3 ᠵᠦᠢᠯ ᠤᠨ ᠵᠠᠭᠪᠤᠷ 10 ᠵᠦᠢᠯ ᠤᠨ ᠠᠷᠭ᠎ᠠ ᠪᠠᠷ ᠨᠤᠲᠤᠭ ᠪᠡᠯᠴᠢᠭᠡᠷ ᠢ ᠠᠮᠠᠷᠠᠭᠤᠯᠤᠨ ᠰᠡᠷᠭᠦᠭᠡᠨ᠎ᠡ
ᠨᠡᠶᠢᠲᠡᠯᠡᠭᠰᠡᠨ ᠴᠠᠭ᠄
2024/5/21
      ᠠᠮᠢᠵᠢᠷᠠᠯ ᠪᠢᠯᠬᠠᠭᠰᠠᠨ ᠲᠠᠪᠤᠨ ᠰᠠᠷ᠎ᠠ ᠶᠢᠨ ᠤᠷᠠᠳ ᠤᠨ ᠲᠠᠯ᠎ᠠ ᠨᠤᠲᠤᠭ ᠲᠤ ᠵᠥᠭᠡᠯᠡᠨ ᠰᠠᠯᠬᠢ ᠬᠠᠴᠠᠷ ᠢ ᠢᠯᠪᠢᠵᠦ᠂ ᠠᠭᠤᠯᠠ ᠲᠣᠯᠣᠭᠠᠳ ᠨᠣᠭᠤᠭᠠᠷᠠᠵᠤ ᠡᠬᠢᠯᠡᠯ᠎ᠡ᠃ ᠮᠠᠯᠴᠢᠨ ᠴᠢ᠊·ᠪᠠᠭᠠᠲᠤᠷ ᠤᠨ ᠪᠡᠯᠴᠢᠭᠡᠷ ᠳᠡᠭᠡᠷ᠎ᠡ ᠬᠠᠭᠳᠠ ᠠᠯᠠᠭᠯᠠᠨ ᠰᠢᠨ᠎ᠡ ᠨᠣᠭᠤᠭ᠎ᠠ ᠴᠤᠬᠤᠶᠢᠵᠤ᠂ ᠬᠥᠳᠡᠭᠡ ᠨᠤᠲᠤᠭ ᠤᠨ ᠥᠪᠡᠷᠮᠢᠴᠡ ᠰᠠᠶᠢᠬᠠᠨ ᠦᠵᠡᠮᠵᠢ ᠲᠣᠳᠣᠷᠠᠨ᠎ᠠ᠃      ︽ᠲᠠ ᠦᠵᠡᠭᠡᠴᠢ᠂ ᠮᠠᠨ ᠤ ᠪᠡᠯᠴᠢᠭᠡᠷ ᠲᠤ ᠲᠡᠮᠡᠭᠡᠨ ᠬᠥᠬᠦ᠂  ᠰᠢᠷ᠎ᠠ ᠪᠣᠷᠣᠯᠵᠢ ᠵᠡᠷᠭᠡ ᠣᠯᠠᠨ ᠵᠢᠯ ᠤᠷᠭᠤᠭ᠎ᠠ ᠦᠭᠡᠢ ᠤᠷᠭᠤᠮᠠᠯ ᠳᠠᠭᠢᠨ ᠰᠡᠷᠭᠦᠭᠰᠡᠨ ᠪᠠᠶᠢᠨ᠎ᠠ᠂ ᠡᠨᠡ ᠰᠠᠶ᠋ᠢ ᠨᠤᠲᠤᠭ ᠤᠨ ᠮᠢᠨᠢ ᠤᠤᠯ ᠲᠥᠷᠬᠦ ᠪᠣᠯᠣᠨ᠎ᠠ︾ ᠬᠡᠮᠡᠨ ᠴᠢ᠊·ᠪᠠᠭᠠᠲᠤᠷ ᠲᠤᠬᠳᠤᠯᠤᠬᠰᠠᠨ ᠰᠡᠳᠬᠢᠯ ᠢᠶᠠᠨ ᠳᠠᠷᠤᠵᠤ ᠶᠠᠳᠠᠨ᠂ ᠨᠤᠲᠤᠭ ᠤᠨ ᠢᠶᠠᠨ ᠡᠪᠡᠰᠦ ᠤᠷᠭᠤᠮᠠᠯ ᠤᠨ ᠬᠤᠴᠢᠯᠠᠭ᠎ᠠ ᠶᠢᠨ ᠰᠡᠷᠭᠦᠭᠰᠡᠨ ᠪᠠᠶᠢᠳᠠᠯ ᠢ ᠬᠤᠪᠢᠶᠠᠯᠴᠠᠨ᠎ᠠ᠃      ᠡᠨᠡ ᠬᠡᠰᠡᠭ ᠪᠡᠯᠴᠢᠭᠡᠷ ᠤᠨ ᠰᠡᠷᠭᠦᠨ ᠰᠠᠶᠢᠵᠢᠷᠠᠭᠰᠠᠨ ᠨᠢ ᠵᠣᠬᠢᠰᠲᠠᠢ ᠠᠮᠠᠷᠠᠭᠤᠯᠤᠨ ᠰᠡᠷᠭᠦᠭᠡᠭᠰᠡᠨ ᠠᠴᠠ ᠪᠣᠯᠤᠭᠰᠠᠨ ᠶᠤᠮ᠃ ᠪᠠᠶᠠᠨᠨᠠᠭᠤᠷ ᠬᠤᠳᠠ ᠶᠢᠨ ᠤᠷᠠᠳ ᠤᠨ ᠳᠤᠮᠳᠠᠳᠤ ᠬᠤᠰᠢᠭᠤᠨ ᠤ ᠪᠠᠶᠠᠨ᠋ᠤ᠋ᠯᠠᠭᠠᠨ ᠰᠤᠮᠤ ᠶᠢᠨ ᠤᠤᠭᠠᠯ ᠡᠷᠦᠭᠡ ᠪᠣᠯᠤᠭᠰᠠᠨ ᠤ ᠬᠤᠪᠢ ᠳᠤ ᠴᠢ᠊·ᠪᠠᠭᠠᠲᠤᠷ ᠤᠨ ᠬᠢᠨ 3080 ᠮᠦ ᠪᠡᠯᠴᠢᠭᠡᠷ ᠲᠠᠢ᠃ ᠨᠤᠲᠤᠭ ᠪᠡᠯᠴᠢᠭᠡᠷ ᠲᠠᠴᠢᠷᠰᠢᠨ ᠡᠳᠦᠷ ᠢᠷᠡᠬᠦᠶ᠎ᠡ ᠬᠡᠴᠡᠭᠦᠳᠡᠵᠦ ᠪᠠᠶᠢᠬᠤ ᠵᠢᠴᠢ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠵᠢᠯ ᠳᠠᠷᠠᠭᠠᠯᠠᠨ ᠨᠡᠮᠡᠭᠳᠡᠬᠦ ᠪᠠᠶᠢᠳᠠᠯ ᠢ ᠠᠷᠭᠠᠴᠠᠭᠠᠬᠤ ᠶᠢᠨ ᠲᠤᠯᠠᠳᠠ᠂ 2020 ᠣᠨ ᠳᠤ ᠲᠡᠷᠡ ᠥᠪᠡᠷ ᠤᠨ 1040 ᠮᠦ ᠪᠡᠯᠴᠢᠭᠡᠷ ᠢᠶᠠᠨ ᠪᠢᠲᠡᠭᠦᠮᠵᠢᠯᠡᠨ ᠠᠮᠠᠷᠠᠭᠤᠯᠬᠤ ᠪᠠᠷ ᠡᠷᠡᠰ ᠰᠢᠢᠳᠴᠡᠢ᠃ ᠡᠳᠦᠭᠡ᠂ ᠡᠨᠡ ᠬᠡᠰᠡᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠳᠤ ᠯᠤᠲᠤ ᠶᠡᠭᠡ ᠬᠤᠪᠢᠷᠠᠯᠲᠠ ᠭᠠᠷᠤᠭᠰᠠᠨ ᠪᠠᠶᠢᠨ᠎ᠠ᠃ ᠪᠠᠶᠢᠴᠠᠭᠠᠯᠲᠠ ᠶᠢ ᠦᠨᠳᠦᠰᠦᠯᠡᠪᠡᠯ᠂ ᠲᠤᠰ ᠪᠡᠯᠴᠢᠭᠡᠷ ᠤᠨ ᠡᠪᠡᠰᠦᠨ ᠤ ᠲᠥᠷᠥᠯ ᠨᠢᠭᠡᠨᠲᠡ 59 ᠵᠦᠢᠯ ᠳᠤ ᠬᠦᠷᠴᠦ᠂ ᠤᠷᠭᠤᠮᠠᠯ ᠤᠨ ᠪᠦᠷᠬᠦᠴᠡ 70% ᠶᠢ ᠳᠠᠪᠠᠭᠰᠠᠨ ᠪᠠᠶᠢᠨ᠎ᠠ᠃      ᠪᠢᠲᠡᠭᠦᠮᠵᠢᠯᠡᠨ ᠠᠮᠠᠷᠠᠭᠤᠯᠤᠭᠰᠠᠨ ᠪᠡᠯᠴᠢᠭᠡᠷ ᠤᠨ ᠵᠠᠬ᠎ᠠ ᠪᠠᠷ ᠠᠯᠬᠤᠯᠠᠬᠤ ᠳᠤ᠂ ᠲᠣᠣᠷ ᠳᠣᠲᠣᠷᠠᠬᠢ ᠤᠷᠭᠤᠮᠠᠯ ᠤᠨ ᠨᠢᠭᠲᠠᠴᠠ ᠪᠣᠯᠣᠨ ᠥᠨᠳᠥᠷ ᠤᠨ ᠬᠡᠮᠵᠢᠶ᠎ᠡ ᠨᠢ ᠣᠶᠢᠷ᠎ᠠ ᠬᠠᠪᠢ ᠶᠢᠨ ᠪᠢᠲᠡᠭᠦᠮᠵᠢᠯᠡᠭᠰᠡᠨ ᠦᠭᠡᠢ ᠪᠡᠯᠴᠢᠭᠡᠷ ᠠᠴᠠ ᠮᠡᠳᠡᠭᠳᠡᠮ᠎ᠡ ᠥᠨᠳᠥᠷ ᠪᠠᠶᠢᠬᠤ ᠨᠢ ᠮᠡᠳᠡᠭᠳᠡᠨ᠎ᠡ᠃      ︽ᠨᠤᠲᠤᠭ ᠪᠡᠯᠴᠢᠭᠡᠷ ᠨᠢ ᠮᠠᠯᠴᠢᠳ ᠤᠨ ᠠᠮᠢ ᠭᠤᠣᠯ ᠲᠠᠢ ᠠᠳᠠᠯᠢ᠂ ᠨᠤᠲᠤᠭ ᠪᠡᠯᠴᠢᠭᠡᠷ ᠢᠶᠠᠨ ᠰᠡᠷᠭᠦᠭᠡᠬᠦ ᠨᠢ ᠬᠤᠪᠢ ᠵᠠᠶᠠᠭ᠎ᠠ ᠪᠠᠨ ᠭᠠᠷ ᠲᠠᠭᠠᠨ ᠠᠳᠬᠤᠭᠰᠠᠨ ᠶᠠᠪᠤᠳᠠᠯ ᠪᠣᠯᠣᠨ᠎ᠠ᠃ ᠣᠳᠣ ᠮᠠᠰᠢ ᠤᠯᠠᠨ ᠬᠥᠮᠥᠨ ᠮᠢᠨᠤ ᠪᠡᠯᠴᠢᠭᠡᠷ ᠢ ᠥᠨᠳᠥᠷ ᠦᠨ᠎ᠡ ᠪᠠᠷ ᠲᠦᠷᠢᠶᠡᠰᠦᠯᠡᠬᠦ ᠬᠦᠰᠡᠯ ᠲᠠᠢ᠂ ᠭᠡᠪᠡᠴᠦ ᠪᠢ ᠪᠦᠷ ᠵᠥᠪᠰᠢᠶᠡᠷᠡᠭᠰᠡᠨ ᠦᠭᠡᠢ︾ ᠭᠡᠵᠦ ᠴᠢ᠊·ᠪᠠᠭᠠᠲᠤᠷ ᠬᠡᠯᠡᠨ᠎ᠡ᠃ ᠥᠩᠭᠡᠷᠡᠭᠰᠡᠨ ᠳᠤ ᠡᠨᠡ ᠬᠡᠰᠡᠭ ᠪᠡᠯᠴᠢᠭᠡᠷ ᠨᠢ ᠪᠦᠷ ᠬᠠᠯᠴᠠᠭᠠᠶᠢᠷᠠᠨ ᠲᠠᠴᠢᠷᠳᠠᠵᠤ᠂ ᠤᠷᠭᠤᠮᠠᠯ ᠤᠨ ᠬᠤᠴᠢᠯᠠᠭ᠎ᠠ ᠪᠠᠷ ᠮᠠᠰᠢ ᠰᠡᠶᠢᠷᠡᠭ ᠪᠠᠶᠢᠭᠰᠠᠨ ᠴᠸ᠂ ᠬᠡᠳᠦᠬᠡᠨ ᠵᠢᠯ ᠤᠨ ᠬᠤᠭᠤᠴᠠᠭᠠᠨ ᠳᠤ ᠠᠮᠠᠷᠠᠭᠤᠯᠤᠨ ᠰᠡᠷᠭᠦᠭᠡᠬᠦ ᠪᠠᠷ ᠳᠠᠮᠵᠢᠭᠠᠳ ᠣᠶᠢᠷ᠎ᠠ ᠬᠠᠪᠢ ᠶᠢᠨ ᠢᠶᠠᠨ ᠮᠠᠯᠴᠢᠳ ᠤᠨ ᠪᠠᠭ᠋ᠠᠷᠬᠠᠯ ᠢ ᠲᠠᠲᠠᠭᠰᠠᠨ ︽ᠨᠣᠭᠤᠭᠠᠨ ᠪᠦᠷᠢᠳᠦ︾ ᠪᠣᠯᠤᠭᠰᠠᠨ ᠪᠠᠶᠢᠨ᠎ᠠ᠃      ᠴᠢ᠊·ᠪᠠᠭᠠᠲᠤᠷ ᠤᠨ ᠬᠢᠨ ᠲᠠᠢ ᠠᠳᠠᠯᠢ ᠤᠷᠠᠳ ᠨᠤᠲᠤᠭ ᠲᠤ ᠤᠯᠠᠨ ᠵᠢᠱᠢᠶ᠎ᠡ ᠴᠣᠯᠭᠤᠷᠠᠭᠰᠠᠨ ᠪᠠᠶᠢᠨ᠎ᠠ᠃ ᠠᠯᠢ ᠡᠷᠲᠡ 2000 ᠣᠨ ᠠᠴᠠ ᠡᠬᠢᠯᠡᠨ᠂ ᠤᠷᠠᠳ ᠤᠨ ᠳᠤᠮᠳᠠᠳᠤ ᠬᠤᠰᠢᠭᠤᠨ ᠤ ᠭᠠᠭᠴᠠᠮᠣᠳᠤ ᠪᠠᠯᠭᠠᠰᠤᠨ ᠤ ᠮᠠᠯᠴᠢᠨ ᠪᠠᠶᠠᠨᠪᠣᠯᠣᠳ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠬᠦ ᠵᠠᠮ ᠢ ᠬᠠᠶᠢᠨ ᠰᠦᠪᠡᠭᠴᠢᠯᠡᠵᠦ᠂ ᠪᠠᠰᠠ ᠨᠢᠭᠡᠨ ᠢᠵᠢ ᠥᠪᠡᠷᠮᠢᠴᠡ ᠣᠨᠴᠠᠯᠢᠭ ᠲᠠᠢ ᠨᠤᠲᠤᠭ ᠪᠡᠯᠴᠢᠭᠡᠷ ᠢ ᠠᠰᠢᠭᠯᠠᠬᠤ ᠣᠶᠢᠯᠠᠭᠠᠭᠳᠠᠬᠤᠨ ᠪᠠ ᠮᠠᠯ ᠮᠠᠯᠵᠢᠬᠤ ᠡᠵᠡᠩᠨᠡᠯᠲᠡ ᠶᠢᠨ ᠠᠷᠭ᠎ᠠ ᠭᠡᠯᠪᠡᠷᠢ ᠶᠢ ᠠᠮᠵᠢᠯᠲᠠ ᠲᠠᠢ ᠳ᠋ᠦᠩᠨᠡᠵᠦ ᠭᠠᠷᠭᠠᠵᠠᠢ᠃ ᠲᠡᠷᠡ ᠥᠪᠡᠷ ᠤᠨ ᠲᠤᠷᠰᠢᠯᠭ᠎ᠠ ᠪᠠ ᠠᠷᠭ᠎ᠠ ᠤᠬᠠᠭᠠᠨ ᠢᠶᠠᠨ ᠢᠳᠡᠪᠬᠢᠲᠡᠢ ᠪᠠᠷ ᠪᠤᠰᠤᠳ ᠰᠤᠮᠤ ᠪᠠᠯᠭᠠᠰᠤᠨ ᠤ ᠮᠠᠯᠴᠢᠳ ᠲᠤ ᠤᠯᠠᠮᠵᠢᠯᠠᠨ ᠳᠡᠯᠭᠡᠷᠡᠭᠦᠯᠵᠦ᠂ ᠣᠯᠠᠨ ᠤ ᠬᠦᠷᠢᠶᠡᠯᠡᠯ ᠢ ᠣᠯᠣᠭᠰᠠᠨ ᠪᠠᠶᠢᠨ᠎ᠠ᠃      ᠮᠠᠯ ᠤᠨ ᠲᠤᠭ᠎ᠠ ᠲᠣᠯᠣᠭᠠᠢ ᠪᠠᠨ ᠴᠥᠭᠡᠳᠬᠡᠬᠦ ᠪᠠ ᠭᠡᠷ ᠤᠨ ᠲᠡᠵᠢᠭᠡᠪᠦᠷᠢ ᠶᠢᠨ ᠲᠥᠷᠥᠯ ᠵᠦᠢᠯ ᠢ ᠰᠡᠯᠭᠦᠬᠦ ᠵᠡᠷᠭᠡ ᠠᠷᠭ᠎ᠠ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠠᠭ᠎ᠠ ᠶᠢ ᠶᠡᠷᠦ ᠳᠡᠭᠡᠨ 3 ~ 5 ᠵᠢᠯ ᠤᠨ ᠳᠣᠲᠣᠷ᠎ᠠ ᠢᠯᠡᠷᠬᠡᠢ ᠰᠡᠷᠭᠦᠭᠡᠵᠦ ᠴᠢᠳᠠᠨ᠎ᠠ ᠭᠡᠵᠦ ᠹᠦ᠋ ᠭᠠᠩ ᠦᠵᠡᠳᠡᠭ᠃ ︽ᠮᠠᠯ ᠤᠨ ᠲᠤᠭ᠎ᠠ ᠲᠣᠯᠣᠭᠠᠢ  ᠪᠠᠨ ᠴᠥᠭᠡᠳᠬᠡᠬᠦ ᠨᠢ ᠣᠷᠣᠯᠭ᠎ᠠ ᠪᠠᠨ ᠪᠠᠭᠠᠰᠬᠠᠬᠤ ᠶᠠᠪᠤᠳᠠᠯ ᠪᠢᠰᠢ᠂ ᠨᠤᠲᠤᠭ ᠪᠡᠯᠴᠢᠭᠡᠷ ᠤᠨ ᠰᠡᠷᠭᠦᠬᠦ ᠶᠢ ᠳᠠᠭᠠᠯᠳᠤᠨ᠂ ᠮᠠᠯ ᠤᠨᠤᠭ᠎ᠠ   ᠴᠢᠨᠠᠷ ᠰᠠᠶᠢᠲᠠᠢ ᠪᠠᠶᠢᠭᠠᠯᠢ ᠶᠢᠨ ᠡᠪᠡᠰᠦ ᠶᠢ ᠢᠳᠡᠵᠦ᠂ ᠡᠭᠦᠨ ᠤ ᠤᠯᠠᠮ ᠠᠴᠠ ᠥᠰᠦᠯᠲᠡ ᠶᠢᠨ ᠬᠤᠷᠳᠤᠴᠠ᠂ ᠦᠷᠡᠵᠢᠯ ᠤᠨ ᠨᠣᠷᠮ᠎ᠠ ᠪᠠ ᠲᠠᠷᠭᠤ  ᠬᠦᠴᠦ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠲᠡᠵᠢᠭᠡᠯ ᠪᠣᠷᠳᠣᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠡᠭᠦᠨ ᠠᠴᠠ ᠭᠠᠳᠠᠨ᠎ᠠ᠂ ᠮᠠᠯ ᠤᠨ ᠲᠤᠭ᠎ᠠ ᠲᠣᠯᠣᠭᠠᠢ ᠪᠠᠨ ᠴᠥᠭᠡᠳᠬᠡᠪᠡᠯ ᠭᠦᠳᠡᠯᠮᠦᠷᠢ ᠬᠦᠴᠦᠨ ᠢ ᠠᠷᠪᠢᠯᠠᠵᠤ᠂ ᠢᠯᠡᠭᠦᠴᠡ ᠭᠦᠳᠡᠯᠮᠦᠷᠢ ᠬᠦᠴᠦᠨ ᠨᠢ ᠪᠤᠰᠤᠳ ᠠᠵᠤ ᠦᠢᠯᠡᠰ ᠢᠶᠠᠷ ᠳᠠᠮᠵᠢᠨ ᠣᠷᠣᠯᠭ᠎ᠠ ᠪᠠᠨ ᠨᠡᠮᠡᠭᠳᠡᠭᠦᠯᠵᠦ ᠪᠣᠯᠣᠨ᠎ᠠ︾ ᠭᠡᠵᠦ ᠪᠠᠶᠠᠨᠪᠣᠯᠣᠳ ᠬᠡᠯᠡᠪᠡ᠃      ᠡᠨᠡ ᠵᠢᠯ ᠤᠨ 1 ᠰᠠᠷ᠎ᠠ ᠳᠤ᠂ ᠪᠠᠶᠠᠨᠪᠣᠯᠣᠳ ᠤᠷᠠᠳ ᠤᠨ ᠳᠤᠮᠳᠠᠳᠤ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢᠨ ᠰᠤᠳᠤᠯᠭᠠᠨ ᠤ ᠨᠡᠶᠢᠭᠡᠮᠯᠢᠭ ᠢ ᠡᠭᠦᠰᠬᠡᠨ ᠪᠠᠶᠢᠭᠤᠯᠵᠤ᠂ ᠲᠤᠰᠬᠠᠢ ᠮᠡᠷᠭᠡᠵᠢᠯᠲᠡᠨ᠂ ᠵᠠᠰᠠᠭ ᠤᠨ ᠣᠷᠳᠣᠨ ᠪᠠ ᠣᠯᠠᠨ ᠲᠦᠮᠡᠨ ᠤ ᠲᠤᠷᠰᠢᠯᠭ᠎ᠠ ᠪᠠᠨ ᠰᠣᠯᠢᠯᠴᠠᠬᠤ ᠲᠠᠪᠴᠠᠩ ᠢ ᠴᠣᠭᠴᠠᠯᠠᠵᠤ᠂ ᠴᠥᠯᠯᠡᠷᠭᠡᠭ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠵᠢᠴᠢ ︽ᠬᠥᠮᠥᠨ- ᠮᠠᠯ - ᠡᠪᠡᠰᠦ︾ ᠶᠢᠨ ᠡᠶ᠎ᠡ ᠵᠣᠬᠢᠴᠠᠩᠭᠤᠢ ᠬᠠᠮᠲᠤ  ᠪᠠᠷ ᠣᠷᠣᠰᠢᠬᠤ ᠶᠢ ᠪᠡᠶᠡᠯᠡᠭᠦᠯᠬᠦ ᠦᠷᠭᠦᠯᠵᠢᠯᠡᠬᠦᠶᠢᠴᠡ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠵᠠᠮ ᠢ ᠬᠠᠶᠢᠨ ᠰᠦᠪᠡᠭᠴᠢᠯᠡᠬᠦ ᠪᠠᠷ ᠵᠣᠷᠢᠯᠲᠠ ᠪᠣᠯᠭᠠᠪᠠ᠃ ᠣᠳᠣᠬᠠᠨ ᠪᠤᠯᠲᠠᠯ᠎ᠠ ᠲᠤᠰ ᠰᠤᠳᠤᠯᠭᠠᠨ ᠤ ᠨᠡᠶᠢᠭᠡᠮᠯᠢᠭ ᠨᠢ  ᠨᠢᠭᠡᠨᠲᠡ 13 ᠬᠠᠮᠲᠤᠷᠠᠨ ᠠᠵᠢᠯᠯᠠᠬᠤ ᠵᠢᠱᠢᠶᠡᠴᠢ ᠡᠷᠦᠭᠡ ᠲᠠᠢ ᠪᠣᠯᠵᠤ᠂ ᠬᠤᠯᠪᠣᠭᠳᠠᠭᠰᠠᠨ ᠨᠤᠲᠤᠭ ᠪᠡᠯᠴᠢᠭᠡᠷ ᠤᠨ ᠲᠠᠯᠠᠪᠠᠢ  ᠨᠢ 21 ᠲᠦᠮᠡᠨ ᠮᠦ ᠳᠤ ᠭᠦᠷᠪᠡ᠃      ᠳᠤᠮᠳᠠᠳᠤ ᠤᠯᠤᠰ ᠤᠨ ᠣᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠰᠤᠳᠤᠯᠬᠤ ᠭᠠᠵᠠᠷ ᠤᠨ ᠳ᠋ᠣᠺᠲ᠋ᠣᠷ ᠶᠣᠣ ᠰᠢᠤᠸᠠᠢ ᠯᠢᠩ ᠪᠣᠯ ᠲᠤᠰ ᠰᠤᠳᠤᠯᠭᠠᠨ ᠤ ᠨᠡᠶᠢᠭᠡᠮᠯᠢᠭ ᠤᠨ ᠨᠢᠭᠡᠨ ᠭᠡᠰᠢᠭᠦᠨ ᠪᠣᠯᠣᠨ᠎ᠠ᠂ ᠲᠡᠷᠡ ᠦᠷᠭᠦᠯᠵᠢ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢ ᠪᠠ ᠮᠠᠯᠴᠢᠨ ᠲᠦᠮᠡᠨ ᠳᠤ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠤᠨ ᠪᠣᠯᠪᠠᠰᠤᠷᠠᠯ ᠬᠦᠷᠲᠡᠭᠡᠳᠡᠭ᠃ ᠲᠡᠷᠡ ᠪᠡᠯᠴᠢᠭᠡᠷ ᠮᠠᠭᠤᠳᠠᠭᠰᠠᠨ ᠰᠢᠯᠲᠠᠭᠠᠨ᠂ ᠰᠡᠷᠭᠦᠭᠡᠬᠦ ᠠᠷᠭ᠎ᠠ ᠵᠢᠴᠢ ᠮᠠᠯ ᠤᠨ ᠡᠭᠦᠯᠳᠡᠷ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠠᠰᠠᠭᠤᠳᠠᠯ ᠳᠤ ᠨᠠᠷᠢᠨ ᠲᠠᠶᠢᠯᠪᠤᠷᠢᠯᠠᠯᠲᠠ ᠬᠢᠵᠦ᠂ ᠮᠠᠯᠴᠢᠳ ᠤᠨ ᠬᠠᠯᠠᠭᠤᠨ ᠬᠦᠷᠢᠶᠡᠯᠡᠯ ᠢ ᠣᠯᠵᠠᠢ᠃      ︽ᠪᠢᠳᠡ ᠠᠶᠠᠨᠳᠠᠭᠠᠨ ᠰᠡᠷᠭᠦᠭᠡᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠣᠳᠣᠬᠠᠨ ᠳᠤ ᠣᠯᠠᠨ ᠠᠮᠵᠢᠯᠲᠠ  ᠲᠠᠢ ᠵᠢᠱᠢᠶ᠎ᠡ ᠶᠢ ᠡᠭᠦᠳᠦᠭᠰᠡᠨ ᠶᠤᠮ᠃ ᠤᠯᠠᠮ ᠠᠴᠠ ᠣᠯᠠᠨ ᠮᠠᠯᠴᠢᠳ ᠲᠠᠯ᠎ᠠ ᠨᠤᠲᠤᠭ ᠤᠨ ᠠᠮᠢ ᠠᠬᠤᠢ ᠶᠢ ᠠᠶᠠᠨᠳᠠᠭᠠᠨ ᠰᠡᠷᠭᠦᠬᠦ ᠡᠩᠨᠡᠭᠡᠨ ᠳᠤ ᠣᠷᠣᠬᠤ ᠶᠢ ᠳᠠᠭᠠᠯᠳᠤᠨ᠂ ᠤᠷᠠᠳ ᠤᠨ ᠲᠠᠯ᠎ᠠ ᠨᠤᠲᠤᠭ ᠯᠠᠪᠲᠠᠢ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ  ᠣᠷᠣᠰᠢᠬᠤ ᠦᠯᠢᠭᠡᠷ ᠵᠢᠱᠢᠶ᠎ᠡ ᠪᠣᠯᠵᠤ ᠴᠢᠳᠠᠨ᠎ᠠ︾ ᠭᠡᠵᠦ ᠶᠣᠣ ᠰᠢᠤᠸᠠᠢ ᠯᠢᠩ ᠢᠯᠡᠳᠬᠡᠪᠡ᠃      ᠮᠠᠯ ᠪᠡᠯᠴᠢᠭᠡᠷ ᠢ ᠲᠡᠩᠴᠡᠭᠦᠷᠢᠰᠢᠭᠦᠯᠬᠦ ᠵᠠᠷᠴᠢᠮ ᠤᠨ ᠶᠣᠰᠣᠭᠠᠷ 5000 ᠮᠦ ᠪᠡᠯᠴᠢᠭᠡᠷ ᠲᠤ ᠵᠥᠪᠭᠡᠨ 120 ᠪᠤᠭ ᠮᠠᠯ ᠮᠠᠯᠵᠢᠵᠤ ᠪᠣᠯᠣᠨ᠎ᠠ᠃ ᠮᠠᠯ ᠤᠨ ᠲᠤᠭ᠎ᠠ ᠲᠣᠯᠣᠭᠠᠢ ᠶᠢ ᠴᠥᠭᠡᠳᠬᠡᠭᠰᠡᠨ ᠴᠸ ᠤᠷᠤᠯᠭ᠎ᠠ ᠪᠠᠭᠠᠰᠬᠤ ᠦᠭᠡᠢ ᠪᠠᠶᠢᠬᠤ ᠶᠢ ᠪᠠᠲᠤᠯᠠᠬᠤ ᠶᠢᠨ ᠲᠤᠯᠠᠳᠠ᠂ ᠤᠷᠠᠳ ᠤᠨ ᠳᠤᠮᠳᠠᠳᠤ ᠬᠤᠰᠢᠭᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠨᠤᠲᠤᠭ ᠪᠡᠯᠴᠢᠭᠡᠷ ᠤᠨ ᠳᠠᠭᠠᠭᠠᠴᠠ᠂ ᠮᠠᠯᠴᠢᠨ ᠡᠷᠦᠭᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠳᠠᠳᠬᠠᠯ ᠢ ᠦᠨᠳᠦᠰᠦᠯᠡᠨ᠂ ︽3 ᠵᠦᠢᠯ ᠤᠨ ᠵᠠᠭᠪᠤᠷ᠂ 10 ᠵᠦᠢᠯ ᠤᠨ ᠠᠷᠭ᠎ᠠ︾ ᠶᠢ ᠰᠦᠪᠡᠭᠴᠢᠯᠡᠵᠦ ᠭᠠᠷᠭᠠᠪᠠ᠃ 3 ᠵᠦᠢᠯ ᠤᠨ ᠵᠠᠭᠪᠤᠷ ᠭᠡᠳᠡᠭ ᠨᠢ ᠳᠠᠷᠤᠢ᠄ ᠬᠦᠢᠲᠡᠨ ᠤᠯᠠᠷᠢᠯ ᠳᠤ ᠣᠲᠣ ᠦᠶ᠎ᠡ ᠶᠢᠨ ᠨᠡᠭᠦᠳᠡᠯ ᠮᠠᠯᠵᠢᠯ ᠬᠢᠵᠦ ᠣᠨᠳᠣᠣ ᠭᠠᠵᠠᠷ ᠲᠤ ᠬᠠᠰᠢᠶᠠᠯᠠᠨ ᠲᠡᠵᠢᠭᠡᠨ᠎ᠡ᠂ ᠡᠷᠦᠭᠡ ᠬᠤᠯᠪᠤᠭᠠᠯᠠᠨ ᠣᠶᠤᠨᠴᠢ ᠮᠠᠯᠵᠢᠯ ᠤᠨ ᠲᠠᠯᠠᠪᠠᠢ ᠶᠢ ᠡᠵᠡᠩᠨᠡᠨ᠎ᠡ᠂ ᠤᠯᠠᠷᠢᠯ ᠤᠨ ᠴᠢᠨᠠᠷᠲᠠᠢ ᠲᠠᠯ᠎ᠠ ᠨᠤᠲᠤᠭ ᠤᠨ ᠮᠠᠯ ᠠᠵᠤ ᠠᠬᠤᠢ ᠶᠢ ᠬᠡᠷᠡᠭᠵᠢᠭᠦᠯᠦᠨ᠎ᠡ᠃ 10 ᠵᠦᠢᠯ ᠤᠨ ᠠᠷᠭ᠎ᠠ ᠭᠡᠳᠡᠭ ᠨᠢ ᠳᠠᠷᠤᠢ᠄ ᠲᠤᠬᠠᠢ ᠶᠢᠨ ᠭᠠᠵᠠᠷ ᠲᠤᠨᠢ ᠬᠠᠰᠢᠶᠠᠯᠠᠨ ᠲᠡᠵᠢᠭᠡᠬᠦ᠂ ᠲᠤᠬᠠᠢ ᠶᠢᠨ ᠭᠠᠵᠠᠷ ᠲᠤᠨᠢ ᠨᠠᠶᠢᠳᠠᠨ ᠲᠡᠵᠢᠭᠡᠯᠭᠡᠬᠦ᠂ ᠣᠨᠳᠣᠣ ᠭᠠᠵᠠᠷ ᠲᠤ ᠬᠠᠰᠢᠶᠠᠯᠠᠨ ᠲᠡᠵᠢᠭᠡᠬᠦ᠂ ᠬᠥᠮᠥᠨ ᠤ ᠬᠦᠴᠦ ᠪᠠᠷ ᠡᠪᠡᠰᠦ ᠲᠠᠷᠢᠬᠤ᠂ ᠡᠰᠢ ᠰᠦᠷᠡᠯ ᠢ ᠠᠰᠢᠭᠯᠠᠬᠤ᠂ ᠲᠡᠵᠢᠭᠡᠯ ᠡᠪᠡᠰᠦ ᠶᠢ ᠬᠠᠳᠠᠭᠠᠯᠠᠨ ᠲᠡᠭᠡᠭᠡᠪᠦᠷᠢᠯᠡᠬᠦ᠂ ᠰᠠᠶᠢᠨ ᠡᠭᠦᠯᠳᠡᠷ ᠢ ᠰᠢᠯᠢᠳᠡᠭᠵᠢᠭᠦᠯᠬᠦ᠂ ᠨᠠᠷᠢᠯᠢᠭ ᠡᠳ᠋ᠰᠢᠭᠦᠯᠬᠦ᠂ ᠲᠦᠷᠤᠯ ᠲᠡᠮᠳᠡᠭᠲᠦ ᠶᠢ ᠡᠵᠡᠩᠨᠡᠨ ᠪᠣᠷᠣᠯᠠᠭᠤᠯᠬᠤ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠵᠡᠷᠭᠡ ᠪᠣᠯᠣᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠵᠢᠭᠦᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃      ︽ᠮᠠᠨ ᠤ ᠬᠤᠰᠢᠭᠤ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠰᠤᠮᠤ ᠪᠠᠯᠭᠠᠰᠤᠨ ᠤ ᠵᠢᠯ ᠤᠨ ᠡᠴᠦᠰ ᠤᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠤᠭᠰᠠᠨ ᠪᠥᠭᠡᠳ ᠳᠠᠭᠠᠭᠠᠴᠠ ᠠᠴᠠ ᠬᠡᠲᠦᠷᠡᠭᠰᠡᠨ ᠨᠣᠷᠮ᠎ᠠ ᠶᠢ ᠬᠢᠨᠠᠨ ᠰᠢᠯᠭᠠᠵᠤ ᠦᠨᠡᠯᠡᠬᠦ ᠴᠢᠬᠤᠯᠠ ᠭᠦᠢᠴᠡᠳᠬᠡᠯ ᠲᠤᠭ᠎ᠠ ᠪᠤᠯᠭᠠᠵᠤ᠂ ᠱᠠᠲᠤ ᠳᠠᠷᠠᠭᠠᠯᠠᠨ ᠬᠤᠪᠢᠶᠠᠷᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠪᠠ᠃ ᠰᠢᠯᠭᠠᠨ ᠬᠢᠨᠠᠬᠤ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠪᠣᠳᠠᠲᠠᠢ ᠠᠵᠢᠯᠯᠠᠬᠤ ᠶᠢ ᠴᠢᠬᠤᠯᠠᠴᠢᠯᠠᠨ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠨᠠᠶᠢᠳᠠᠪᠤᠷᠢᠵᠢᠭᠤᠯᠤᠯᠲᠠ ᠪᠠᠷ ᠲᠣᠪᠣᠶᠢᠮ᠎ᠠ ᠦᠷ᠎ᠡ ᠪᠦᠲᠦᠮᠵᠢ ᠪᠦᠬᠦᠢ ᠰᠤᠮᠤ ᠪᠠᠯᠭᠠᠰᠤᠨ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢᠨ ᠲᠣᠬᠢᠷᠠᠭᠤᠯᠤᠯᠲᠠ ᠵᠡᠷᠭᠡ ᠲᠠᠯ᠎ᠠ ᠪᠠᠷ ᠬᠠᠷᠠᠭᠠᠯᠵᠠᠨ ᠲᠡᠳᠬᠦᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠨᠢᠭᠡᠴᠢ ᠪᠠ ᠬᠤᠪᠢ ᠬᠥᠮᠥᠨ ᠢ ᠱᠠᠩᠨᠠᠨ ᠬᠥᠬᠢᠭᠦᠯᠵᠦ᠂ ᠡᠯ᠎ᠡ ᠭᠠᠵᠠᠷ ᠣᠷᠣᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠪᠣᠯᠣᠨ᠎ᠠ︾ ᠭᠡᠵᠦ ᠤᠷᠠᠳ ᠤᠨ ᠳᠤᠮᠳᠠᠳᠤ ᠬᠤᠰᠢᠭᠤᠨ ᠤ ᠳᠡᠳ᠋ ᠳᠠᠷᠤᠭ᠎ᠠ ᠸᠠᠩ ᠶᠦᠨ ᠲᠠᠨᠢᠯᠴᠠᠭᠤᠯᠪᠠ᠃      ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠲᠥᠯᠥᠭᠡ᠂ ᠪᠠᠶᠠᠨᠨᠠᠭᠤᠷ ᠬᠤᠲᠠ ︽ᠪᠦᠭᠦ ᠬᠤᠲᠠ ᠶᠢᠨ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠰᠢᠢᠳᠪᠦᠷᠢᠯᠡᠬᠦ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠵᠤ᠂ 4 ᠬᠤᠯᠪᠣᠭᠳᠠᠯ ᠪᠦᠬᠦᠢ ᠮᠠᠯᠵᠢᠬᠤ ᠬᠤᠰᠢᠭᠤ ᠰᠢᠶᠠᠨ ᠪᠣᠯᠭᠠᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠰᠡᠯᠭᠦᠨ ᠮᠠᠯᠵᠢᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ 4 ᠠᠵᠢᠯ ᠤᠨ ᠲᠤᠰᠬᠠᠢ ᠠᠩᠭᠢ ᠪᠠᠶᠢᠭᠤᠯᠤᠨ᠂ ᠮᠠᠯᠵᠢᠬᠤ ᠬᠤᠰᠢᠭᠤ ᠰᠢᠶᠠᠨ ᠳᠤ ᠰᠠᠭᠤᠵᠤ ᠮᠠᠯ ᠤᠨᠤᠭ᠎ᠠ ᠶᠢᠨ ᠳᠠᠭᠠᠭᠠᠴᠠ ᠠᠴᠠ ᠬᠡᠲᠦᠷᠡᠭᠰᠡᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠰᠢᠯᠢᠳᠡᠭᠵᠢᠭᠦᠯᠦᠨ ᠲᠣᠬᠢᠷᠠᠭᠤᠯᠬᠤ᠂ ᠨᠤᠲᠤᠭ ᠪᠡᠯᠴᠢᠭᠡᠷ ᠤᠨ ᠲᠣᠣᠷ ᠱᠤᠭᠤᠮ ᠢ ᠢᠯᠭᠠᠨ ᠲᠣᠭᠲᠠᠭᠠᠬᠤ᠂ ᠬᠢᠨᠠᠨ ᠪᠠᠶᠢᠴᠠᠭᠠᠬᠤ ᠵᠡᠷᠭᠡ ᠠᠵᠢᠯ ᠢ ᠰᠢᠮᠳᠠᠭᠤᠯᠤᠨ ᠵᠢᠯᠤᠭᠤᠳᠴᠤ᠂ ᠨᠤᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠰᠢᠢᠳᠪᠦᠷᠢᠯᠡᠬᠦ ᠶᠢ ᠪᠦᠭᠦ ᠲᠠᠯ᠎ᠠ ᠪᠠᠷ ᠠᠬᠢᠭᠤᠯᠪᠠ᠃      ᠨᠤᠲᠤᠭ ᠪᠡᠯᠴᠢᠭᠡᠷ ᠤᠨ ᠡᠪᠡᠰᠦ ᠤᠷᠭᠤᠮᠠᠯ ᠨᠣᠭᠤᠭᠠᠷᠠᠬᠤ ᠬᠤᠭᠤᠴᠠᠭ᠎ᠠ ᠣᠶᠢᠷᠠᠲᠤᠬᠤ ᠶᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ 9.7 ᠳ᠋ᠦᠩᠰᠢᠭᠤᠷ ᠮᠦ ᠨᠤᠲᠤᠭ ᠪᠡᠯᠴᠢᠭᠡᠷ ᠵᠠᠯᠭᠠᠪᠡᠷ ᠰᠡᠯᠭᠦᠨ ᠮᠠᠯᠵᠢᠬᠤ ᠬᠤᠭᠤᠴᠠᠭᠠᠨ ᠳᠤ ᠣᠷᠣᠵᠤ᠂ ᠡᠭᠦᠨ ᠳᠤ 3.8 ᠳ᠋ᠦᠩᠰᠢᠭᠤᠷ ᠮᠦ ᠨᠤᠲᠤᠭ ᠪᠡᠯᠴᠢᠭᠡᠷ 5 ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠣᠷᠣᠵᠤ᠂ 5.9 ᠳ᠋ᠦᠩᠰᠢᠭᠤᠷ ᠮᠦ ᠨᠤᠲᠤᠭ ᠪᠡᠯᠴᠢᠭᠡᠷ ᠲᠤ 45 ᠡᠳᠦᠷ ᠠᠴᠠ ᠳᠤᠲᠠᠭᠤ ᠦᠭᠡᠢ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠳ᠋ᠦ᠋ ᠵᠧ ᠶᠢᠨ ᠲᠠᠨᠢᠯᠴᠠᠭᠤᠯᠬᠤ ᠪᠠᠷ᠂ ᠣᠳᠣᠬᠠᠨ ᠳᠤ ᠪᠦᠭᠦ ᠣᠷᠣᠨ ᠤ ᠡᠯ᠎ᠡ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠪᠣᠯᠣᠨ ᠭᠠᠴᠠᠭ᠎ᠠ ᠲᠣᠰᠬᠤᠨ ᠳᠤ ᠭᠤᠷᠪᠠᠨ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ 4735 ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠨᠥᠭᠡᠴᠡᠯᠡᠬᠦ ᠴᠢᠳᠠᠪᠤᠷᠢ 390 ᠲᠦᠮᠡᠨ ᠲᠤᠨ ᠳᠤ ᠬᠦᠷᠴᠦ᠂ ᠬᠠᠳᠤᠵᠤ ᠬᠤᠷᠢᠶᠠᠬᠤ ᠡᠪᠡᠰᠦ ᠪᠡᠯᠴᠢᠭᠡᠷ ᠤᠨ ᠶᠡᠷᠦᠩᠬᠡᠢ ᠭᠠᠷᠤᠯᠲᠠ 7543 ᠲᠦᠮᠡᠨ ᠲᠤᠨ ᠳᠤ ᠬᠦᠷᠴᠦ᠂ 1.4 ᠳ᠋ᠦᠩᠰᠢᠭᠤᠷ ᠲᠣᠯᠣᠭᠠᠢ ᠮᠠᠯ ᠤᠨᠤᠭ᠎ᠠ ᠶᠢᠨ ︽ᠢᠳᠡᠬᠦ ᠠᠰᠠᠭᠤᠳᠠᠯ︾  ᠢ ᠪᠦᠲᠦᠮᠵᠢᠲᠡᠢ ᠪᠠᠲᠤᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号