ᠮᠠᠨ ᠤ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠥᠨᠥᠳᠥᠷ ᠠᠴᠠ ᠡᠬᠢᠯᠡᠨ ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠶᠢ ᠪᠥᠬᠦ ᠲᠠᠯ᠎ᠠ ᠪᠠᠷ ᠲᠤᠷᠰᠢᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/5/21
      ︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠥᠨᠥᠳᠥᠷ ᠠᠴᠠ ᠡᠬᠢᠯᠡᠨ᠂ ᠪᠦᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠷᠰᠢᠨ ᠬᠡᠷᠡᠭᠵᠢᠭᠦᠯᠦᠨ᠎ᠡ᠃      ᠣᠶᠢᠯᠠᠭᠠᠭᠰᠠᠨ ᠢᠶᠠᠷ᠂ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠡᠲᠡᠭᠡᠳ ᠨᠢ ᠪᠥᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠠᠭᠲᠠᠨ᠎ᠠ︶ ᠪᠠᠶᠢᠵᠤ᠂ ᠬᠤᠶᠠᠳᠤᠭᠠᠷ ᠳᠡᠰ ᠤᠨ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠳᠤ ᠡᠩ ᠤᠨ ᠡᠭᠦᠳᠡᠨ ᠡᠮᠨᠡᠯᠭᠡ᠂ ᠲᠤᠰᠬᠠᠢ ᠮᠡᠷᠭᠡᠵᠢᠯᠲᠡᠨ ᠤ ᠡᠭᠦᠳᠡᠨ ᠡᠮᠨᠡᠯᠭᠡ ︵ᠣᠯᠠᠨ ᠰᠢᠨᠵᠢᠯᠡᠭᠡᠨ ᠤ ᠰᠠᠯᠠᠭ᠎ᠠ ᠶᠢᠨ ᠣᠨᠣᠰᠢᠯᠠᠨ ᠡᠮᠨᠡᠬᠦ ᠡᠭᠦᠳᠡᠨ ᠡᠮᠨᠡᠯᠭᠡ᠂ ᠣᠨᠴᠠ ᠬᠡᠷᠡᠭᠴᠡᠭᠡᠨ ᠤ ᠡᠭᠦᠳᠡᠨ ᠡᠮᠨᠡᠯᠭᠡ᠂ ᠰᠠᠯᠠᠭ᠎ᠠ ᠲᠠᠰᠤᠭ ᠠᠯᠤᠰᠯᠠᠨ ᠲᠤᠰᠬᠠᠢ ᠮᠡᠷᠭᠡᠵᠢᠯ ᠠᠯᠤᠰᠯᠠᠨ ᠡᠪᠡᠳᠴᠢᠨ ᠦᠵᠡᠭᠦᠯᠬᠦ ᠶᠢ ᠪᠠᠭᠲᠠᠭᠠᠬᠤ ᠦᠭᠡᠢ︶ ᠶᠢᠨ ᠡᠪᠡᠳᠴᠢᠲᠡᠨ ᠳᠤ ᠡᠪᠡᠳᠴᠢᠨ ᠦᠵᠡᠭᠦᠯᠦᠭᠰᠡᠨ ᠲᠤᠬᠠᠢ ᠶᠢᠨ ᠡᠳᠦᠷ ᠲᠤ ᠰᠢᠯᠭᠠᠨ ᠪᠠᠶᠢᠴᠠᠭᠠᠵᠤ᠂ ᠪᠠᠶᠢᠴᠠᠭᠠᠯᠲᠠ ᠬᠢᠵᠦ ᠳᠠᠭᠤᠰᠬᠠᠵᠤ ᠳᠡᠶᠢᠯᠬᠦ ᠦᠭᠡᠢ ᠪᠤᠶᠤ ᠮᠡᠳᠡᠭᠦᠯᠦᠯᠲᠡ ᠣᠯᠵᠤ ᠳᠡᠶᠢᠯᠬᠦ ᠦᠭᠡᠢ ᠪᠠᠶᠢᠪᠠᠯ᠂ ᠭᠤᠷᠪᠠᠨ ᠡᠳᠦᠷ ᠤᠨ ᠳᠣᠲᠣᠷ᠎ᠠ ︵ᠠᠩᠬ᠎ᠠ ᠤᠳᠠᠭ᠎ᠠ ᠡᠮᠨᠡᠭᠦᠯᠦᠭᠰᠡᠨ ᠡᠳᠦᠷ ᠪᠠᠭᠲᠠᠨ᠎ᠠ︶᠂ ᠪᠠᠶᠢᠴᠠᠭᠠᠬᠤ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠠᠪᠴᠤ ᠠᠳᠠᠯᠢ ᠨᠢᠭᠡ ᠡᠮᠨᠡᠯᠭᠡ ᠶᠢᠨ ᠲᠣᠭᠤᠷᠢᠭ᠂ ᠠᠳᠠᠯᠢ ᠨᠢᠭᠡ ᠰᠠᠯᠠᠭ᠎ᠠ ᠲᠠᠰᠤᠭ ᠲᠤ ᠪᠤᠴᠠᠨ ︵ᠳᠠᠬᠢᠨ︶ ᠡᠮᠨᠡᠭᠦᠯᠬᠦ ᠦᠶ᠎ᠡ ᠳᠤ ᠡᠭᠦᠳᠡᠨ ᠡᠮᠨᠡᠯᠭᠡ ᠶᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠵᠠᠷᠤᠳᠠᠯ︶ ᠲᠤᠰᠢᠶᠠᠬᠤ ᠠᠴᠠ ᠬᠡᠯᠲᠦᠷᠢᠭᠦᠯᠦᠨ᠎ᠡ᠃ ᠡᠪᠡᠳᠴᠢᠲᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠡᠮᠨᠡᠬᠦ ᠲᠠᠰᠤᠯᠭ᠎ᠠ᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠥᠪ᠂ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠵᠡᠷᠭᠡ ᠣᠯᠠᠨ ᠵᠦᠢᠯ ᠤᠨ ᠪᠣᠯᠵᠣᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠤᠴᠠᠨ ︵ᠳᠠᠬᠢᠨ︶ ᠡᠮᠨᠡᠭᠦᠯᠬᠦ ᠳ᠋ᠤᠭᠠᠷ ᠣᠯᠵᠤ᠂ ᠦᠷᠭᠦᠯᠵᠢᠯᠡᠨ ᠪᠦᠲᠦᠮᠵᠢᠲᠡᠶ ᠣᠨᠣᠰᠢᠯᠠᠨ ᠵᠠᠰᠠᠵᠤ ᠪᠣᠯᠣᠨ᠎ᠠ᠃  ᠬᠡᠷᠪᠡ ᠨᠢᠭᠡᠳᠦᠭᠡᠷ ᠤᠳᠠᠭᠠᠨ ᠤ ᠣᠨᠣᠰᠢᠯᠠᠨ ᠡᠮᠨᠡᠬᠦ ᠠᠵᠢᠯ ᠨᠢᠭᠡᠨᠲᠡ ᠳᠠᠭᠤᠰᠤᠭᠰᠠᠨ ᠪᠣᠯ᠂ ᠳᠠᠬᠢᠨ ᠦᠷᠭᠦᠯᠵᠢᠯᠡᠨ ᠡᠮᠨᠡᠨ ᠵᠠᠰᠠᠬᠤ ᠳᠠᠭᠠᠨ ᠳᠠᠬᠢᠵᠤ ᠳ᠋ᠤᠭᠠᠷᠯᠠᠬᠤ ᠬᠡᠷᠡᠭᠲᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号