ᠲᠠᠯ᠎ᠠ ᠨᠤᠲᠤᠭ ᠤᠨ ᠡᠭᠦᠯᠡ ᠰᠢᠯᠵᠢᠶ᠎ᠡ ᠰᠢᠨᠡᠳᠬᠡᠭᠳᠡᠵᠡᠢ
ᠨᠡᠶᠢᠲᠡᠯᠡᠭᠰᠡᠨ ᠴᠠᠭ᠄
2024/5/20
      5 ᠰᠠᠷ᠎ᠠ ᠶᠢᠨ 18 ᠤ ᠡᠳᠦᠷ᠂ ᠲᠠᠯ᠎ᠠ ᠨᠤᠲᠤᠭ ᠤᠨ ᠡᠭᠦᠯᠡ ᠰᠢᠯᠵᠢᠶ᠎ᠡ ᠨᠢ ᠳᠡᠰ ᠳᠡᠪᠰᠢᠭᠦᠯᠦᠭᠳᠡᠨ ᠰᠢᠨᠡᠳᠬᠡᠭᠳᠡᠵᠦ ᠰᠦᠯᠵᠢᠶᠡᠨ ᠳᠤ ᠬᠤᠯᠪᠣᠭᠳᠠᠯ᠎ᠠ᠃ ᠨᠡᠩ ᠰᠢᠯᠢᠳᠡᠭ ᠠᠭᠤᠯᠭ᠎ᠠ᠂ ᠨᠡᠩ ᠣᠶᠤᠨᠴᠢ ᠤᠩᠰᠢᠯᠭ᠎ᠠ ᠶᠢᠨ ᠬᠦᠷᠲᠡᠮᠵᠢ᠂ ᠨᠡᠩ ᠰᠢᠨᠡᠯᠢᠭ ᠸᠢᠳᠢᠤ᠋ ᠦᠵᠡᠭᠦᠯᠪᠦᠷᠢ᠂ ᠨᠡᠩ ᠪᠠᠶᠠᠯᠢᠭ ᠠᠷᠠᠳ ᠲᠤ ᠳᠦᠭᠦᠮ ᠦᠵᠡᠭᠦᠯᠭᠦ ᠦᠢᠯᠡᠴᠢᠯᠡᠭᠡ᠂ ᠨᠡᠩ ᠭᠦᠨᠵᠡᠭᠡᠢ ᠬᠠᠷᠢᠯᠴᠠᠨ ᠬᠥᠳᠡᠯᠦᠯᠴᠡᠭᠡ ᠲᠠᠢ ᠪᠣᠯᠵᠠᠢ᠃
     ᠲᠠᠯ᠎ᠠ ᠨᠤᠲᠤᠭ ᠤᠨ ᠡᠭᠦᠯᠡ ᠰᠢᠯᠵᠢᠶ᠎ᠡ ᠪᠣᠯ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ︽ᠲᠠᠯ᠎ᠠ ᠨᠤᠲᠤᠭ ᠤᠨ ᠡᠭᠦᠯᠡ︾ ᠬᠠᠮ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ᠪᠠᠶᠢᠭᠤᠯᠤᠭᠰᠠᠨ ᠪᠡᠶ᠎ᠡ ᠳᠠᠭᠠᠭᠠᠨ ᠡᠵᠡᠮᠰᠢᠵᠦ ᠪᠤᠯᠬᠤ ᠮᠤᠵᠢ ᠶᠢᠨ ᠳᠡᠰ ᠤᠨ ᠰᠣᠨᠢᠨ ᠮᠡᠳᠡᠭᠡᠨ ᠤ ᠰᠢᠯᠵᠢᠶ᠎ᠡ ᠶᠤᠮ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠭᠤᠷᠪᠠᠨ ᠳᠡᠰ ᠤᠨ ᠵᠠᠭᠤᠴᠢᠯᠠᠭᠤᠷ ᠢ ᠬᠤᠯᠪᠣᠵᠤ᠂ ︽ᠥᠪᠥᠷ ᠮᠣᠩᠭᠤᠯ ᠳᠤ ᠬᠥᠯ ᠲᠣᠭᠲᠠᠵᠤ᠂ ᠪᠦᠭᠦ ᠤᠯᠤᠰ ᠲᠤ ᠬᠠᠨᠳᠤᠭᠤᠯᠤᠨ᠂ ᠳᠡᠯᠡᠬᠡᠢ ᠶᠢᠨ ᠪᠠᠶᠢᠳᠠᠯ ᠢ ᠠᠩᠬᠠᠷᠬᠤ︾ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ︽ᠨᠡᠩ ᠬᠡᠷᠡᠭᠴᠡᠭᠡᠲᠡᠢ᠂ ᠨᠡᠩ ᠠᠮᠠᠷᠬᠠᠨ᠂ ᠨᠡᠩ ᠪᠣᠳᠠᠲᠤ ᠬᠡᠷᠡᠭᠯᠡᠭᠡ ᠲᠠᠢ︾ ᠪᠠᠷ ᠵᠣᠷᠢᠯᠲᠠ ᠪᠠᠨ ᠪᠣᠯᠭᠠᠨ᠂ ᠣᠷᠣᠨ ᠤ ᠳᠣᠲᠣᠨ᠎ᠠ ᠭᠠᠳᠠᠨᠠᠬᠢ ᠭᠤᠣᠯ ᠵᠠᠭᠤᠴᠢᠯᠠᠭᠤᠷ ᠤᠨ ᠰᠢᠯᠢᠳᠡᠭ ᠠᠭᠤᠯᠭ᠎ᠠ ᠶᠢ ᠲᠠᠰᠤᠷᠠᠯᠲᠠ ᠦᠭᠡᠢ ᠬᠤᠷᠠᠮᠳᠤᠭᠤᠯᠵᠤ᠂ ᠵᠠᠰᠠᠭ ᠤᠨ ᠶᠠᠪᠤᠳᠠᠯ ᠤᠨ ᠡᠬᠢ ᠪᠠᠶᠠᠯᠢᠭ ᠪᠠ ᠨᠡᠶᠢᠭᠡᠮ ᠤᠨ ᠤᠯᠠᠨ ᠨᠡᠶᠢᠲᠡ  ᠶᠢᠨ ᠡᠬᠢ ᠪᠠᠶᠠᠯᠢᠭ ᠢ ᠲᠥᠪᠯᠡᠷᠡᠭᠦᠯᠦᠨ ᠬᠤᠷᠢᠶᠠᠵᠤ᠂ ᠥᠪᠥᠷ ᠮᠣᠩᠭᠤᠯ ᠤᠨ ᠬᠢ ᠭᠡᠳᠡᠭ ᠢᠯᠡ ᠲᠣᠳᠣ ᠢᠯᠭᠠᠭ᠎ᠠ  ᠲᠠᠢ᠂ ᠪᠦᠭᠦ ᠤᠯᠤᠰ ᠲᠤ ᠨᠥᠯᠥᠭᠡ ᠪᠦᠬᠦᠢ ᠰᠢᠨ᠎ᠡ ᠭᠡᠯᠪᠡᠷᠢ ᠶᠢᠨ ᠭᠤᠣᠯ ᠵᠠᠭᠤᠴᠢᠯᠠᠭᠤᠷ ᠤᠨ ᠲᠠᠪᠴᠠᠩ ᠢ ᠴᠢᠷᠮᠠᠶᠢᠨ ᠪᠠᠶᠢᠭᠤᠯᠤᠨ᠎ᠠ᠃
     ᠳᠡᠰ ᠳᠡᠪᠰᠢᠭᠰᠡᠨ ᠲᠠᠯ᠎ᠠ ᠨᠤᠲᠤᠭ ᠤᠨ ᠡᠭᠦᠯᠡ ᠰᠢᠯᠵᠢᠶ᠎ᠡ ᠨᠢ ᠥᠷᠭᠡᠨ ᠤᠯᠠᠨ ᠬᠡᠷᠡᠭᠯᠡᠭᠴᠢᠳ ᠲᠤ ᠨᠡᠩ ᠳᠦᠭᠦᠮ ᠳᠥᠲᠡ᠂ ᠣᠶᠤᠨᠴᠢ᠂ ᠰᠡᠳᠬᠢᠯ ᠠᠮᠤᠷ ᠬᠡᠷᠡᠭᠯᠡᠭᠡᠨ ᠤ ᠬᠦᠷᠲᠡᠭᠡᠮᠵᠢ ᠶᠢ ᠣᠯᠭᠤᠬᠤ ᠪᠠᠷ ᠴᠢᠷᠮᠠᠶᠢᠵᠤ᠂ 19 ᠪᠤᠯᠤᠩ ᠢᠶᠠᠨ ᠪᠣᠰᠤᠭ᠎ᠠ ᠪᠠᠶᠢᠷᠢᠰᠢᠯ ᠢᠶᠠᠷ ᠲᠦᠷᠦᠯ ᠬᠤᠪᠢᠶᠠᠵᠤ᠂ ᠳᠦᠷᠪᠡᠨ ᠶᠡᠭᠡ ᠬᠡᠰᠡᠭ ᠢᠶᠠᠨ ᠬᠠᠯᠠᠮᠰᠢᠯ ᠰᠣᠨᠢᠨ ᠮᠡᠳᠡᠭᠡ᠂ ᠠᠷᠠᠳ ᠤᠨ ᠠᠮᠢᠳᠤᠷᠠᠯ ᠤᠨ ᠠᠩᠬᠠᠷᠤᠯ ᠵᠡᠷᠭᠡ ᠳᠤ ᠬᠠᠨᠳᠤᠭᠤᠯᠵᠤ᠂ ᠢᠯᠡ ᠲᠣᠳᠣᠷᠬᠠᠢ ᠪᠠᠶᠢᠷᠢ ᠰᠠᠭᠤᠷᠢ  ᠪᠠᠨ ᠢᠯᠡᠷᠬᠡᠶᠢᠯᠡᠨ ᠦᠵᠡᠭᠦᠯᠵᠡᠢ᠃
     ︽ᠭᠦᠨᠴᠡ ᠮᠡᠳᠡᠭᠡᠯᠡᠯ︾ ︽ᠤᠮᠠᠷᠠᠲᠤ ᠬᠢᠯᠢ ᠶᠢ ᠠᠵᠢᠭᠯᠠᠬᠤᠢ︾ ᠵᠡᠷᠭᠡ ᠪᠤᠯᠤᠩ ᠨᠢ ᠬᠡᠷᠡᠭᠯᠡᠭᠴᠢᠳ ᠲᠤ ᠭᠦᠨᠴᠡ ᠲᠠᠢ᠂ ᠬᠡᠷᠡᠭᠴᠡᠭᠡ ᠲᠠᠢ ᠰᠣᠨᠢᠨ ᠮᠡᠳᠡᠭᠡᠨ ᠤ ᠠᠭᠤᠯᠭ᠎ᠠ ᠶᠢ ᠬᠠᠩᠭᠠᠵᠤ᠂ ︽ᠴᠠᠭ ᠲᠦᠷᠦ︾ ︽ᠡᠭᠦᠯᠡᠨ ᠰᠢᠭᠤᠳ ᠨᠡᠪᠲᠡᠷᠡᠭᠦᠯᠭᠡ︾ ᠵᠡᠷᠭᠡ ᠪᠤᠯᠤᠩ ᠨᠢ ᠬᠡᠷᠡᠭᠯᠡᠭᠴᠢᠳ ᠲᠤ ᠭᠦᠨᠵᠡᠭᠡᠶᠢᠷᠡᠬᠦ ᠮᠠᠶ᠋ᠢᠭ ᠤᠨ ᠤᠩᠰᠢᠯᠭ᠎ᠠ ᠶᠢᠨ ᠬᠦᠷᠲᠡᠮᠵᠢ᠂ ᠬᠠᠷᠠᠭ᠎ᠠ ᠰᠣᠨᠣᠷ ᠤᠨ ᠮᠡᠳᠡᠷᠡᠮᠵᠢ ᠥᠭᠬᠦ ᠪᠣᠯᠣᠨ᠎ᠠ᠃ ︽ᠡᠭᠦᠯᠡᠨ ᠲᠣᠭᠤᠷᠢᠭ︾ ︽ᠡᠭᠦᠯᠡᠨ ᠦᠢᠯᠡᠴᠢᠯᠡᠭᠡ 30 ᠰᠧᠺᠦ᠋ᠨ᠋ᠳ᠋︾ ᠵᠡᠷᠭᠡ ᠬᠡᠰᠡᠭ ᠨᠢ ᠬᠡᠷᠡᠭᠯᠡᠭᠴᠢᠳ ᠲᠤ ᠳᠣᠲᠣᠨᠣ ᠦᠢᠯᠡᠴᠢᠯᠡᠭᠡ ᠬᠠᠩᠭᠠᠵᠤ᠂ ᠬᠡᠷᠡᠭᠯᠡᠭᠴᠢᠳ ᠤᠨ ᠤᠯᠠᠨ ᠡᠰᠢᠴᠢᠯᠡᠭᠰᠡᠨ ᠱᠠᠭᠠᠷᠳᠠᠯᠭ᠎ᠠ ᠶᠢ ᠪᠡᠶᠡᠯᠡᠭᠦᠯᠦᠨ᠂ ᠬᠤᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃
     ᠢᠷᠡᠭᠡᠳᠦᠢ ᠳᠤ ᠲᠠᠯ᠎ᠠ ᠨᠤᠲᠤᠭ ᠤᠨ ᠡᠭᠦᠯᠡ ᠰᠢᠯᠵᠢᠶ᠎ᠡ ᠨᠢ ᠦᠷᠭᠦᠯᠵᠢᠯᠡᠨ ᠠᠭᠤᠰᠤᠯᠴᠠᠨ ᠳᠠᠮᠵᠢᠭᠤᠯᠬᠤ ᠰᠢᠨ᠎ᠡ ᠵᠠᠭᠪᠤᠷ ᠢ ᠬᠠᠶᠢᠵᠤ᠂ ᠭᠦᠨᠴᠡ ᠲᠠᠢ ᠮᠡᠳᠡᠭᠡᠯᠡᠬᠦ᠂ ᠭᠤᠣᠯ ᠬᠦᠴᠦᠨ ᠪᠤᠯᠬᠤ᠂ ᠡᠷᠬᠡ ᠰᠦᠷᠲᠡᠢ ᠪᠠᠶᠢᠬᠤ ᠶᠢ ᠪᠠᠷᠢᠮᠲᠠᠯᠠᠨ᠂ ᠭᠤᠣᠯ ᠹᠷᠤᠨᠲ᠂ ᠭᠤᠣᠯ ᠲᠠᠪᠴᠠᠩ᠂ ᠭᠤᠣᠯ ᠳᠠᠮᠵᠢᠭᠤᠯᠭ᠎ᠠ ᠶᠢᠨ ᠱᠤᠭᠤᠮ ᠤᠨ ᠦᠢᠯᠡᠳᠦᠯ ᠢᠶᠠᠨ ᠭᠠᠷᠭᠠᠵᠤ᠂ ᠵᠥᠪ ᠡᠨᠧᠷᠭᠢ ᠶᠢ ᠦᠶᠡᠯᠵᠡᠬᠦ ᠶᠡᠭᠡ ᠤᠷᠤᠰᠴᠠ ᠪᠤᠯᠭᠠᠵᠤ᠂ ᠵᠥᠪ ᠰᠠᠶᠢᠨ ᠳᠠᠭᠤ ᠬᠤᠭᠤᠯᠠᠢ ᠶᠢ ᠨᠡᠩ ᠬᠦᠴᠦᠷᠬᠡᠭ ᠳᠠᠭᠤᠨ ᠪᠣᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号