡᠭᠡ ᠶᠢ ᠭᠤᠶᠤᠴᠢᠯᠠᠨ ᠠᠪᠴᠤ ᠪᠣᠯᠣᠨ᠎ᠠ᠃      8.ᠭᠡᠷᠡᠯ ᠵᠢᠷᠤᠭ      ᠣᠶᠢᠷ᠎ᠠ ᠶᠢᠨ ᠬᠤᠭᠤᠴᠠᠭᠠᠨ ᠳᠤ ᠮᠠᠯᠠᠭᠠᠶ ᠦᠭᠡᠶ ᠨᠢᠭᠡ ᠢᠮᠠᠬᠤ ᠪᠤᠳᠤᠭᠲᠤ ᠴᠠᠭᠠᠨ ᠳᠡᠪᠢᠰᠬᠡᠷ ᠲᠠᠢ ᠭᠡᠷᠡᠯ ᠵᠢᠷᠤᠭ 1 ᠬᠠᠭᠤᠳᠠᠰᠤ ︵ᠭᠡᠷᠡᠯ ᠵᠢᠷᠤᠭ ᠳᠡᠭᠡᠷ᠎ᠡ ᠪᠡᠶ᠎ᠡ ᠶᠢᠨ ᠦᠨᠡᠮᠯᠡᠯ ᠤᠨ ᠨᠣᠮᠧᠷ ᠪᠠ ᠣᠪᠣᠭ ᠨᠡᠷ᠎ᠡ ᠶᠢ ᠳᠠᠷᠤᠮᠠᠯᠯᠠᠵᠤ᠂ ᠨᠡᠷ᠎ᠡ ᠮᠡᠳᠡᠭᠦᠯᠵᠦ ᠳᠡᠭᠡᠭᠰᠢ ᠮᠡᠳᠡᠭᠦᠯᠦᠭᠰᠡᠨ ᠭᠡᠷᠡᠯ ᠵᠢᠷᠤᠭ ᠪᠠ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭ ᠲᠠᠬᠢ ᠭᠡᠷᠡᠯ ᠵᠢᠷᠤᠭ ᠲᠠᠢ ᠠᠳᠠᠯᠢ ᠪᠠᠶᠢᠬᠤ︶᠃      9.ᠪᠤᠰᠤᠳ ᠵᠦᠢᠯ      ᠳᠠᠭᠠᠯᠳᠤᠭᠤᠯᠤᠯ ︽ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ 2023 ᠣᠨ ᠤ ᠳᠣᠣᠷ᠎ᠠ ᠬᠠᠭᠠᠰ ᠵᠢᠯ ᠤᠨ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ ᠳᠠᠩᠰᠠ ᠡᠪᠬᠡᠮᠡᠯ ᠤᠨ ᠬᠠᠪᠢᠰ︾      ︵ᠭᠤᠷᠪᠠ︶ ᠪᠠᠭᠰᠢ ᠶᠢᠨ ᠬᠢᠷᠢ ᠬᠡᠮ ᠤᠨ ᠦᠨᠡᠮᠯᠡᠯ ᠠᠪᠬᠤ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠬᠠᠢ ᠶᠢᠨ ᠲᠠᠯᠠᠪᠤᠷ ᠲᠤ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠦᠭᠰᠡᠨ ᠤ ᠲᠠᠷᠠᠭ᠎ᠠ᠂ ᠬᠢᠨᠠᠨ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠭᠠᠷᠭᠠᠬᠤ ᠶᠢᠨ ᠬᠠᠮᠲᠤ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠭᠤᠶᠤᠴᠢᠯᠠᠭᠴᠢ ᠳᠤ ᠪᠠᠭᠰᠢ ᠶᠢᠨ ᠬᠢᠷᠢ ᠬᠡᠮ ᠤᠨ ᠦᠨᠡᠮᠯᠡᠯ ᠬᠢᠵᠦ ᠥᠭᠭᠦᠨ᠎ᠡ᠃ ᠭᠤᠶᠤᠴᠢᠯᠠᠭᠴᠢ ᠲᠤᠰ ᠬᠥᠮᠥᠨ ᠤ ᠪᠡᠶ᠎ᠡ ᠶᠢᠨ ᠦᠨᠡᠮᠯᠡᠯ ᠢᠶᠠᠨ ᠬᠦᠯᠢᠶᠡᠨ ᠠᠪᠴᠤ ᠰᠢᠢᠳᠪᠦᠷᠢᠯᠡᠬᠦ‍ ᠴᠢᠭ ᠢᠶᠠᠷ ᠢᠶᠠᠨ ︽ᠪᠠᠭᠰᠢ ᠶᠢᠨ ᠬᠢᠷᠢ ᠭᠡᠮ ᠤᠨ ᠦᠨᠡᠮᠯᠡᠯ︾ ᠪᠠ︽ᠪᠠᠭᠰᠢ ᠶᠢᠨ ᠬᠢᠷᠢ ᠭᠡᠮ ᠢ ᠦᠨᠡᠮᠰᠢᠬᠦ ᠭᠤᠶᠤᠴᠢᠯᠠᠯ ᠤᠨ ᠬᠦᠰᠦᠨᠦᠭᠲᠦ︾ ᠶᠢ ᠲᠤᠰ ᠲᠤᠰ ᠨᠢᠭᠡ ᠬᠤᠪᠢ ᠠᠪᠤᠨ᠎ᠠ᠃ ︽ᠪᠠᠭᠰᠢ ᠶᠢᠨ ᠬᠢᠷᠢ ᠬᠡᠮ ᠤᠨ ᠦᠨᠡᠮᠯᠡᠯ︾ ᠪᠠ ︽ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠶᠢᠨ ᠴᠠᠭ ᠪᠠ ᠭᠠᠵᠠᠷ ᠨᠢ ︽ᠬᠤᠲᠣᠩ ᠠᠷᠠᠳ ᠤᠨ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠰᠦᠷᠦᠭ︾ ᠤᠨ ᠮᠡᠳᠡᠭᠳᠡᠯ ᠢ ᠣᠯᠪᠠ᠃      ᠲᠠᠪᠤ᠂ ᠪᠤᠰᠤᠳ ᠠᠩᠬᠠᠷᠬᠤ ᠵᠦᠢᠯ      ︵ᠨᠢᠭᠡ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠠᠳᠠᠯᠢ ᠨᠢᠭᠡᠨ ᠭᠤᠶᠤᠴᠢᠯᠠᠭᠴᠢ  ᠨᠢ ᠠᠳᠠᠯᠢ ᠨᠢᠭᠡ ᠵᠢᠯ ᠤᠨ ᠳᠣᠲᠣᠷ᠎ᠠ ᠵᠥᠪᠬᠡᠨ ᠨᠢᠭᠡ ᠵᠦᠢᠯ ᠤᠨ ᠪᠠᠭᠰᠢ ᠶᠢᠨ ᠬᠢᠷᠢ ᠭᠡᠮ ᠢ ᠦᠨᠡᠮᠰᠢᠵᠦ ᠪᠣᠯᠣᠨ᠎ᠠ᠃      ︵ᠬᠤᠶᠠᠷ︶ ᠪᠤᠰᠤᠳ ᠳᠠᠭᠤᠰᠤᠭᠠᠳᠤᠢ ᠵᠦᠢᠯᠡᠰ ᠢ ᠡᠯ᠎ᠡ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠨᠡᠶᠢᠲᠡᠯᠡᠭᠰᠡᠨ ᠮᠡᠳᠡᠭᠳᠡᠯ ᠤᠨ ᠠᠯᠪᠠᠨ ᠵᠠᠷ ᠢ ᠠᠩᠬᠠᠷᠤᠭᠠᠷᠠᠢ᠂ ᠭᠤᠶᠤᠴᠢᠯᠠᠭᠴᠢ ᠨᠢ ᠡᠷᠬᠡᠪᠰᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠠᠵᠢᠯ ᠤᠨ ᠲᠣᠬᠢᠷᠠᠭᠤᠯᠤᠯᠲᠠ ᠶᠢ ᠠᠯᠳᠠᠬᠤ ᠠᠴᠠ ᠵᠠᠶᠢᠯᠠᠰᠬᠢᠬᠦ ᠬᠡᠷᠡᠭᠲᠡᠢ᠃      ︵ᠭᠤᠷᠪᠠ︶ ᠭᠤᠶᠤᠴᠢᠯᠠᠭᠴᠢ ᠲᠣᠭᠲᠠᠭᠰᠠᠨ ᠴᠠᠭ᠂ ᠭᠠᠵᠠᠷ ᠣᠷᠣᠨ ᠪᠠ ᠱᠠᠭᠠᠷᠳᠠᠯᠭ᠎ᠠ ᠶᠣᠰᠣᠭᠠᠷ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠪᠠ ᠲᠤᠬᠠᠢ ᠶᠢᠨ ᠲᠠᠯᠠᠪᠤᠷ ᠲᠤᠨᠢ ᠨᠤᠲᠠᠯᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠶᠣᠰᠣᠭᠠᠷ᠂ ᠭᠤᠶᠤᠴᠢᠯᠠᠨ ᠮᠡᠳᠡᠭᠦᠯᠬᠦ ᠴᠠᠭ ᠢ ᠥᠩᠭᠡᠷᠡᠭᠡᠬᠦ᠂ ᠪᠤᠷᠤᠭᠤ ᠰᠣᠩᠭᠤᠨ ᠲᠣᠭᠲᠠᠭᠠᠬᠤ ᠪᠠᠶᠢᠭᠤᠯᠤᠮᠵᠢ ᠪᠤᠶᠤ ᠲᠤᠬᠠᠢ ᠶᠢᠨ ᠲᠠᠯᠠᠪᠤᠷ ᠲᠤᠨᠢ ᠨᠤᠲᠠᠯᠠᠬᠤ ᠴᠡᠭ᠂ ᠮᠡᠳᠡᠭᠦᠯᠦᠭᠰᠡᠨ ᠮᠡᠳᠡᠭᠡ ᠵᠠᠩᠭᠢ ᠨᠢ ᠪᠤᠷᠤᠭᠤ ᠲᠠᠢ᠂ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠤ᠂ ᠲᠣᠭᠲᠠᠭᠰᠠᠨ ᠴᠠᠭ ᠤᠨ ᠳᠣᠲᠣᠷ᠎ᠠ ᠭᠤᠶᠤᠴᠢᠯᠠᠨ ᠮᠡᠳᠡᠭᠦᠯᠬᠦ ᠠᠵᠢᠯ ᠢᠶᠠᠨ ᠪᠡᠶᠡᠯᠡᠭᠦᠯᠦᠭᠰᠡᠨ ᠦᠭᠡᠢ ᠪᠠᠶᠢᠪᠠᠯ᠂ ᠮᠠᠭᠠᠳᠯᠠᠨ ᠲᠣᠭᠲᠠᠭᠠᠬᠤ ᠪᠠᠶᠢᠭᠤᠯᠤᠮᠵᠢ ᠭᠥᠯᠢᠶᠡᠨ ᠠᠪᠴᠤ ᠰᠢᠢᠳᠪᠦᠷᠢᠯᠡᠬᠦ ᠦᠭᠡᠢ᠂ ᠡᠭᠦᠨ ᠠᠴᠠ ᠪᠣᠯᠤᠭᠰᠠᠨ ᠦᠷ᠎ᠡ ᠳ᠋ᠦᠩ᠂ ᠬᠠᠷᠢᠭᠤᠴᠠᠯᠭ᠎ᠠ ᠶᠢ ᠭᠤᠶᠤᠴᠢᠯᠠᠭᠴᠢ ᠠᠴᠠ ᠡᠭᠦᠷᠭᠡᠯᠡᠨ᠎ᠡ᠃      ︵ᠳᠥᠷᠪᠡ︶ ᠰᠤᠷᠭᠠᠭᠤᠯᠢ ᠪᠤᠶᠤ ᠶᠠᠮᠠᠷᠪᠠ ᠪᠠᠶᠢᠭᠤᠯᠤᠮᠵᠢ ᠠᠴᠠ ᠭᠤᠶᠤᠴᠢᠯᠠᠭᠴᠢ ᠶᠢ ᠣᠷᠣᠯᠠᠨ ᠨᠡᠷ᠎ᠡ ᠮᠡᠳᠡᠭᠦᠯᠬᠦ ᠶᠢ ᠴᠠᠭᠠᠵᠠᠯᠠᠵᠤ᠂ ᠲᠣᠭᠲᠠᠭᠠᠯ ᠢ ᠵᠥᠷᠢᠴᠡᠨ ᠲᠤᠰ ᠬᠥᠮᠥᠨ ᠤ ᠪᠠᠭᠰᠢ ᠶᠢᠨ ᠬᠢᠷᠢ ᠭᠡᠮ ᠢ ᠨᠥᠯᠥᠭᠡᠯᠡᠬᠦ ᠳᠤ ᠬᠠᠷᠢᠭᠤᠴᠠᠯᠭ᠎ᠠ ᠭᠤᠶᠤᠴᠢᠯᠠᠭᠴᠢ ᠠᠴᠠ ᠥᠪᠡᠷ ᠢᠶᠠᠨ ᠡᠭᠦᠷᠭᠡᠯᠡᠨ᠎ᠡ᠃      ︵ᠲᠠᠪᠤ︶ ᠭᠤᠶᠤᠴᠢᠯᠠᠭᠴᠢ ᠠᠴᠠ ᠡᠷᠬᠡᠪᠰᠢ ᠠᠯᠳᠠᠭ᠎ᠠ ᠪᠤᠷᠤᠭᠤ ᠦᠭᠡᠢ ᠬᠥᠮᠥᠨ ᠪᠦᠬᠦᠨ ᠤ ᠮᠡᠳᠡᠭᠡ ᠵᠠᠩᠭᠢ ᠶᠢ ᠣᠨᠣᠪᠴᠢᠲᠠᠶ ᠬᠠᠩᠭᠠᠬᠤ ᠶᠢᠨ ᠬᠠᠮᠲᠤ᠂ ᠤᠯᠤᠰ ᠤᠨ ︽ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠭᠡᠮ ᠤᠨ ᠳᠦᠷᠢᠮ︾᠂ ︽︿ᠪᠠᠭᠰᠢ ᠶᠢᠨ ᠬᠢᠷᠢ ᠭᠡᠮ ᠤᠨ ᠳᠦᠷᠢᠮ﹀ ᠢ ᠬᠡᠷᠡᠭᠵᠢᠭᠦᠯᠬᠦ ᠠᠷᠭ᠎ᠠ︾ ᠪᠣᠯᠣᠨ ᠲᠤᠰ ᠠᠯᠪᠠᠨ ᠵᠠᠷ ᠲᠤ ᠪᠠᠭᠰᠢ ᠶᠢᠨ ᠬᠢᠷᠢ ᠭᠡᠮ ᠢ ᠦᠨᠡᠮᠰᠢᠬᠦ ᠲᠥᠷᠥᠯ ᠢᠯᠭᠠᠯ᠂ ᠦᠨᠡᠮᠰᠢᠬᠦ ᠨᠥᠬᠦᠴᠡᠯ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠵᠤ ᠪᠣᠯᠬᠤ ᠦᠭᠡᠢ᠃ ᠬᠤᠪᠢ ᠬᠥᠮᠥᠨ ᠤ ᠮᠡᠳᠡᠭᠡ ᠵᠠᠩᠭᠢ ᠬᠠᠩᠭᠠᠭᠰᠠᠨ ᠠᠴᠠ ᠪᠣᠯᠵᠤ ᠬᠤᠪᠢ ᠬᠥᠮᠥᠨ ᠤ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠵᠤ ᠳᠡᠶᠢᠯᠬᠦ ᠦᠭᠡᠢ ᠪᠣᠯᠭᠠᠭᠰᠠᠨ ᠪᠣᠯ ᠬᠠᠷᠢᠭᠤᠴᠠᠯᠭ᠎ᠠ ᠶᠢ ᠭᠤᠶᠤᠴᠢᠯᠠᠭᠴᠢ ᠥᠪᠡᠷᠲᠡᠭᠡᠨ ᠡᠭᠦᠷᠭᠡᠯᠡᠨ᠎ᠡ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠠᠳ ᠪᠠᠭᠰᠢ ᠶᠢᠨ ᠬᠢᠷᠢ ᠭᠡᠮ ᠢ ᠮᠡᠬᠡᠯᠡᠨ ᠠᠪᠤᠭᠰᠠᠨ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠵᠣᠬᠢᠴᠠᠩᠭᠤᠢ ᠰᠢᠢᠳᠪᠦᠷᠢᠯᠡᠬᠦ ᠬᠡᠷᠡᠭᠲᠡᠢ᠃                              ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ                                    ᠰᠤᠷᠭᠠᠨ ᠬᠥᠮᠦᠵᠢᠯ ᠤᠨ ᠲᠣᠪᠴᠢᠶ᠎ᠠ                              2024 ᠣᠨ ᠤ 5 ᠰᠠᠷ᠎ᠠ ᠶᠢᠨ 16 ᠤ ᠡᠳᠦᠷ      ᠳᠠᠭᠠᠯᠳᠤᠭᠤᠯᠤᠯ᠄呼和浩特市回民区教育局2024年上半年教师资格认定公告      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号